︽12·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠯᠤᠰ ᠠᠴᠠ ᠦᠪᠦᠷ ᠮᠤᠩᠭᠤᠯ ᠵᠡᠷᠭᠡ | ᠮᠤᠵᠢ ᠤᠷᠤᠨ ᠳᠤ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠪᠡ᠃ ︵ᠲᠤᠤᠷ᠎ᠠ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠭᠡᠵᠦ | ᠲᠦᠭᠦᠮᠴᠢᠯᠡᠨ᠎ᠠ︶ ᠮᠠᠨ ᠤ ᠤᠷᠤᠨ ᠠᠵᠢᠯ ᠤᠨ ᠠᠷᠭ᠎ᠠ ᠶᠢᠨ ᠰᠢᠨ᠎ᠠ ᠶᠢ ᠡᠭᠦᠳᠴᠦ᠂ ᠡᠯ᠎ᠠ ᠲᠦᠷᠦᠯ ᠤᠨ ᠨᠦᠬᠦᠪᠦᠷᠢ | ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠠᠴᠠ ᠨᠤᠳᠤᠭ | ᠪᠡᠯᠴᠢᠭᠡᠷ ᠤᠨ ᠠᠮᠢ ᠠᠬᠤᠢ ᠶᠢᠨ ᠰᠡᠷᠭᠦᠯᠳᠡ ᠶᠢᠨ ᠬᠤᠷᠳᠤᠴᠠ ᠢᠯᠡᠷᠭᠡᠢ ᠲᠦᠷᠭᠡᠳᠴᠦ᠂ ᠮᠠᠯᠴᠢᠳ ᠤᠨ ᠤᠷᠤᠯᠭ᠎ᠠ | ᠦᠷᠭᠦᠯᠵᠢᠯᠡᠨ ᠨᠡᠮᠡᠭᠳᠡᠨ᠂ ᠪᠡᠯᠴᠢᠭᠡᠷ ᠤᠨ ᠮᠠᠯ ᠠᠵᠤ ᠠᠬᠤᠢ ᠶᠢᠨ ᠡᠵᠡᠩᠨᠡᠯᠳᠡ ᠶᠢᠨ ᠠᠷᠭ᠎ᠠ ᠶᠢ ᠲᠦᠷᠭᠡᠳᠭᠡᠨ | ᠬᠤᠪᠢᠷᠠᠭᠤᠯᠬᠤ ᠬᠠᠷᠠᠯᠳᠠ ᠶᠢ ᠪᠡᠶᠡᠯᠡᠭᠦᠯᠪᠡ᠃ ᠨᠦᠬᠦᠪᠦᠷᠢ ᠪᠠ ᠱᠠᠩᠨᠠᠯ ᠤᠨ ᠦᠷ᠎ᠠ ᠪᠦᠳᠦᠮᠵᠢ ᠶᠢ ᠬᠢᠨᠠᠨ | ᠰᠢᠯᠭᠠᠷᠠᠭᠤᠯᠬᠤ ᠪᠠᠷ ᠲᠠᠮᠵᠢᠨ ᠦᠪᠦᠷ ᠮᠤᠩᠭᠤᠯ 5 ᠵᠢᠯ ᠲᠠᠷᠠᠭᠠᠯᠠᠨ ᠪᠦᠬᠦ ᠤᠯᠤᠰ ᠤᠨ ᠨᠢᠭᠡᠳᠦᠭᠡᠷ ᠲᠤ ᠵᠢᠭᠰᠠᠵᠤ᠂ | ᠪᠦᠬᠦ ᠤᠯᠤᠰ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠠᠷᠠᠯᠳᠠ ᠶᠢᠨ ᠤᠷᠤᠭᠰᠢᠳᠠᠢ | ᠪᠡᠶᠡᠯᠡᠭᠳᠡᠬᠦ᠂ ᠮᠠᠯᠵᠢᠬᠤ ᠤᠷᠤᠨ ᠤ ᠠᠮᠢ ᠠᠬᠤᠢ ᠶᠢᠨ ᠰᠡᠷᠭᠦᠯᠳᠡ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠬᠦᠭᠵᠢᠯᠳᠡ᠂ ᠮᠠᠯᠴᠢᠳ ᠤᠨ ᠠᠮᠢᠳᠤᠷᠠᠯ ᠤᠨ ᠰᠠᠶᠢᠵᠢᠷᠠᠯᠳᠠ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠨᠤᠳᠤᠭ | ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠠᠩᠬ᠎ᠠ | ᠠᠯᠬᠤᠮ ᠪᠠᠶᠢᠭᠤᠯᠵᠤ᠂ ᠨᠤᠳᠤᠭ ᠪᠡᠯᠴᠢᠭᠡᠷ ᠢ ᠰᠡᠷᠭᠦᠭᠡᠬᠦ ᠰᠢᠨ᠎ᠠ ᠴᠠᠭ ᠦᠶ᠎ᠠ ᠳᠤ ᠤᠷᠤᠭᠰᠠᠨ ᠪᠠᠶᠢᠨ᠎ᠠ᠃ ︽ | 13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠤᠯᠤᠰ ᠠᠴᠠ ᠰᠢᠨ᠎ᠠ ᠨᠢᠭᠡ ᠡᠭᠡᠯᠵᠢ ᠶᠢᠨ ᠨᠤᠳᠤᠭ | ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠤᠨ᠎ᠠ᠂ ᠡᠨᠡ ᠪᠤᠯ | ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠤᠯᠤᠰ ᠤᠨ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠪᠦᠬᠦ ᠲᠠᠯ᠎ᠠ ᠶᠢ ᠨᠢᠭᠡᠳᠦᠯᠳᠡᠢ ᠲᠦᠯᠦᠪᠯᠡᠨ ᠬᠢᠭᠰᠡᠨ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ᠎ᠠ᠂ ︽ᠰᠢᠨ᠎ᠠ ᠶᠢ ᠡᠭᠦᠳᠬᠦ᠂ ᠡᠶ᠎ᠡ ᠵᠤᠬᠢᠴᠠᠩᠭᠤᠢ᠂ ᠪᠤᠬᠢᠷᠳᠤᠯ ᠦᠭᠡᠢ᠂ | ᠨᠡᠭᠡᠭᠡᠯᠳᠡᠳᠦ᠂ ᠬᠠᠮᠳᠤᠪᠠᠷ ᠡᠳ᠋ᠯᠡᠬᠦ︾ ᠲᠠᠪᠤᠨ ᠶᠡᠭᠡ ᠬᠦᠭᠵᠢᠯᠳᠡ ᠶᠢᠨ ᠣᠨᠣᠯᠵᠢᠬᠤᠨ ᠢ ᠭᠦᠨᠵᠡᠭᠡᠢ ᠲᠤᠤᠱᠯᠠᠭᠤᠯᠵᠤ | ᠂ ᠬᠤᠳᠠ ᠬᠦᠳᠡᠭᠡ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠶᠢᠨ ᠪᠤᠳᠠᠳᠠᠢ ᠢᠯᠡᠷᠡᠯ᠂ | ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠢ ᠴᠢᠩᠭᠠᠳᠬᠠᠵᠤ᠂ ᠠᠮᠢ ᠠᠬᠤᠢ ᠶᠢᠨ ᠪᠤᠯᠪᠠᠰᠤᠨ ᠢ | ᠪᠠᠶᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠠ᠃ ᠬᠤᠶᠢᠰᠢᠳᠠ ᠶᠢᠨ 5 ᠵᠢᠯ ᠳᠤ᠂ ᠮᠠᠨ ᠤ ᠤᠷᠤᠨ ᠰᠢᠨ᠎ᠠ ᠨᠢᠭᠡ | ᠡᠭᠡᠯᠵᠢ ᠶᠢᠨ ᠨᠤᠳᠤᠭ ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠤᠳᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠰᠢᠨ᠎ᠠ ᠬᠠᠭᠤᠳᠠᠰᠤ ᠶᠢ ᠦᠷᠭᠦᠯᠵᠢᠯᠡᠨ | ᠪᠢᠴᠢᠭᠯᠡᠬᠦ ᠪᠤᠯᠤᠨ᠎ᠠ᠃ | ᠨᠢᠭᠡ᠂ ᠨᠢᠭᠡᠳᠦᠭᠡᠷ ᠡᠭᠡᠯᠵᠢ ᠶᠢᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠢᠯᠡᠷᠭᠡᠢ ᠠᠮᠵᠢᠯᠳᠠ | ᠤᠯᠪᠠ | ︽12·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠷᠤᠨ ᠨᠤᠳᠤᠭ ᠪᠡᠯᠴᠢᠭᠡᠷ ᠤᠨ | ᠨᠦᠬᠦᠪᠦᠷᠢ ᠪᠠ ᠱᠠᠩᠨᠠᠯ ᠤᠨ ᠪᠡᠯᠡ ᠮᠦᠩᠭᠦ ᠶᠢ 300 ᠳ᠋ᠦᠩᠰᠢᠭᠤᠷ ᠲᠦᠭᠦᠷᠢᠭ ᠪᠠᠭᠤᠯᠭᠠᠵᠤ᠂ ᠡᠭᠦᠨ ᠤ ᠲᠤᠳᠤᠷ᠎ᠠ | ᠤᠯᠤᠰ ᠠᠴᠠ 213 ᠳ᠋ᠦᠩᠰᠢᠭᠤᠷ ᠲᠦᠭᠦᠷᠢᠭ ᠪᠡᠯᠡ ᠤᠷᠤᠭᠤᠯᠵᠤ᠂ ᠦᠪᠡᠷᠳᠡᠭᠡᠨ ᠵᠠᠰᠠᠬᠤ ᠤᠷᠤᠨ ᠤ ᠡᠯ᠎ᠠ | ᠱᠠᠳᠤᠨ ᠤ ᠲᠦᠭᠦᠷᠵᠢᠭᠦᠯᠦᠭᠰᠡᠨ ᠪᠡᠯᠡ ᠮᠦᠩᠭᠦ 87 ᠳ᠋ᠦᠩᠰᠢᠭᠤᠷ ᠲᠦᠭᠦᠷᠢᠭ ᠲᠤ ᠬᠦᠷᠴᠦ᠂ ᠲᠠᠯ᠎ᠠ ᠨᠤᠳᠤᠭ | ᠮᠠᠯᠵᠢᠬᠤ ᠤᠷᠤᠨ ᠤ ᠪᠤᠳᠠᠳᠠᠢ ᠠᠴᠠ ᠡᠭᠦᠰᠬᠦ ᠶᠢ ᠪᠠᠷᠢᠮᠳᠠᠯᠠᠨ᠂ ᠡᠯ᠎ᠠ ᠲᠦᠷᠦᠯ ᠤᠨ ᠡᠭᠦᠷᠭᠡ ᠬᠠᠷᠠᠯᠳᠠ ᠪᠠᠨ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠵᠢᠬᠤ ᠤᠷᠤᠨ ᠤ ᠠᠮᠢ ᠠᠬᠤᠢ᠂ ᠮᠠᠯ ᠠᠵᠤ ᠠᠬᠤᠢ ᠶᠢᠨ ᠦᠢᠯᠡᠳᠪᠦᠷᠢᠯᠡᠯ | ᠪᠠ ᠮᠠᠯᠴᠢᠳ ᠤᠨ ᠠᠮᠢᠳᠤᠷᠠᠯ ᠤᠨ ᠰᠠᠶᠢᠵᠢᠷᠠᠯᠳᠠ ᠶᠢ ᠬᠦᠴᠦᠳᠡᠢ ᠠᠬᠢᠭᠤᠯᠤᠭᠰᠠᠨ ᠪᠠᠶᠢᠨ᠎ᠠ᠃ | ᠨᠢᠭᠡ ᠳᠤ᠂ ᠨᠤᠳᠤᠭ ᠪᠡᠯᠴᠢᠭᠡᠷ ᠤᠨ ᠠᠮᠢ ᠠᠬᠤᠢ ᠦᠳᠳᠡᠷ ᠲᠦᠷᠭᠡᠨ ᠰᠡᠷᠭᠦᠪᠡ᠃ ᠬᠢᠨᠠᠨ ᠬᠡᠮᠵᠢᠯᠳᠡ ᠶᠢ | ᠦᠨᠳᠦᠰᠦᠯᠡᠪᠡᠯ᠂ 2015 ᠣᠨ ᠳᠤ᠂ ᠦᠪᠡᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠲᠡᠭᠰᠢᠳᠭᠡᠭᠰᠡᠨ ᠬᠡᠮᠵᠢᠶ᠎ᠠ 44% ᠳᠤ ᠬᠦᠷᠴᠦ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠴᠠ | ᠡᠮᠦᠨᠡᠬᠢ ᠠᠴᠠ ᠵᠠᠭᠤᠨ ᠤ ᠬᠠᠷᠢᠴᠠᠯ ᠢᠶᠠᠷ 7 ᠬᠤᠪᠢ ᠲᠡᠭᠡᠭᠰᠢᠯᠡᠵᠦ᠂ ᠪᠠᠶᠢᠭᠠᠯᠢᠯᠢᠭ ᠨᠤᠳᠤᠭ ᠪᠡᠯᠴᠢᠭᠡᠷ ᠤᠨ ᠤᠯᠠᠨ | ᠨᠠᠰᠤᠲᠤ ᠤᠷᠭᠤᠮᠠᠯ ᠤᠨ ᠲᠦᠷᠦᠯ ᠵᠦᠢᠯ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠴᠠ ᠡᠮᠦᠨᠡᠬᠢ ᠲᠡᠭᠰᠢ | ᠲᠦᠷᠪᠡᠯᠵᠢᠨ ᠮᠧᠲᠷ ᠪᠦᠷᠢ ᠳᠤ 7 ᠲᠦᠷᠦᠯ ᠪᠠᠶᠢᠭᠰᠠᠨ ᠠᠴᠠ ᠪᠠᠨ ᠤᠳᠤ 12 ᠲᠦᠷᠦᠯ ᠪᠤᠯᠵᠤ ᠨᠡᠮᠡᠭᠳᠡᠨ᠂ | ᠨᠤᠳᠤᠭ ᠪᠡᠯᠴᠢᠭᠡᠷ ᠤᠨ ᠲᠠᠴᠢᠷᠰᠢᠭᠰᠠᠨ᠂ ᠡᠯᠡᠰᠦᠷᠭᠡᠭᠵᠢᠭᠰᠡᠨ᠂ ᠬᠤᠵᠢᠷᠰᠢᠭᠰᠠᠨ ᠲᠠᠯᠠᠪᠠᠢ 2010 | ᠣᠨ ᠤ ᠬᠢ ᠠᠴᠠ 671.3 ᠲᠦᠮᠡᠨ ᠮᠦ ᠬᠠᠰᠤᠭᠳᠠᠭᠰᠠᠨ ᠪᠠᠶᠢᠨ᠎ᠠ᠃ | ᠬᠤᠶᠠᠷ ᠲᠤ᠂ ᠪᠡᠯᠴᠢᠭᠡᠷ ᠤᠨ ᠮᠠᠯ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠲᠦᠷᠭᠡᠨ ᠬᠤᠪᠢᠷᠠᠪᠠ᠃ 5 | ᠵᠢᠯ ᠤᠨ ᠲᠤᠷᠰᠢ᠂ ᠡᠯ᠎ᠠ ᠭᠠᠵᠠᠷ ᠤᠷᠤᠨ ᠨᠤᠳᠤᠭ ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠪᠠᠷ ᠠᠵᠠ ᠲᠤᠬᠢᠶᠠᠯ ᠪᠤᠯᠭᠠᠵᠤ᠂ ᠬᠠᠮᠠᠭᠠᠯᠠᠬᠤ ᠶᠢᠨ ᠲᠠᠭᠠᠦ ᠬᠦᠭᠵᠢᠭᠦᠯᠬᠦ᠂ | ᠬᠦᠭᠵᠢᠭᠦᠯᠬᠦ ᠶᠢᠨ ᠲᠠᠭᠠᠦ ᠬᠠᠮᠠᠭᠠᠯᠠᠬᠤ ᠶᠢ ᠪᠠᠷᠢᠮᠳᠠᠯᠠᠵᠤ᠂ ᠲᠠᠷᠢᠮᠠᠯ ᠪᠡᠯᠴᠢᠭᠡᠷ ᠪᠠ ᠮᠠᠯ ᠤᠨ ᠬᠠᠰᠢᠶ᠎ᠠ ᠰᠠᠷᠠᠪᠴᠢ | ᠵᠡᠷᠭᠡ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂ ᠪᠡᠯᠴᠢᠭᠡᠷ ᠤᠨ ᠮᠠᠯ | ᠠᠵᠤ ᠠᠬᠤᠢ ᠶᠢ ᠪᠡᠯᠴᠢᠭᠡᠷᠯᠡᠭᠦᠯᠦᠨ ᠬᠠᠷᠢᠭᠤᠯᠵᠤ ᠪᠠᠶᠢᠭᠰᠠᠨ ᠠᠴᠠ ᠪᠠᠨ ᠬᠠᠰᠢᠶᠠᠯᠠᠨ ᠲᠡᠵᠢᠭᠡᠬᠦ᠂ ᠬᠠᠭᠠᠰ | ᠬᠠᠰᠢᠶᠠᠯᠠᠨ ᠲᠡᠵᠢᠭᠡᠬᠦ ᠪᠤᠯᠭᠠᠨ ᠬᠤᠪᠢᠷᠠᠬᠤ ᠶᠢ ᠠᠬᠢᠭᠤᠯᠵᠤ᠂ ᠪᠡᠯᠴᠢᠭᠡᠷ ᠤᠨ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠲᠤᠭᠳᠠᠭᠤᠨ ᠢᠶᠠᠷ ᠲᠡᠭᠡᠭᠰᠢᠯᠡᠵᠦ᠂ ᠪᠦᠬᠦ ᠤᠷᠤᠨ ᠤ ᠦᠭᠡᠷ | ᠬᠤᠨᠢᠨ ᠮᠢᠬᠠᠨ ᠤ ᠭᠠᠷᠤᠯᠳᠠ 140 ᠲᠦᠮᠡᠨ ᠲᠤᠨ᠂ ᠦᠨᠢᠶᠡᠨ ᠰᠦ ᠶᠢᠨ ᠭᠠᠷᠤᠯᠳᠠ 800 ᠲᠦᠮᠡᠨ ᠲᠤᠨ | ᠪᠠᠶᠢᠬᠤ ᠶᠢ ᠪᠠᠳᠤᠯᠠᠵᠤ᠂ ᠪᠦᠬᠦ ᠤᠯᠤᠰ ᠤᠨ ᠡᠮᠦᠨᠡᠭᠦᠷ ᠤᠷᠤᠭᠰᠠᠨ ᠪᠠᠶᠢᠨ᠎ᠠ᠃ | ᠭᠤᠷᠪᠠ ᠳᠤ᠂ ᠮᠠᠯᠴᠢᠳ ᠤᠨ ᠤᠷᠤᠯᠭ᠎ᠠ ᠦᠷᠭᠦᠯᠵᠢᠯᠡᠨ ᠲᠤᠭᠳᠠᠭᠤᠨ ᠢᠶᠠᠷ ᠨᠡᠮᠡᠭᠳᠡᠪᠡ᠃ ᠨᠦᠬᠦᠪᠦᠷᠢ ᠪᠠ | ᠱᠠᠩᠨᠠᠯ ᠤᠨ ᠲᠦᠷᠦ ᠶᠢᠨ ᠪᠤᠳᠤᠯᠭ᠎ᠠ ᠶᠢᠨ ᠬᠦᠴᠦᠯᠡᠬᠦ ᠴᠡᠭ ᠪᠤᠯ ᠨᠤᠳᠤᠭ ᠪᠡᠯᠴᠢᠭᠡᠷ ᠤᠨ ᠠᠮᠢ ᠠᠬᠤᠢ ᠶᠢ | ᠬᠠᠮᠠᠭᠠᠯᠠᠬᠤ᠂ ᠵᠤᠷᠢᠯᠳᠠ ᠪᠤᠯ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠶᠠᠪᠤᠳᠠᠯ ᠪᠤᠯᠤᠨ᠎ᠠ᠃ ᠡᠨᠡᠬᠦ ᠲᠦᠷᠦ ᠶᠢᠨ | ᠪᠤᠳᠤᠯᠭ᠎ᠠ ᠶᠢᠨ ᠪᠡᠯᠡ ᠮᠦᠩᠭᠦ ᠶᠢ ᠪᠦᠬᠦᠨ ᠢ ᠡᠷᠦᠭᠡ ᠳᠤ ᠰᠢᠭᠤᠳ ᠨᠦᠬᠦᠪᠦᠷᠢᠯᠡᠨ ᠦᠭᠴᠦ᠂ ᠲᠤᠬᠠᠢ ᠶᠢᠨ | ᠭᠠᠵᠠᠷ ᠤᠨ ᠮᠠᠯᠴᠢᠨ ᠲᠠᠷᠢᠶᠠᠴᠢᠨ ᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ ᠶᠢ ᠬᠦᠮᠦᠨ ᠲᠤᠮᠳᠠᠴᠢ ᠪᠠᠷ | 789 ᠲᠦᠭᠦᠷᠢᠭ ᠲᠡᠭᠡᠭᠰᠢᠯᠡᠭᠦᠯᠵᠦ᠂ ᠮᠠᠯᠴᠢᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠨᠢ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠴᠠ ᠡᠮᠦᠨᠡᠬᠢ ᠠᠴᠠ 6000 ᠭᠠᠷᠤᠢ ᠲᠦᠭᠦᠷᠢᠭ ᠨᠡᠮᠡᠭᠳᠡᠭᠰᠡᠨ ᠪᠠᠶᠢᠨ᠎ᠠ᠃ | | ᠬᠤᠶᠠᠷ᠂ ᠰᠢᠨ᠎ᠠ ᠨᠢᠭᠡ ᠡᠭᠡᠯᠵᠢ ᠶᠢᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢᠨ ᠴᠢᠬᠤᠯᠠ | ᠶᠡᠭᠡ ᠠᠴᠢ ᠬᠤᠯᠪᠤᠭᠳᠠᠯ | ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ | ᠡᠬᠢᠯᠡᠨ ᠬᠡᠷᠡᠭᠵᠢᠭᠦᠯᠦᠭᠰᠡᠨ ᠤ ᠳᠠᠷᠠᠭ᠎ᠠ᠂ ᠡᠨᠡ ᠵᠢᠯ ᠲᠦᠪ ᠤᠨ ᠡᠳ᠋ ᠤᠨ ᠵᠠᠰᠠᠭ ᠠᠴᠠ ᠮᠠᠨ ᠤ ᠤᠷᠤᠨ ᠳᠤ ᠨᠤᠳᠤᠭ | ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠮᠦᠩᠭᠦ 45.745 ᠳ᠋ᠦᠩᠰᠢᠭᠤᠷ ᠲᠦᠭᠦᠷᠢᠭ ᠲᠤᠬᠢᠷᠠᠭᠤᠯᠵᠤ᠂ | ᠲᠡᠭᠡᠷ᠎ᠠ ᠵᠢᠯ ᠤᠨ ᠬᠢ ᠠᠴᠠ 5.3 ᠳ᠋ᠦᠩᠰᠢᠭᠤᠷ ᠲᠦᠭᠦᠷᠢᠭ ᠨᠡᠮᠡᠭᠳᠡᠭᠰᠡᠨ ᠪᠠᠶᠢᠨ᠎ᠠ᠃ ᠡᠨᠡ ᠨᠢ ᠨᠠᠮ ᠤᠨ ᠲᠦᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠡᠷᠡᠰ | ᠪᠠᠳᠤ ᠢᠳᠡᠭᠡᠯ ᠵᠤᠷᠢᠭ ᠪᠤᠯᠤᠨ ᠦᠪᠦᠷ ᠮᠤᠩᠭᠤᠯ ᠤᠨ ᠦᠷᠭᠡᠨ ᠤᠯᠠᠨ ᠮᠠᠯᠴᠢᠳ ᠢ ᠲᠤᠳᠤᠨᠤ ᠪᠠᠷ ᠬᠠᠯᠠᠮᠵᠢᠯᠠᠵᠤ | ᠪᠠᠶᠢᠭ᠎ᠠ ᠶᠢ ᠭᠦᠢᠴᠡᠳ ᠬᠠᠷᠠᠭᠤᠯᠵᠤ ᠪᠤᠢ᠃ | ︵ᠨᠢᠭᠡ︶ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ | ᠪᠤᠳᠤᠯᠭ᠎ᠠ ᠶᠢ ᠰᠠᠶᠢᠳᠤᠷ ᠬᠡᠷᠡᠭᠵᠢᠭᠦᠯᠬᠦ ᠪᠤᠯ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ | ᠠᠬᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠠ᠃ ᠨᠤᠳᠤᠭ ᠪᠡᠯᠴᠢᠭᠡᠷ ᠨᠢ ᠮᠠᠨ ᠤ ᠤᠷᠤᠨ ᠤ ᠬᠠᠮᠤᠭ ᠤᠨ ᠶᠡᠭᠡ ᠡᠭᠡ | ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠪᠤᠯᠤᠭᠰᠠᠨ ᠤ ᠬᠤᠪᠢ ᠳᠤ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠭᠤᠤᠯ ᠪᠠᠬᠢᠯᠡᠯᠳᠡ ᠶᠢᠨ ᠭᠠᠵᠠᠷ ᠪᠤᠯᠤᠨ᠎ᠠ᠃ ᠰᠢᠨ᠎ᠠ ᠨᠢᠭᠡ ᠡᠭᠡᠯᠵᠢ ᠶᠢᠨ ᠨᠤᠳᠤᠭ | ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠤᠯ ᠨᠠᠮ ᠤᠨ ᠲᠦᠪ | ᠬᠤᠷᠢᠶ᠎ᠠ ᠶᠢᠨ ︽ᠲᠠᠪᠤ ᠶᠢ ᠨᠢᠭᠡ ᠴᠤᠭᠴᠠᠵᠢᠭᠤᠯᠬᠤ︾ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ | ᠨᠠᠶᠢᠳᠠᠪᠤᠷᠢᠵᠢᠭᠤᠯᠬᠤ᠂ ᠤᠮᠠᠷᠠᠳᠤ ᠶᠢᠨ ᠠᠮᠢ ᠠᠬᠤᠢ ᠶᠢᠨ ᠠᠮᠤᠷ ᠲᠦᠪᠰᠢᠨ ᠬᠠᠯᠬᠠᠪᠴᠢ ᠶᠢ ᠪᠠᠶᠢᠭᠤᠯᠬᠤ᠂ | ᠮᠠᠯᠵᠢᠬᠤ ᠤᠷᠤᠨ ᠤ ᠦᠷᠭᠦᠯᠵᠢᠯᠡᠨ ᠬᠦᠭᠵᠢᠯᠳᠡ ᠶᠢ ᠪᠡᠶᠡᠯᠡᠭᠦᠯᠬᠦ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠤᠯᠤᠨ᠎ᠠ᠂ | ᠨᠠᠮ ᠤᠨ ᠲᠦᠪ ᠬᠤᠷᠢᠶ᠎ᠠ ᠶᠢᠨ ᠮᠠᠯ ᠠᠵᠤ ᠠᠬᠤᠢ ᠶᠢ ᠬᠦᠴᠦᠷᠭᠡᠭᠵᠢᠭᠦᠯᠬᠦ ᠮᠠᠯᠴᠢᠳ ᠲᠤ ᠠᠰᠢᠭ ᠬᠦᠷᠳᠡᠭᠡᠬᠦ | ᠮᠠᠯᠴᠢᠳ ᠢ ᠪᠠᠶᠠᠵᠢᠭᠤᠯᠬᠤ ᠲᠦᠷᠦ ᠶᠢᠨ ᠪᠤᠳᠤᠯᠭ᠎ᠠ ᠲᠠᠯ᠎ᠠ ᠨᠤᠳᠤᠬ ᠢ ᠤᠮᠳᠠᠯᠠᠵᠤ᠂ ᠮᠠᠯᠴᠢᠤᠨ ᠢ ᠨᠡᠶᠢᠳᠡᠮ | ᠬᠠᠷᠠᠭᠠᠯᠵᠠᠵᠤ ᠪᠠᠶᠢᠭ᠎ᠠ ᠶᠢᠨ ᠢᠯᠡᠷᠡᠯ ᠪᠤᠯᠤᠨ᠎ᠠ᠃ | ︵ᠬᠤᠶᠠᠷ︶ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ | ᠪᠤᠳᠤᠯᠭ᠎ᠠ ᠶᠢ ᠰᠠᠶᠢᠳᠤᠷ ᠬᠡᠷᠡᠭᠵᠢᠭᠦᠯᠬᠦ ᠪᠤᠯ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠢᠯᠡᠯᠳᠡ ᠶᠢ ᠤᠯᠬᠤ᠂ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ᠂ ᠬᠢᠯᠢ ᠬᠢᠵᠠᠭᠠᠷ ᠤᠨ ᠲᠤᠭᠳᠠᠭᠤᠨ ᠢ | ᠪᠠᠳᠤᠯᠠᠬᠤ ᠬᠦᠴᠦᠨ ᠪᠦᠬᠦᠢ ᠲᠤᠯᠭᠠᠭᠤᠷᠢ ᠪᠤᠯᠤᠨ᠎ᠠ᠃ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ | ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠨᠢ ᠴᠦᠬᠡᠨ ᠲᠤᠭᠠᠳᠤ | ᠦᠨᠳᠦᠰᠦᠳᠡᠨ ᠤ ᠮᠠᠯᠴᠢᠳ ᠲᠤ ᠨᠠᠮ ᠤᠨ ᠲᠦᠪ ᠬᠤᠷᠢᠶ᠎ᠠ ᠶᠢᠨ ᠬᠠᠯᠠᠮᠵᠢᠯᠠᠯ ᠪᠠ ᠬᠦᠨᠳᠦᠳᠭᠡᠯ ᠢ ᠦᠷᠭᠦᠯᠵᠢᠯᠡᠨ | ᠬᠦᠷᠳᠡᠭᠡᠵᠦ᠂ ᠬᠢᠯᠢ ᠬᠢᠵᠠᠭᠠᠷ ᠤᠷᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠶᠠᠳᠠᠭᠤ ᠠᠴᠠ ᠠᠩᠭᠢᠵᠢᠷᠠᠬᠤ | ᠠᠯᠬᠤᠴᠠ ᠶᠢ ᠲᠦᠷᠭᠡᠳᠭᠡᠨ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ | ᠰᠠᠶᠢᠵᠢᠷᠠᠭᠤᠯᠵᠤ᠂ ᠦᠨᠳᠦᠰᠦᠳᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠤᠭᠳᠠᠭᠤᠨ ᠢ ᠬᠠᠮᠠᠭᠠᠯᠠᠬᠤ ᠳᠤ | ᠠᠰᠢᠭᠳᠠᠢ᠃ | ︵ᠭᠤᠷᠪᠠ︶ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ | ᠪᠤᠳᠤᠯᠭ᠎ᠠ ᠶᠢ ᠰᠠᠶᠢᠳᠤᠷ ᠬᠡᠷᠡᠭᠵᠢᠭᠦᠯᠬᠦ ᠪᠤᠯ ᠨᠢᠭᠡᠳᠦᠭᠡᠷ ᠡᠭᠡᠯᠵᠢ ᠶᠢᠨ ᠦᠷ᠎ᠠ ᠪᠦᠳᠦᠭᠡᠯ ᠢᠶᠠᠨ ᠪᠠᠳᠤᠳᠬᠠᠵᠤ᠂ ᠮᠠᠯ | ᠠᠵᠤ ᠠᠬᠤᠢ ᠶᠢᠨ ᠬᠦᠭᠵᠢᠯᠳᠡ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠲᠤᠯᠭᠠᠮ᠎ᠠ ᠱᠠᠭᠠᠷᠳᠠᠯᠭ᠎ᠠ ᠪᠤᠯᠤᠨ᠎ᠠ᠃ | ᠤᠳᠤᠬᠠᠨ ᠳᠤ ᠮᠠᠨ ᠤ ᠤᠷᠤᠨ ᠤ ᠨᠤᠳᠤᠭ ᠪᠡᠯᠴᠢᠭᠡᠷ ᠤᠨ ᠲᠠᠴᠢᠷᠰᠢᠯ ᠤᠨ ᠬᠠᠨᠳᠤᠰᠢ ᠪᠦᠬᠦ᠋ᠢᠯᠡ ᠴᠤᠭᠴᠠ ᠪᠠᠷ | ᠬᠤᠷᠢᠠᠠᠯᠠᠭᠳᠠᠭᠰᠠᠨ ᠴᠦ ᠨᠤᠳᠤᠭ ᠪᠡᠯᠴᠢᠭᠡᠷ ᠤᠨ ᠠᠮᠢ ᠠᠬᠤᠢ ᠮᠦᠨᠬᠦ ᠮᠠᠰᠢ ᠬᠡᠪᠡᠷᠡᠭ ᠪᠠᠶᠢᠭᠰᠠᠭᠠᠷ᠂ ᠬᠠᠮᠠᠭᠠᠯᠠᠵᠤ | ᠪᠦᠳᠦᠭᠡᠨ ᠪᠠᠶᠢᠭᠤᠯᠬᠤ ᠪᠠᠶᠢᠳᠠᠯ ᠬᠦᠨᠳᠦ ᠨᠤᠴᠢᠳᠠᠢ ᠪᠠᠶᠢᠭᠰᠠᠭᠠᠷ᠃ ᠰᠢᠨ᠎ᠠ ᠨᠢᠭᠡ ᠡᠭᠡᠯᠵᠢ ᠶᠢᠨ ᠨᠤᠳᠤᠭ | ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠵᠢᠭᠦᠯᠬᠦ ᠨᠢ ᠮᠠᠯᠴᠢᠳ ᠤᠨ | ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠡᠯᠴᠢᠭᠡᠷ ᠤᠨ ᠮᠠᠯ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠦᠷᠭᠦᠯᠵᠢᠯᠡᠨ ᠠᠬᠢᠭᠤᠯᠵᠤ᠂ ᠨᠢᠭᠡᠳᠦᠭᠡᠷ | ᠡᠭᠡᠯᠵᠢ ᠶᠢᠨ ᠲᠦᠷᠦ ᠶᠢᠨ ᠪᠤᠳᠤᠯᠭ᠎ᠠ ᠶᠢᠨ ᠦᠷ᠎ᠠ ᠪᠦᠳᠦᠮᠵᠢ ᠶᠢ ᠪᠠᠳᠤᠳᠬᠠᠨ᠂ ᠮᠠᠯᠵᠢᠬᠤ ᠤᠷᠤᠨ ᠤ ᠠᠵᠤ ᠠᠬᠤᠢ | ᠨᠡᠶᠢᠭᠡᠮ ᠤᠨ ᠬᠦᠭᠵᠢᠯᠳᠡ ᠶᠢ ᠲᠦᠷᠭᠡᠳᠭᠡᠬᠦ ᠳᠤ ᠮᠠᠰᠢ ᠴᠢᠬᠤᠯᠠ ᠦᠢᠯᠡᠳᠦᠯ ᠲᠠᠢ᠃ | ᠭᠤᠷᠪᠠ᠂ ︽ᠲᠦᠷᠪᠡ ᠶᠢ ᠤᠷᠤᠨ ᠪᠠᠶᠢᠷᠢ ᠳᠤᠨᠢ ᠬᠦᠷᠭᠡᠬᠦ︾ ᠶᠢ ᠰᠠᠶᠢᠳᠤᠷ ᠠᠳᠬᠤᠵᠤ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠪᠠᠳᠤᠯᠠᠨ᠎ᠠ | ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠳᠤ | ᠂ ᠤᠯᠤᠰ ᠠᠴᠠ ᠮᠠᠨ ᠤ ᠤᠷᠤᠨ ᠳᠤ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠤᠯᠠᠬᠤ ᠨᠡᠶᠢᠳᠡ 10.2 ᠳ᠋ᠦᠩᠰᠢᠭᠤᠷ ᠮᠦ ᠶᠢᠨ ᠡᠭᠦᠷᠭᠡ ᠲᠤᠭᠳᠠᠭᠠᠭᠰᠠᠨ ᠪᠠᠶᠢᠨ᠎ᠠ᠂ ᠡᠭᠦᠨ ᠤ ᠲᠤᠳᠤᠷ᠎ᠠ | ᠪᠡᠯᠴᠢᠭᠡᠷᠯᠡᠭᠦᠯᠬᠦ ᠶᠢ ᠵᠤᠭᠰᠤᠭᠠᠬᠤ ᠨᠦᠬᠦᠪᠦᠷᠢ ᠦᠭᠭᠦ ᠨᠢ 4.049 ᠳ᠋ᠦᠩᠰᠢᠭᠤᠷ ᠮᠦ᠂ ᠮᠠᠯ ᠪᠡᠯᠴᠢᠭᠡᠷ ᠤᠨ | ᠲᠡᠩᠴᠡᠭᠦᠷᠢ ᠶᠢ ᠪᠠᠳᠤᠯᠠᠬᠤ ᠱᠠᠩᠨᠠᠯ ᠤᠯᠭᠤᠬᠤ ᠨᠢ 6.151 ᠳ᠋ᠦᠩᠰᠢᠭᠤᠷ ᠮᠦ ᠪᠤᠯᠤᠨ᠎ᠠ᠃ ᠲᠦᠷᠦ ᠶᠢᠨ | ᠪᠤᠳᠤᠯᠭ᠎ᠠ ᠶᠢᠨ ᠠᠭᠤᠯᠭ᠎ᠠ ᠤᠤᠯ ᠤᠨ 5 ᠲᠦᠷᠦᠯ ᠠᠴᠠ ᠪᠠᠨ ᠬᠠᠰᠤᠭᠳᠠᠭᠠᠳ 3 ᠲᠦᠷᠦᠯ ᠪᠤᠯᠵᠤ᠂ | ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠦᠬᠦᠪᠦᠷᠢ ᠪᠠ ᠲᠠᠷᠢᠮᠠᠯ ᠪᠡᠯᠴᠢᠭᠡᠷ ᠤᠨ ᠡᠪᠡᠰᠦᠨ ᠤ | ᠰᠢᠯᠢᠳᠡᠭ ᠦᠷ᠎ᠠ ᠶᠢᠨ ᠨᠦᠬᠦᠪᠦᠷᠢ ᠶᠢ ᠦᠭᠡᠶᠢᠰᠭᠡᠭᠰᠡᠨ ᠪᠠᠶᠢᠨ᠎ᠠ᠃ ᠭᠡᠳᠡᠯ᠎ᠠ ᠪᠡᠯᠴᠢᠭᠡᠷᠯᠡᠭᠦᠯᠬᠦ ᠶᠢ ᠵᠤᠭᠰᠤᠭᠠᠬᠤ | ᠨᠦᠬᠦᠪᠦᠷᠢ ᠶᠢᠨ ᠪᠠᠷᠢᠮᠵᠢᠶ᠎ᠠ ᠨᠢ ᠤᠤᠯ ᠤᠨ ᠮᠦ ᠪᠦᠷᠢ ᠵᠢᠯ ᠤᠨ 6 ᠲᠦᠭᠦᠷᠢᠭ ᠪᠠᠶᠢᠭᠰᠠᠨ ᠢ ᠲᠡᠭᠡᠭᠰᠢᠯᠡᠭᠦᠯᠦᠭᠡᠳ ᠮᠦ | ᠪᠦᠷᠢ ᠵᠢᠯ ᠤᠨ 7.5 ᠲᠦᠭᠦᠷᠢᠭ ᠪᠤᠯᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠬᠠᠤ ᠱᠠᠩᠨᠠᠯ ᠤᠨ | ᠪᠠᠷᠢᠮᠵᠢᠶ᠎ᠠ ᠨᠢ ᠮᠦ ᠪᠦᠷᠢ ᠵᠢᠯ ᠤᠨ 1.5 ᠲᠦᠭᠦᠷᠢᠭ ᠪᠠᠶᠢᠭᠰᠠᠨ ᠢ ᠲᠡᠭᠡᠭᠰᠢᠯᠡᠭᠦᠯᠦᠭᠡᠳ ᠮᠦ ᠪᠦᠷᠢ ᠵᠢᠯ ᠤᠨ 2.5 | ᠲᠦᠭᠦᠷᠢᠭ ᠪᠤᠯᠭᠠᠭᠰᠠᠨ ᠪᠠᠶᠢᠨ᠎ᠠ᠃ | ᠨᠢᠭᠡᠳᠦᠭᠡᠷ ᠲᠤ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠪᠠᠷᠢᠮᠳᠠᠯᠠᠵᠤ᠂ ᠲᠠᠨᠢᠯᠳᠠ ᠪᠠᠨ | ᠲᠡᠭᠡᠭᠰᠢᠯᠡᠭᠦᠯᠬᠦ ᠶᠢ ᠪᠠᠳᠤᠯᠠᠨ᠎ᠠ᠃ ᠰᠢᠨ᠎ᠠ ᠡᠭᠡᠯᠵᠢ ᠶᠢᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢᠨ | ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠭᠤᠷᠪᠠ ᠶᠢ ᠪᠠᠳᠤᠯᠠᠵᠤ ᠨᠢᠭᠡ ᠶᠢ ᠲᠡᠭᠦᠯᠳᠡᠷᠵᠢᠭᠦᠯᠬᠦ︾ ᠲᠠᠷᠤᠢ ᠠᠮᠢ | ᠠᠬᠤᠢ ᠶᠢ ᠪᠠᠳᠤᠯᠠᠬᠤ᠂ ᠤᠷᠤᠯᠭ᠎ᠠ ᠶᠢ ᠪᠠᠳᠤᠯᠠᠬᠤ᠂ ᠲᠤᠭᠳᠠᠭᠤᠨ ᠢ ᠪᠠᠳᠤᠯᠠᠬᠤ ᠱᠠᠭᠠᠷᠳᠠᠯᠭ᠎ᠠ ᠶᠤᠰᠤᠭᠠᠷ᠂ ᠠᠮᠢ | ᠠᠬᠤᠢ ᠶᠢᠨ ᠬᠠᠮᠠᠭᠠᠯᠠᠯᠳᠠ ᠶᠢᠨ ᠡᠷᠴᠢᠮ ᠢ ᠰᠤᠯᠠᠷᠠᠭᠤᠯᠬᠤ ᠦᠭᠡᠢ ᠪᠠᠶᠢᠬᠤ᠂ ᠮᠠᠯᠴᠢᠳ ᠲᠤ ᠨᠦᠬᠦᠪᠦᠷᠢ ᠪᠠ ᠱᠠᠩᠨᠠᠯ | ᠦᠭᠬᠦ ᠬᠡᠮᠵᠢᠶ᠎ᠡ ᠶᠢ ᠪᠠᠭᠤᠷᠠᠭᠤᠯᠬᠤ ᠦᠭᠡᠢ ᠪᠠᠶᠢᠬᠤ ᠶᠢ ᠪᠠᠳᠤᠯᠠᠨ᠎ᠠ᠃ ᠲᠠᠪᠤᠨ ᠦᠨᠳᠦᠰᠦᠨ ᠵᠠᠷᠴᠢᠮ ᠢ ᠪᠠᠷᠢᠮᠳᠠᠯᠠᠨ᠎ᠠ᠃ | ᠨᠢᠭᠡ ᠳᠤ᠂ ᠲᠦᠷᠦ ᠶᠢᠨ ᠪᠤᠳᠤᠯᠭ᠎ᠠ ᠶᠢᠨ ᠲᠤᠭᠳᠠᠭᠤᠨ ᠢ ᠪᠠᠷᠢᠮᠳᠠᠯᠠᠵᠤ᠂ ᠦᠷᠭᠦᠯᠵᠢᠯᠡᠨ ᠠᠬᠢᠭᠤᠯᠬᠤ ᠵᠠᠷᠴᠢᠮ︔ | ᠬᠤᠶᠠᠷ ᠲᠤ᠂ ᠢᠯᠡ ᠲᠤᠳᠤᠷᠬᠠᠢ ᠪᠠᠶᠢᠬᠤ ᠶᠢ ᠪᠠᠷᠢᠮᠳᠠᠯᠠᠵᠤ᠂ ᠨᠦᠬᠦᠪᠦᠷᠢ ᠪᠠ ᠱᠠᠩᠨᠠᠯ ᠢ ᠡᠷᠦᠭᠡ ᠳᠤ ᠤᠷᠤᠭᠤᠯᠬᠤ | ᠵᠠᠷᠴᠢᠮ︔ ᠭᠤᠷᠪᠠ ᠳᠤ᠂ ᠭᠠᠵᠠᠷ ᠤᠷᠤᠨ ᠤ ᠪᠠᠶᠢᠳᠠᠯ ᠳᠤ ᠲᠤᠬᠢᠷᠠᠭᠤᠯᠬᠤ ᠶᠢ ᠪᠠᠷᠢᠮᠳᠠᠯᠠᠵᠤ᠂ ᠦᠨᠡᠨ ᠠᠴᠠ ᠵᠦᠪ ᠢ | ᠡᠷᠢᠬᠦ ᠵᠠᠷᠴᠢᠮ︔ ᠲᠦᠷᠪᠡ ᠳᠤ᠂ ᠨᠤᠳᠤᠭ ᠪᠡᠯᠴᠢᠭᠡᠷ ᠤᠨ ᠨᠦᠬᠦᠪᠦᠷᠢ ᠦᠭᠴᠦ ᠱᠠᠩᠨᠠᠬᠤ ᠬᠢᠭᠡᠳ ᠶᠠᠳᠠᠭᠤ ᠶᠢ | ᠲᠡᠳᠭᠦᠵᠦ ᠪᠤᠭᠤᠮᠳᠠ ᠰᠢᠪᠳᠤᠯᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ︔ ᠲᠠᠪᠤ ᠳᠤ᠂ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠬᠢᠭᠡᠳ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠶᠢ ᠬᠠᠷᠢᠯᠴᠠᠨ | ᠤᠶᠠᠯᠳᠤᠭᠤᠯᠬᠤ ᠵᠠᠷᠴᠢᠮ ᠶᠤᠰᠤᠭᠠᠷ ᠪᠡᠯᠡ ᠮᠦᠩᠭᠦ ᠶᠢᠨ ᠬᠤᠪᠢᠶᠠᠷᠢᠯᠠᠯᠳᠠ ᠶᠢᠨ ᠲᠠᠯ᠎ᠠ ᠪᠠᠷ ︽ᠬᠠᠳᠠᠭᠠᠯᠠᠭᠳᠠᠴᠠ ᠶᠢ | ᠪᠠᠳᠤᠯᠠᠵᠤ᠂ ᠨᠡᠮᠡᠭᠳᠡᠯ ᠢ ᠠᠮᠢᠳᠤᠯᠢᠠᠠᠵᠢᠭᠤᠯᠬᠤ︾ ᠶᠢ ᠪᠡᠶᠡᠯᠡᠭᠦᠯᠦᠨ᠎ᠠ᠃ | ᠬᠤᠶᠠᠳᠤᠭᠠᠷ ᠲᠤ᠂ ᠬᠡᠷᠡᠭᠵᠢᠭᠦᠯᠬᠦ ᠲᠦᠰᠦᠯ ᠲᠤᠭᠳᠠᠭᠠᠵᠤ᠂ ᠨᠠᠶᠢᠳᠠᠪᠤᠷᠢᠵᠢᠭᠤᠯᠤᠯᠳᠠ ᠶᠢ ᠤᠷᠤᠨ | ᠪᠠᠶᠢᠷᠢ ᠳᠤᠨᠢ ᠬᠦᠷᠭᠡᠬᠦ ᠶᠢ ᠪᠠᠳᠤᠯᠠᠨ᠎ᠠ᠃ ᠡᠯ᠎ᠠ ᠭᠠᠵᠠᠷ ᠤᠷᠤᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠵᠢᠯᠤᠭᠤᠳᠬᠤ ᠦᠵᠡᠯ ᠰᠠᠨᠠᠭ᠎ᠠ︾ ᠶᠢᠨ ᠱᠠᠭᠠᠷᠳᠠᠯᠭ᠎ᠠ ᠶᠤᠰᠤᠭᠠᠷ᠂ ᠲᠤᠰ ᠭᠠᠵᠠᠷ | ᠤᠷᠤᠨ ᠤ ᠪᠠᠨ ᠬᠡᠷᠡᠭᠵᠢᠭᠦᠯᠬᠦ ᠲᠦᠰᠦᠯ ᠢ ᠨᠠᠷᠢᠨ ᠬᠢᠨᠠᠮᠠᠭᠠᠢ ᠨᠠᠶᠢᠷᠠᠭᠤᠯᠤᠨ ᠵᠤᠬᠢᠶᠠᠵᠤ᠂ ᠡᠯ᠎ᠠ ᠲᠦᠷᠦᠯ ᠤᠨ | ᠲᠦᠷᠦ ᠶᠢᠨ ᠪᠤᠳᠤᠯᠭ᠎ᠠ ᠲᠦᠷᠢᠮ ᠲᠤᠭᠳᠠᠭᠠᠯ ᠢ ᠨᠠᠶᠢᠳᠠᠪᠤᠷᠢᠵᠢᠭᠤᠯᠬᠤ ᠠᠷᠭ᠎ᠠ ᠶᠢ ᠨᠠᠷᠢᠯᠢᠠᠠᠵᠢᠭᠤᠯᠵᠤ᠂ ᠲᠦᠷᠦ ᠶᠢᠨ | ᠪᠤᠳᠤᠯᠭ᠎ᠠ ᠶᠢ ᠬᠢᠨᠠᠨ ᠬᠠᠮᠢᠶᠠᠷᠬᠤ ᠪᠦᠳᠦᠮᠵᠢᠳᠡᠢ ᠠᠷᠭ᠎ᠠ ᠲᠤᠭᠳᠠᠭᠠᠵᠤ᠂ ᠤᠷᠤᠨ ᠪᠠᠶᠢᠷᠢ ᠳᠤᠨᠢ ᠬᠦᠷᠳᠡᠯ᠎ᠠ | ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ | ︵ᠨᠢᠭᠡ︶ ᠵᠠᠰᠠᠭ ᠢ ᠴᠤᠮᠬᠠᠳᠬᠠᠵᠤ ᠡᠷᠭᠡ ᠶᠢ ᠲᠠᠯᠪᠢᠨ᠎ᠠ᠃ ᠡᠭᠦᠷᠭᠡ᠂ ᠪᠡᠯᠡ ᠮᠦᠩᠭᠦ᠂ ᠠᠷᠭ᠎ᠠ᠂ ᠬᠠᠷᠠᠯᠳᠠ | ᠂ ᠬᠠᠷᠢᠭᠤᠴᠠᠯᠭ᠎ᠠ ︽ᠲᠠᠪᠤ ᠶᠢ ᠠᠶᠢᠮᠠᠭ ᠬᠤᠳᠠ᠂ ᠬᠤᠰᠢᠭᠤ ᠰᠢᠶᠠᠨ ᠳᠤ ᠬᠦᠷᠭᠡᠬᠦ︾ ᠵᠠᠷᠴᠢᠮ ᠢ ᠦᠷᠭᠦᠯᠵᠢᠯᠡᠨ | ᠬᠡᠷᠡᠭᠵᠢᠭᠦᠯᠵᠦ᠂ ᠬᠤᠰᠢᠭᠤ ᠰᠢᠶᠠᠨ ᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠭᠤᠤᠯ ᠴᠤᠭᠴᠠ ᠪᠠ | ᠬᠠᠷᠢᠭᠤᠴᠠᠯᠭ᠎ᠠ ᠶᠢᠨ ᠭᠤᠤᠯ ᠴᠤᠭᠴᠠ ᠪᠤᠯᠭᠠᠬᠤ ᠶᠢ ᠲᠤᠳᠤᠷᠬᠠᠢᠢᠯᠠᠨ᠎ᠠ᠃ | ︵ᠬᠤᠶᠠᠷ︶ ᠲᠡᠭᠡᠷ᠎ᠠ ᠵᠠᠬ᠎ᠠ ᠪᠠ ᠰᠠᠭᠤᠷᠢ ᠶᠢ ᠪᠠᠳᠤᠯᠠᠬᠤ ᠠᠷᠭ᠎ᠠ ᠠᠪᠴᠤ᠂ ᠮᠠᠯᠴᠢᠨ ᠲᠠᠷᠢᠶᠠᠴᠢᠳ ᠤᠨ | ᠲᠡᠩᠴᠡᠭᠦᠷᠢᠳᠡᠢ ᠠᠰᠢᠭ ᠬᠦᠷᠳᠡᠬᠦ ᠶᠢ ᠪᠠᠳᠤᠯᠠᠨ᠂ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠲᠠᠢ | ᠤᠶᠠᠯᠳᠤᠭᠤᠯᠤᠨ᠎ᠠ᠃ ᠨᠦᠬᠦᠪᠦᠷᠢ ᠪᠠ ᠱᠠᠩᠨᠠᠯ ᠤᠨ ᠪᠡᠯᠡ ᠮᠦᠩᠭᠦ ᠶᠢ ᠶᠠᠳᠠᠭᠤ ᠬᠦᠴᠢᠷᠳᠡᠯᠳᠡᠢ ᠭᠠᠵᠠᠷ ᠤᠷᠤᠨ ᠵᠦᠭ | ᠬᠡᠯᠪᠠᠶᠢᠯᠭᠡᠵᠦ᠂ ᠰᠠᠭᠤᠷᠢ ᠶᠢ ᠪᠠᠳᠤᠯᠠᠬᠤ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠮᠠᠯᠴᠢᠳ ᠢ ᠶᠠᠳᠠᠭᠤ ᠠᠴᠠ | ᠠᠩᠭᠢᠵᠢᠷᠠᠭᠤᠯᠬᠤ ᠱᠤᠭᠤᠮ ᠡᠴᠡᠦᠨᠳᠦᠷ ᠪᠠᠶᠢᠯᠭᠠᠬᠤ ᠶᠢ ᠪᠠᠳᠤᠯᠠᠨ᠎ᠠ᠃ | ︵ᠭᠤᠷᠪᠠ︶ ᠲᠤᠰᠬᠠᠢ ᠬᠠᠮᠢᠶᠠᠷᠤᠭᠴᠢ ᠶᠢᠨ ᠲᠦᠷᠢᠮ ᠢ ᠬᠡᠷᠡᠭᠵᠢᠭᠦᠯᠤᠨ᠎ᠠ᠃ ︽ᠬᠠᠮᠢᠶᠠᠷᠴᠤ ᠬᠠᠮᠠᠭᠠᠯᠠᠬᠤ | ᠠᠷᠭ᠎ᠠ︾᠂ ᠨᠦᠬᠦᠪᠦᠷᠢ ᠵᠠᠷᠤᠳᠠᠯ ᠮᠦᠩᠭᠦ ᠶᠢ ᠬᠤᠰᠢᠭᠤ ᠰᠢᠶᠠᠨ ᠳᠤ ᠪᠠᠭᠤᠯᠭᠠᠵᠤ᠂ ᠨᠤᠳᠤᠭ ᠪᠡᠯᠴᠢᠭᠡᠷ ᠢ | ᠬᠠᠮᠢᠶᠠᠷᠴᠤ ᠬᠠᠮᠠᠭᠠᠯᠠᠬᠤ ᠨᠡᠩ ᠠᠮᠢᠵᠢᠷᠠᠯ ᠤᠨ ᠬᠦᠴᠦᠨ ᠲᠠᠢ ᠲᠤᠭᠳᠠᠴᠠ ᠶᠢ ᠪᠠᠶᠢᠭᠤᠯᠵᠤ᠂ ᠨᠤᠳᠤᠭ ᠪᠡᠯᠴᠢᠭᠡᠷ ᠤᠨ | ᠲᠤᠰᠬᠠᠢ ᠲᠤᠰᠢᠶᠠᠯᠳᠤ ᠬᠠᠮᠢᠶᠠᠷᠤᠭᠴᠢ ᠡᠯᠰᠡᠬᠦ ᠳᠡᠭᠡᠨ ᠲᠠᠩᠰᠠᠨ ᠳᠤ ᠪᠠᠶᠢᠭ᠎ᠠ ᠶᠠᠳᠠᠭᠤ ᠬᠦᠴᠢᠷᠳᠡᠯᠳᠡᠢ ᠡᠷᠦᠭᠡ ᠶᠢ | ᠡᠩ ᠲᠦᠷᠦᠭᠦᠨ ᠳᠤ ᠪᠤᠳᠤᠯᠬᠢᠯᠠᠨ᠎ᠠ᠃ | ︵ᠲᠦᠷᠪᠡ︶ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ | ᠲᠦᠷᠢᠮ ᠢ ᠴᠢᠩᠭᠠᠳᠬᠠᠨ᠎ᠠ᠃ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠪᠠ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠤᠯᠠᠬᠤ ᠤᠷᠤᠨ ᠢ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠢᠯᠭᠠᠨ ᠲᠤᠭᠳᠠᠭᠠᠵᠤ᠂ ᠪᠡᠯᠴᠢᠭᠡᠷᠯᠡᠭᠦᠯᠬᠦ ᠶᠢ | ᠵᠤᠭᠰᠤᠭᠠᠬᠤ ᠤᠷᠤᠨ ᠳᠤ ᠪᠡᠯᠴᠢᠭᠡᠷᠯᠡᠭᠦᠯᠬᠦ ᠶᠢ ᠵᠤᠭᠰᠤᠭᠠᠬᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ | ᠮᠠᠯ ᠬᠠᠷᠢᠭᠤᠯᠵᠤ ᠠᠰᠢᠠᠠᠯᠠᠭᠤᠯᠬᠤ ᠦᠭᠡᠢ᠃ ᠪᠡᠯᠴᠢᠭᠡᠷᠯᠡᠭᠦᠯᠬᠦ ᠶᠢ ᠵᠤᠭᠰᠤᠭᠠᠬᠤ ᠨᠢᠭᠡ ᠦᠶᠡᠯᠡᠯ ᠢ 5 ᠵᠢᠯ ᠢᠶᠠᠷ | ᠪᠤᠳᠤᠨ᠎ᠠ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠳᠤ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠤᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠡᠮᠵᠢᠶ᠎ᠠ ᠠᠴᠠ ᠬᠡᠳᠦᠷᠡᠳᠡᠯ᠎ᠠ ᠮᠠᠯᠵᠢᠭᠤᠯᠬᠤ ᠦᠭᠡᠢ᠃ | ᠭᠤᠷᠪᠠᠳᠤᠭᠠᠷ ᠲᠤ᠂ ᠠᠵᠢᠯ ᠤᠨ ᠰᠠᠭᠤᠷᠢ ᠶᠢ ᠪᠠᠳᠤᠳᠬᠠᠵᠤ᠂ ᠰᠠᠶᠢᠳᠤᠷ ᠬᠢᠨᠠᠨ ᠬᠠᠮᠢᠶᠠᠷᠤᠯᠳᠠ ᠬᠢᠬᠦ ᠶᠢ | ᠪᠠᠳᠤᠯᠠᠨ᠎ᠠ᠃ ᠨᠤᠳᠤᠭ ᠪᠡᠯᠴᠢᠭᠡᠷ ᠤᠨ ᠨᠦᠬᠦᠪᠦᠷᠢ ᠪᠠ ᠱᠠᠩᠨᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ | ᠪᠠᠷᠢᠮᠳᠠ ᠶᠢ ᠤᠷᠤᠭᠤᠯᠬᠤ ᠪᠠ ᠬᠠᠮᠢᠶᠠᠷᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠰᠢᠰᠲ᠋ᠧᠮ ᠤᠨ | ᠲᠤᠭ᠎ᠠ ᠪᠠᠷᠢᠮᠳᠠ ᠪᠠᠷ ᠪᠡᠯᠡ ᠮᠦᠩᠭᠦ ᠪᠠᠭᠤᠯᠭᠠᠬᠤ᠂ ᠬᠢᠨᠠᠯᠳᠠ ᠲᠠᠯᠪᠢᠵᠤ ᠪᠠᠶᠢᠴᠠᠭᠠᠬᠤ ᠪᠠ ᠦᠷ᠎ᠠ ᠪᠦᠳᠦᠮᠵᠢ ᠶᠢ | ᠦᠨᠡᠯᠡᠬᠦ ᠴᠢᠬᠤᠯᠠ ᠪᠠᠷᠢᠮᠳᠠ ᠪᠤᠯᠭᠠᠨ᠎ᠠ᠃ ᠱᠠᠳᠤᠴᠢ ᠴᠢᠨᠠᠷᠳᠠᠢ ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ | ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠡᠭᠦᠷᠭᠡ ᠬᠠᠷᠢᠭᠤᠴᠠᠯᠭ᠎ᠠ ᠭᠦᠢᠴᠡᠳᠭᠡᠵᠦ ᠪᠠᠶᠢᠭ᠎ᠠ ᠪᠠᠶᠢᠳᠠᠯ ᠬᠢᠭᠡᠳ | ᠨᠦᠬᠦᠪᠦᠷᠢ ᠪᠠ ᠱᠠᠩᠨᠠᠯ ᠤᠨ ᠪᠡᠯᠡ ᠮᠦᠩᠭᠦ ᠪᠠᠭᠤᠯᠭᠠᠬᠤ ᠲᠠᠢ ᠬᠠᠷᠢᠯᠴᠠᠨ ᠤᠶᠡᠯᠳᠤᠭᠤᠯᠵᠤ᠂ ᠰᠢᠯᠢᠳᠡᠭ ᠢ ᠨᠢ | ᠱᠠᠩᠨᠠᠵᠤ ᠰᠢᠭᠠᠷᠤ ᠶᠢ ᠨᠢ ᠲᠤᠷᠭᠠᠨ᠎ᠠ᠃ | ᠲᠦᠷᠪᠡᠳᠦᠭᠡᠷ ᠲᠤ᠂ ᠦᠷ᠎ᠠ ᠪᠦᠳᠦᠮᠵᠢ ᠶᠢ ᠦᠨᠡᠯᠡᠬᠦ ᠶᠢ ᠴᠢᠩᠭᠠᠳᠬᠠᠵᠤ᠂ ᠰᠠᠶᠢᠳᠤᠷ ᠤᠷᠮᠠᠰᠢᠭᠤᠯᠤᠨ | ᠵᠤᠷᠢᠠᠠᠵᠢᠭᠤᠯᠬᠤ ᠶᠢ ᠪᠠᠳᠤᠯᠠᠨ᠎ᠠ᠃ ᠦᠷ᠎ᠠ ᠪᠦᠳᠦᠮᠵᠢ ᠶᠢ ᠦᠨᠡᠯᠡᠬᠦ ᠶᠢ ᠴᠢᠩᠭᠠᠳᠬᠠᠵᠤ᠂ ᠪᠡᠯᠡ ᠮᠦᠩᠭᠦ ᠪᠠᠭᠤᠯᠭᠠᠬᠤ | ᠂ ᠠᠮᠢ ᠠᠬᠤᠢ ᠶᠢ ᠰᠡᠷᠭᠦᠭᠡᠬᠦ ᠵᠢᠴᠢ ᠬᠢᠨᠠᠯᠳᠠ ᠲᠠᠯᠪᠢᠵᠤ ᠬᠠᠮᠢᠶᠠᠷᠬᠤ ᠪᠠᠷ ᠭᠤᠤᠯ ᠬᠢᠨᠠᠨ ᠰᠢᠯᠭᠠᠬᠤ ᠵᠢᠭᠠᠯᠳᠠ | ᠲᠤᠭ᠎ᠠ ᠪᠤᠯᠭᠠᠵᠤ᠂ ᠠᠵᠢᠯ ᠨᠢ ᠲᠤᠪᠤᠶᠢᠮ᠎ᠠ᠂ ᠦᠷ᠎ᠠ ᠪᠦᠳᠦᠮᠵᠢ ᠢᠯᠡᠷᠭᠡᠢ ᠭᠠᠵᠠᠷ ᠤᠷᠤᠨ ᠢ ᠪᠡᠯᠡ ᠮᠦᠩᠭᠦ ᠪᠠᠷ | ᠱᠠᠩᠨᠠᠨ᠎ᠠ᠃ ᠦᠷ᠎ᠠ ᠪᠦᠳᠦᠮᠵᠢ ᠶᠢ ᠦᠨᠡᠯᠡᠬᠦ ᠵᠤᠬᠢᠶᠠᠨ ᠪᠠᠶᠢᠭᠤᠯᠤᠯᠳᠠ ᠶᠢᠨ ᠬᠡᠯᠪᠡᠷᠢ᠂ ᠬᠢᠨᠠᠨ ᠰᠢᠯᠭᠠᠬᠤ ᠠᠷᠭ᠎ᠠ ᠪᠠ | ᠵᠢᠭᠠᠯᠳᠠ ᠲᠤᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠠ᠃ ᠦᠷ᠎ᠠ ᠪᠦᠳᠦᠮᠵᠢ ᠶᠢ ᠦᠨᠡᠯᠡᠵᠦ | ᠱᠠᠩᠨᠠᠬᠤ ᠪᠡᠯᠡ ᠮᠦᠩᠭᠦ ᠶᠢ ᠰᠠᠶᠢᠳᠤᠷ ᠠᠰᠢᠠᠠᠯᠠᠵᠤ᠂ ᠪᠡᠯᠴᠢᠭᠡᠷ ᠤᠨ ᠦᠢᠯᠡᠰ ᠤᠨ ᠲᠤᠷᠰᠢᠯᠳᠠ ᠶᠢᠨ ᠴᠢᠭ᠋ ᠤᠨ | ᠬᠠᠮᠢᠶ᠎ᠠ ᠪᠦᠬᠦᠢ ᠠᠵᠢᠯ ᠢ ᠰᠠᠶᠢᠳᠤᠷ ᠬᠢᠨ᠎ᠠ᠃ | | |