ᠲᠦᠷᠦᠬᠦᠦ ᠨᠠᠢᠮᠠᠨ ᠰᠠᠷ᠎ᠠ ᠳᠤ ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠲᠣᠭᠲᠠᠭᠤᠨ ᠨᠡᠮᠡᠭᠳᠡᠬᠦ ᠪᠠᠶᠢᠳᠠᠯ ᠲᠠᠢ ᠪᠤᠯᠪᠠ
ᠨᠡᠶᠢᠲᠡᠯᠡᠭᠰᠡᠨ ᠴᠠᠭ᠄
2016/9/27
      1—8 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ᠂ ᠪᠣᠷᠣᠯᠠᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠳᠤᠰ ᠳᠤᠰ 987.2 ᠲᠦᠮᠡᠨ ᠲᠡᠭᠰᠢ ᠳᠥᠷᠪᠡᠯᠵᠢᠨ ᠮᠧᠲᠷ ᠪᠠ 430.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 14.0% ᠪᠠ 7.4%᠎ ᠪᠠᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠳᠤᠯᠤᠭᠠᠨ ᠰᠠᠷ᠎ᠠ ᠶᠢᠨ ᠬᠢ ᠠᠴᠠ 2.6 ᠪᠠ 2.9 ᠵᠠᠭᠤᠨ ᠤ ᠴᠡᠭ ᠪᠠᠭᠤᠷᠠᠵᠠᠶ᠃ ᠡᠨᠡ ᠵᠢᠯ ᠠᠴᠠ ᠨᠠᠰᠢ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠦᠯᠦᠭᠡᠨ ᠳᠤᠤᠷ᠎ᠠ᠂ ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠲᠠᠢ ᠪᠤᠯᠤᠭᠰᠠᠨ ᠤ ᠬᠠᠮᠲᠤ ᠤᠯᠠᠨ ᠤᠳᠠᠭ᠎ᠠ ᠬᠤᠶᠠᠷ ᠣᠷᠣᠨᠲᠤ ᠲᠤᠭᠠᠨ ᠤ ᠳᠡᠭᠡᠳᠦ ᠬᠤᠷᠳᠤᠴᠠ ᠲᠠᠢ ᠨᠡᠮᠡᠭᠳᠡᠪᠡ᠃ ᠡᠭᠦᠨ ᠳᠤ᠂  ᠪᠣᠷᠣᠯᠠᠭᠤᠯᠤᠭᠰᠠᠨ ᠲᠠᠯᠠᠪᠠᠶ ᠨᠢ ᠠᠳᠠᠯᠢ ᠬᠤᠭᠤᠴᠠᠭᠠᠨ ᠤ ᠨᠡᠮᠡᠭᠳᠡᠯ ᠤᠨ ᠬᠡᠮᠵᠢᠶ᠎ᠡ ᠪᠠᠷ ᠬᠠᠮᠤᠭ ᠥᠨᠳᠥᠷ ᠨᠢ ᠲᠦᠷᠦᠭᠦᠦ ᠲᠦᠷᠪᠡᠨ ᠰᠠᠷ᠎ᠠ ᠳᠤ 18%᠎ ᠳᠤ ᠬᠦᠷᠪᠡ᠃ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠲᠦᠷᠦᠭᠦᠦ ᠳᠤᠯᠤᠭᠠᠨ ᠰᠠᠷ᠎ᠠ ᠳᠤ᠂ ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ ᠨᠢ 811.0 ᠲᠦᠮᠡᠨ ᠲᠡᠭᠰᠢ ᠳᠥᠷᠪᠡᠯᠵᠢᠨ ᠮᠧᠲᠷ᠂ ᠪᠣᠷᠣᠯᠠᠭᠤᠯᠤᠯᠲᠠ ᠶᠢᠨ ᠲᠤᠭ᠎ᠠ ᠨᠢ 349.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 16.6% ᠪᠠ 10.3%᠎ ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠲᠠᠢ ᠠᠳᠠᠯᠢᠳᠬᠠᠪᠠᠯ ᠲᠤᠰ ᠲᠤᠰ 0.4 ᠪᠠ 1.5 ᠵᠠᠭᠤᠨ ᠤ ᠴᠡᠭ ᠪᠠᠭᠤᠷᠠᠵᠤ᠂ ᠠᠳᠠᠯᠢ ᠬᠤᠭᠤᠴᠠᠭᠠᠨ ᠤ ᠲᠠᠸᠠᠷ ᠤᠨ ᠭᠡᠷ ᠪᠠᠶᠢᠰᠢᠩ ᠤᠨ ᠪᠠᠷᠢᠯᠭ᠎ᠠ ᠶᠢᠨ ᠬᠡᠪᠴᠢᠶ᠎ᠡ ᠢᠯᠡᠳᠲᠡ ᠠᠪᠴᠢᠬᠤ ᠬᠠᠨᠳᠤᠰᠢ ᠲᠠᠢ ᠪᠤᠯᠪᠠ᠃ ᠡᠨᠡ ᠵᠢᠯ ᠤᠨ 7 ᠳ᠋ᠤᠭᠠᠷ ᠰᠠᠷ᠎ᠠ ᠶᠢᠨ ᠡᠴᠦᠰ ᠪᠤᠯᠬᠤ ᠳᠤ᠂ ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠢ ᠪᠣᠷᠣᠯᠠᠭᠤᠯᠬᠤ ᠪᠠᠷ ᠪᠠᠶᠢᠭ᠎ᠠ ᠲᠠᠯᠠᠪᠠᠶ ᠨᠢ 1439.69 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠳᠡᠭᠡᠷ᠎ᠡ ᠨᠢᠭᠡ ᠬᠤᠭᠤᠴᠠᠭᠠᠨ ᠤ ᠬᠢ ᠠᠴᠠ 8.49 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠵᠤ᠂ ᠠᠳᠠᠯᠢ ᠬᠤᠭᠤᠴᠠᠭᠠᠨ ᠤ ᠬᠢ ᠠᠴᠠ 139.74 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠵᠤ᠂ 10.8%᠎ ᠪᠠᠷ ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号