ᠥᠪᠥᠷ ᠮᠣᠩᠭᠤᠯ ᠤᠨ ᠴᠠᠭ ᠠᠭᠤᠷ ᠤᠨ ᠦᠷᠲᠡᠭᠡ ᠶᠢᠨ ᠵᠢᠱᠢᠬᠦ ᠪᠠᠷ᠂ ᠢᠷᠡᠬᠦ 3 ᠡᠳᠦᠷ ᠲᠤ᠂ ᠪᠦᠬᠦ | ᠣᠷᠣᠨ ᠳᠤ ᠪᠠᠷᠠᠭᠤᠨ ᠠᠴᠠ ᠵᠡᠭᠦᠨᠰᠢ ᠨᠢᠭᠡᠨ ᠤᠳᠠᠭ᠎ᠠ ᠪᠣᠷᠣᠭᠠᠨ ᠤᠷᠤᠵᠤ ᠳᠤᠯᠠᠭᠠᠨ ᠤ ᠬᠡᠮᠵᠢᠶ᠎ᠡ ᠪᠠᠭᠤᠷᠠᠵᠤ᠂ | ᠤᠮᠠᠷᠠᠲᠤ ᠶᠢᠨ ᠭᠠᠵᠠᠷ ᠤᠷᠤᠨ ᠳᠤ ᠬᠢᠷᠠᠭᠤ ᠤᠨᠠᠨ᠎ᠠ᠃ ᠪᠦᠬᠦ ᠣᠷᠣᠨ ᠤ ᠶᠡᠬᠡᠩᠬᠢ ᠬᠡᠰᠡᠭ ᠲᠤ ᠪᠠᠭ᠎ᠠ ᠪᠣᠷᠣᠭᠠᠨ | ᠲᠠᠢ᠂ ᠳᠤᠮᠳᠠ ᠵᠡᠭᠦᠨ ᠬᠡᠰᠡᠭ ᠲᠤ ᠳᠤᠮᠳᠠ ᠵᠡᠷᠭᠡ ᠶᠢᠨ ᠪᠣᠷᠣᠭᠠᠨ ᠤᠷᠤᠵᠤ᠂ ᠶᠡᠷᠦᠩᠬᠡᠢ ᠲᠤᠨᠳᠠᠰᠤᠨ ᠤ | ᠬᠡᠮᠵᠢᠶ᠎ᠡ ᠨᠢ 10 ~ 24.9 ᠮᠢᠯᠢᠮᠧᠲᠷ ᠬᠦᠷᠦᠨ᠎ᠡ᠂ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠬᠡᠰᠡᠭ᠂ | ᠲᠦᠩᠯᠢᠶᠣᠤ ᠬᠤᠲᠠ ᠶᠢᠨ ᠪᠠᠷᠠᠭᠤᠨ ᠬᠤᠶᠢᠲᠤ ᠬᠡᠰᠡᠭ᠂ ᠬᠢᠩᠭᠠᠨ ᠠᠶᠢᠮᠠᠭ ᠤᠨ ᠳᠤᠮᠳᠠᠳᠤ ᠡᠮᠦᠨᠡᠲᠦ ᠬᠡᠰᠡᠭ ᠲᠤ | ᠶᠡᠭᠡ ᠪᠣᠷᠣᠭᠠᠨ ᠣᠷᠣᠵᠤ᠂ ᠶᠡᠷᠦᠩᠬᠡᠢ ᠲᠤᠨᠳᠠᠰᠤᠨ ᠤ ᠬᠡᠮᠵᠢᠶ᠎ᠡ ᠨᠢ 25 ~ 49.9 ᠮᠢᠯᠢᠮᠧᠲᠷ ᠬᠦᠷᠦᠨ᠎ᠡ᠃ | ᠤᠷᠳᠤᠰ ᠬᠤᠳᠠ᠂ ᠪᠤᠭᠤᠲᠤ ᠬᠤᠳᠠ᠂ ᠬᠥᠬᠡᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ᠂ | ᠤᠯᠠᠭᠠᠨᠬᠠᠳᠠ ᠬᠤᠲᠠ ᠶᠢᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠬᠤᠶᠢᠲᠤ ᠬᠡᠰᠡᠭ᠂ ᠬᠢᠩᠭᠠᠨ | ᠠᠶᠢᠮᠠᠭ ᠤᠨ ᠡᠮᠦᠨᠡᠲᠦ ᠬᠡᠰᠡᠭ ᠢᠶᠠᠷ ᠣᠬᠤᠷᠬᠠᠨ ᠴᠠᠭ ᠤᠨ ᠠᠶᠤᠩᠭ᠎ᠠ ᠴᠠᠬᠢᠯᠭᠠᠨ ᠳᠣᠭᠰᠢᠨ ᠰᠠᠯᠬᠢ ᠵᠡᠷᠭᠡ ᠰᠣᠯᠢᠭ | ᠤᠷᠤᠰᠬᠠᠯᠲᠤ ᠠᠭᠤᠷ ᠠᠮᠢᠰᠬᠤᠯ ᠡᠭᠦᠰᠴᠦ᠂ ᠭᠤᠣᠯ ᠲᠠᠷᠢᠶᠠᠯᠠᠬᠤ ᠣᠷᠣᠨ ᠤ ᠡᠷᠳᠡᠨᠢ ᠰᠢᠰᠢ᠂ ᠲᠥᠮᠥᠰᠥ ᠵᠡᠷᠭᠡ | ᠲᠠᠷᠢᠮᠠᠯ ᠢ ᠶᠡᠭᠡ ᠬᠡᠪᠴᠢᠶ᠎ᠡ ᠪᠠᠷ ᠬᠤᠷᠢᠶᠠᠬᠤ ᠵᠥᠭᠡᠭᠡᠪᠦᠷᠢᠯᠡᠬᠦ ᠪᠠ ᠨᠢᠭᠡᠨᠲᠡ ᠬᠤᠷᠢᠶᠠᠭᠰᠠᠨ ᠪᠤᠭᠤᠳᠠᠢ ᠪᠠᠨ ᠴᠠᠭ | ᠲᠤᠬᠠᠶ ᠳᠤᠨᠢ ᠳᠡᠯᠭᠡᠨ ᠬᠠᠲᠠᠭᠠᠬᠤ ᠳᠤ ᠠᠰᠢᠭ ᠦᠭᠡᠢ ᠪᠠᠶᠢᠵᠤ ᠮᠡᠳᠡᠨ᠎ᠡ︔ ᠪᠣᠷᠤᠭᠠᠨ ᠤ ᠳᠠᠷᠠᠭ᠎ᠠ ᠪᠦᠬᠦ ᠣᠷᠣᠨ ᠤ | ᠶᠡᠬᠡᠩᠬᠢ ᠬᠡᠰᠡᠭ ᠲᠤ ᠠᠭᠠᠷ ᠤᠨ ᠳᠤᠯᠠᠭᠠᠨ 4 ~ 6 ℃ ᠳᠣᠷᠤᠭᠰᠢᠯᠠᠵᠤ᠂ ᠳᠤᠮᠳᠠ ᠬᠡᠰᠡᠭ ᠤᠨ ᠬᠤᠶᠢᠲᠤ | ᠪᠡᠶ᠎ᠡ ᠶᠢᠨ ᠠᠭᠠᠷ ᠤᠨ ᠳᠤᠯᠠᠭᠠᠨ 8 ~ 10 ℃ ᠳᠣᠷᠣᠭᠰᠢᠯᠠᠬᠤ ᠪᠣᠯᠤᠨ᠎ᠠ︔ ᠪᠠᠷᠠᠭᠤᠨ ᠬᠡᠰᠡᠭ ᠤᠨ ᠵᠡᠭᠦᠨ | ᠬᠤᠶᠢᠲᠤ ᠪᠡᠶ᠎ᠡ᠂ ᠳᠤᠮᠳᠠ ᠵᠡᠭᠦᠨ ᠬᠡᠰᠡᠭ ᠤᠨ ᠬᠤᠶᠢᠲᠤ ᠪᠡᠶ᠎ᠡ ᠳᠤ ᠬᠠᠮᠤᠭ ᠤᠨ ᠳᠣᠣᠷ᠎ᠠ ᠠᠭᠠᠷ ᠤᠨ ᠳᠤᠯᠠᠭᠠᠨ | 4℃ ᠪᠤᠶᠤ ᠲᠡᠭᠦᠨ ᠠᠴᠠ ᠳᠣᠷᠣᠭᠰᠢ ᠪᠣᠯᠵᠤ᠂ ᠬᠢᠷᠠᠭᠤ ᠤᠨᠠᠨ ᠬᠥᠯᠳᠡᠬᠦ ᠪᠣᠯᠤᠨ᠎ᠠ᠃ ᠳᠡᠭᠡᠷ᠎ᠡ ᠳᠤᠷᠠᠳᠤᠭᠰᠠᠨ | ᠬᠢᠷᠠᠭᠤ ᠤᠨᠠᠬᠤ ᠭᠠᠵᠠᠷ ᠣᠷᠣᠨ ᠤ ᠨᠠᠮᠤᠷ ᠤᠨ ᠬᠤᠷᠢᠶᠠᠯᠲᠠ ᠶᠢᠨ ᠭᠤᠣᠯ ᠲᠠᠷᠢᠮᠠᠯ ᠨᠢ ᠦᠨᠳᠦᠰᠦᠨ ᠳᠡᠭᠡᠨ | ᠪᠣᠯᠪᠠᠰᠤᠷᠠᠵᠠᠢ᠂ ᠤᠨᠠᠯᠲᠠ ᠳᠤ ᠲᠡᠶᠢᠮᠦ ᠶᠡᠭᠡ ᠨᠦᠯᠦᠭᠡ ᠦᠭᠡᠢ᠂ ᠲᠥᠮᠥᠰᠥ ᠬᠤᠷᠢᠶᠠᠬᠤ ᠪᠠ ᠬᠠᠳᠠᠭᠠᠯᠠᠵᠤ | ᠵᠥᠭᠡᠭᠡᠪᠦᠷᠢᠯᠡᠬᠦ ᠠᠵᠢᠯ ᠳᠤ ᠪᠠᠭ᠎ᠠ ᠰᠠᠭ᠎ᠠ ᠠᠰᠢᠭ ᠦᠭᠡᠢ ᠨᠥᠯᠥᠭᠡ ᠦᠵᠡᠭᠦᠯᠬᠦ ᠪᠣᠯᠤᠨ᠎ᠠ᠃ |