ᠥᠪᠥᠷ ᠮᠣᠩᠭᠤᠯ ᠤᠨ ᠤᠯᠠᠨ ᠵᠦᠢᠯ ᠤᠨ ᠡᠨᠧᠷᠭᠢ ᠶᠢ ᠬᠠᠷᠢᠯᠴᠠᠨ ᠨᠥᠬᠦᠪᠦᠷᠢᠯᠡᠬᠦ ᠵᠢᠱᠢᠶ᠎ᠡ ᠦᠵᠡᠭᠦᠯᠬᠦ 14 ᠲᠥᠷᠥᠯ ᠵᠦᠢᠯ ᠢ ᠤᠯᠤᠰ ᠲᠤ ᠬᠢᠨᠠᠨ ᠲᠣᠭᠲᠠᠭ᠋ᠬᠤ ᠪᠠᠷ ᠭᠤᠶᠤᠴᠢᠯᠠᠪᠠ
ᠨᠡᠶᠢᠲᠡᠯᠡᠭᠰᠡᠨ ᠴᠠᠭ᠄
2016/9/27
      ᠤᠯᠤᠰ ᠤᠨ ᠡᠨᠧᠷᠭᠢ ᠶᠢᠨ ᠲᠣᠪᠴᠢᠶ᠎ᠠ ᠶᠢᠨ ︽ᠤᠯᠠᠨ ᠵᠦᠢᠯ ᠤᠨ ᠡᠨᠧᠷᠭᠢ ᠶᠢ ᠬᠠᠷᠢᠯᠴᠠᠨ ᠨᠥᠬᠦᠪᠦᠷᠢᠯᠡᠬᠦ ᠬᠤᠷᠠᠮᠠᠯ ᠰᠢᠯᠢᠳᠡᠭᠵᠢᠭᠦᠯᠦᠯ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠭᠤᠶᠤᠴᠢᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠨᠡᠭᠡᠭᠡᠯᠳᠡ ᠶᠢᠨ ᠲᠣᠪᠴᠢᠶ᠎ᠠ ᠣᠷᠴᠢᠮᠬᠠᠨ ᠤᠯᠤᠰ ᠤᠨ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠤᠯᠠᠨ ᠵᠦᠢᠯ ᠤᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠬᠤᠷᠠᠮᠠᠯ ᠤᠨ ᠰᠢᠯᠢᠳᠡᠭᠵᠢᠭᠦᠯᠦᠯ ᠤᠨ ᠵᠢᠱᠢᠶ᠎ᠡ ᠦᠵᠡᠭᠦᠯᠬᠦ 14 ᠲᠥᠷᠥᠯ ᠵᠦᠢᠯ ᠢ ᠤᠯᠤᠰ ᠤᠨ ᠡᠨᠧᠷᠭᠢ ᠶᠢᠨ ᠲᠣᠪᠴᠢᠶ᠎ᠠ ᠳᠤ ᠮᠡᠳᠡᠭᠦᠯᠵᠦ᠂ ᠬᠢᠨᠠᠨ ᠰᠢᠯᠭᠠᠵᠤ ᠦᠨᠡᠮᠰᠢᠨ ᠲᠣᠭᠲᠠᠭᠠᠯᠭᠠᠬᠤ ᠪᠠᠷ ᠭᠤᠶᠤᠴᠢᠯᠠᠪᠠ᠃  ᠣᠶᠢᠯᠠᠭᠠᠭᠰᠠᠨ ᠢᠶᠠᠷ᠂ ᠲᠥᠷᠥᠯ ᠵᠦᠢᠯ ᠨᠢ ᠭᠤᠣᠯᠳᠠᠬᠤ ᠰᠠᠯᠬᠢ ᠭᠡᠷᠡᠯ ᠤᠰᠤ ᠭᠠᠯ ᠤᠨ ᠤᠯᠠᠨ ᠵᠦᠢᠯ ᠤᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠰᠢᠰᠲ᠋ᠧᠮ ᠪᠠ ᠦᠵᠦᠭᠦᠷ ᠤᠨ ᠨᠢᠭᠡ ᠴᠤᠭᠴᠠᠵᠢᠭᠤᠯᠬᠤ ᠬᠤᠷᠠᠮᠠᠯ ᠡᠨᠧᠷᠭᠢ ᠬᠠᠩᠭᠠᠬᠤ ᠰᠢᠰᠲ᠋ᠧᠮ ᠤᠨ ᠲᠠᠯ᠎ᠠ ᠶᠢᠨ ᠲᠥᠷᠥᠯ ᠵᠦᠢᠯ ᠪᠣᠯᠣᠨ᠎ᠠ᠂ ᠪᠠᠷᠤᠭ 535.2 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠵᠤ᠂ ᠪᠠᠷᠤᠭ 443.5 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠲᠠᠲᠠᠬᠤ ᠪᠣᠯᠣᠨ᠎ᠠ᠃ ᠣᠶᠢᠷ᠎ᠠ ᠳᠤ ᠤᠯᠤᠰ ᠤᠨ ᠡᠨᠧᠷᠭᠢ ᠶᠢᠨ ᠲᠣᠪᠴᠢᠶ᠎ᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ ᠦᠨᠡᠮᠰᠢᠨ ᠲᠣᠭᠲᠠᠭᠠᠬᠤ ᠪᠣᠯᠣᠨ᠎ᠠ᠃ ᠡᠨᠡ ᠨᠢᠭᠡ ᠪᠦᠯᠦᠭ ᠲᠥᠷᠥᠯ ᠵᠦᠢᠯ ᠨᠢ ᠡᠨᠧᠷᠭᠢ ᠶᠢᠨ ᠴᠡᠪᠡᠷ ᠦᠢᠯᠡᠳᠪᠦᠷᠢᠯᠡᠯ ᠪᠠ ᠤᠢᠢᠷ᠎ᠠ ᠬᠠᠪᠢ ᠠᠴᠠ ᠨᠢ ᠰᠢᠩᠭᠡᠭᠡᠨ ᠠᠪᠴᠤ᠂ ᠰᠠᠯᠬᠢ ᠣᠷᠬᠢᠬᠤ᠂ ᠭᠡᠷᠡᠯ ᠣᠷᠬᠢᠬᠤ ᠴᠠᠬᠢᠯᠭᠠᠨ ᠬᠢᠵᠠᠭᠠᠷᠯᠠᠬᠤ ᠶᠢ ᠪᠠᠭᠠᠰᠬᠠᠵᠤ᠂ ᠮᠠᠨ ᠤ ᠣᠷᠣᠨ ᠤ ᠲᠠᠬᠢᠨ ᠡᠭᠦᠰᠴᠦ ᠪᠣᠯᠬᠤ ᠡᠨᠧᠷᠭᠢ ᠶᠢ ᠰᠢᠩᠭᠡᠭᠡᠨ ᠠᠪᠬᠤ ᠶᠢ ᠠᠬᠢᠭᠤᠯᠬᠤ ᠳᠤ ᠢᠳᠡᠪᠬᠢᠲᠡᠶ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠵᠦ᠂ ᠮᠠᠨ ᠤ ᠣᠷᠣᠨ ᠤ ᠴᠡᠪᠡᠷ ᠪᠥᠭᠡᠳ ᠳᠣᠣᠷ᠎ᠠ ᠨᠡᠭᠦᠷᠡᠰᠦᠲᠥ᠋ᠷᠥᠭᠴᠢᠲᠦ᠂ ᠠᠶᠤᠯ ᠦᠭᠡᠢ ᠪᠥᠭᠡᠳ ᠥᠨᠳᠥᠷ ᠪᠦᠲᠦᠮᠵᠢᠲᠡᠶ ᠤᠳᠤ ᠦᠶ᠎ᠡ ᠶᠢᠨ ᠡᠨᠧᠷᠭᠢ ᠶᠢᠨ ᠰᠢᠰᠲ᠋ᠧᠮ ᠢ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号