ᠥᠪᠥᠷ ᠵᠠᠰᠠᠭ ᠠᠯᠪᠠᠨ ᠲᠠᠷᠬᠠᠭᠠᠭᠰᠠᠨ ﹇2016﹈ 20 ᠳ᠋ᠤᠭᠠᠷ ᠲᠤᠭᠠᠳᠤ | 2016 ᠣᠨ ᠤ 3 ᠳ᠋ᠣᠭᠠᠷ ᠰᠠᠷ᠎ᠠ ᠶᠢᠨ 9 ᠤ ᠡᠳᠣᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠠ ᠬᠤᠰᠢᠭᠤ ᠰᠢᠶᠠᠨ ᠤ | ᠠᠷᠠᠣᠨ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠣ ᠠᠬᠤᠶᠢᠯᠡᠯ᠂ ᠠᠵᠢᠯ ᠦᠢᠯᠡᠰ ᠤᠨ ᠨᠢᠭᠡᠴᠨ ᠳᠤ᠄ | ︽ᠢᠨᠲ᠋ᠧᠷ ᠰᠦᠯᠵᠢᠶ᠎ᠠ ᠶᠢᠨ ᠭᠦᠷᠢᠶ᠎ᠠ ᠴᠠᠷᠠᠭᠠᠨ ᠤ ᠡᠷᠭᠡ ᠳᠤ ᠬᠠᠯᠳᠠᠬᠤ ᠬᠤᠳᠠᠯ ᠬᠠᠭᠤᠷᠮᠠᠭ ᠦᠢᠯᠡᠣᠡᠭᠦ | ᠦᠢᠯᠨ ᠠᠵᠢᠯᠯᠠᠭ᠎ᠠ ᠶᠢ ᠵᠠᠰᠠᠬᠤ ᠶᠢ ᠴᠢᠩᠭᠠᠣᠠᠬᠠᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2015﹈ 77 ᠳ᠋ᠣᠭᠠᠷ ᠲᠣᠭᠠᠲᠤ︶ ᠤᠨ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠣ᠂ ᠮᠠᠨ ᠤ ᠣᠷᠣᠨ ᠤ ᠢᠨᠲ᠋ᠧᠷ ᠰᠦᠯᠵᠢᠶ᠎ᠠ ᠶᠢᠨ ᠬᠦᠷᠢᠶ᠎ᠠ | ᠴᠠᠷᠠᠭᠠᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠬᠦ ᠦᠢᠯᠨ ᠠᠵᠢᠯᠯᠠᠭ᠎ᠠ ᠶᠢ ᠵᠠᠰᠠᠬᠤ ᠠᠵᠢᠯ ᠢ | ᠴᠢᠩᠭᠠᠳᠬᠠᠵᠤ᠂ ᠴᠢᠯᠥᠭᠡᠲᠡᠶ᠂ ᠵᠢᠷᠤᠮᠵᠢᠭᠤᠨ᠂ ᠦᠨᠡᠨᠴᠢ ᠢᠲᠡᠭᠡᠮᠵᠢᠲᠡᠶ᠂ ᠠᠮᠤᠷ ᠲᠦᠪᠰᠢᠨ ᠰᠦᠯᠵᠢᠶᠡᠨ ᠳᠠᠬᠢ | ᠠᠷᠠᠯᠵᠢᠶᠠᠨ ᠤ ᠣᠷᠴᠢᠨ ᠲᠣᠭᠤᠷᠢᠨ ᠢ ᠪᠣᠢ ᠪᠣᠯᠭᠠᠵᠣ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠬᠠᠷᠠᠯᠲᠠ | 3 ᠵᠢᠯ ᠤᠨ ᠴᠠᠭ ᠢ ᠠᠰᠢᠭᠯᠠᠵᠣ᠂ ᠢᠨᠲ᠋ᠧᠷ ᠰᠦᠯᠵᠢᠶ᠎ᠠ ᠶᠢᠨ ᠬᠦᠷᠢᠶ᠎ᠠ ᠴᠠᠷᠠᠭᠠᠨ ᠤ ᠡᠷᠬᠡ ᠳᠤ ᠬᠠᠯᠳᠠᠵᠣ | ᠬᠤᠳᠠᠯ ᠬᠠᠭᠤᠷᠮᠠᠭ ᠦᠢᠯᠡᠳᠬᠦ ᠦᠢᠯᠨ ᠠᠵᠢᠯᠯᠠᠭ᠎ᠠ ᠣᠯᠠᠰᠢᠷᠠᠬᠤ ᠪᠠᠶᠢᠳᠠᠯ ᠢ ᠪᠦᠳᠣᠮᠵᠢᠳᠠᠢ ᠬᠤᠷᠢᠭᠯᠠᠵᠣ᠂ | ᠵᠠᠰᠠᠭ ᠤᠨ ᠣᠷᠳᠣᠨ ᠬᠢᠨᠠᠨ ᠬᠠᠮᠢᠶᠠᠷᠬᠤ᠂ ᠠᠵᠢᠯ ᠲᠥᠷᠥᠯ ᠦᠪᠡᠷ ᠢ ᠪᠠᠨ ᠱᠠᠭᠠᠷᠳᠠᠬᠤ᠂ ᠨᠡᠶᠢᠭᠡᠮ ᠳᠠᠶᠠᠭᠠᠷ | ᠣᠷᠣᠯᠴᠠᠭᠰᠠᠨ ᠬᠢᠨᠠᠯᠲᠠ ᠬᠠᠮᠢᠶᠠᠷᠤᠯᠲᠠ ᠶᠢᠨ ᠪᠠᠶᠢᠷᠢᠰᠢᠯ ᠢ ᠠᠩᠬ᠎ᠠ ᠠᠯᠬᠤᠮ ᠪᠣᠢ ᠪᠣᠯᠭᠠᠵᠣ᠂ ᠬᠠᠮᠢᠶ᠎ᠠ ᠪᠦᠬᠦᠢ | ᠲᠦᠷᠢᠮ ᠲᠣᠭᠲᠠᠭᠠᠯ ᠢ ᠨᠡᠩ ᠪᠦᠷᠢᠨᠰᠢᠭᠦᠯᠣᠭ᠍ᠰᠡᠨ᠂ ᠬᠢᠨᠠᠯᠳᠠ ᠬᠠᠮᠢᠶᠠᠷᠣᠯᠳᠠ ᠶᠢᠨ ᠮᠡᠷᠭᠡᠵᠢᠯ ᠤᠨ ᠠᠷᠭ᠎ᠠ ᠪᠠᠷᠢᠯ ᠢ | ᠨᠡᠩ ᠳᠡᠷᠢᠭᠦᠨ ᠤ ᠪᠣᠯᠭᠠᠭᠰᠠᠨ᠂ ᠠᠵᠢᠯ ᠲᠦᠷᠦᠯ ᠤᠨ ᠠᠵᠤ ᠠᠬᠤᠶᠢᠯᠠᠯ ᠦᠪᠡᠷ ᠢ ᠪᠠᠨ ᠨᠡᠩ ᠱᠠᠭᠠᠷᠳᠠᠭᠰᠠᠨ᠂ | ᠰᠦᠯᠵᠢᠶ᠎ᠠ ᠶᠢᠨ ᠠᠷᠠᠯᠵᠢᠶᠠᠨ ᠤ ᠡᠮᠬᠢ ᠵᠢᠷᠤᠮ ᠢ ᠨᠡᠩ ᠵᠢᠷᠤᠮᠵᠢᠭᠤᠯᠣᠭᠰᠠᠨ᠂ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠭᠦᠯᠣᠨ᠎ᠠ᠃ | ᠬᠤᠶᠠᠷ᠂ ᠰᠦᠯᠵᠢᠶ᠎ᠠ ᠶᠢᠨ ᠡᠷᠬᠡ ᠳᠤ ᠬᠠᠯᠳᠠᠵᠦ ᠬᠤᠳᠠᠯ ᠬᠠᠭᠤᠷᠮᠠᠭ ᠦᠢᠯᠡᠳᠬᠦ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠠ | ︵ᠨᠢᠭᠡ︶ ᠰᠦᠯᠵᠢᠶᠡᠨ ᠳᠡᠭᠡᠷ᠎ᠡ ᠬᠠᠭᠤᠷᠮᠠᠭ ᠮᠠᠭᠤ ᠲᠠᠸᠠᠷ ᠪᠣᠷᠣᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠦᠭᠭᠦᠨ᠎ᠠ᠃ ᠲᠠᠷᠢᠶᠠᠯᠠᠩ ᠤᠨ ᠡᠳ᠋ ᠪᠠᠷᠠᠭ᠎ᠠ᠂ ᠢᠳᠡᠭᠡᠨ ᠪᠠ ᠡᠮ ᠤᠨ ᠵᠦᠢᠯ᠂ ᠵᠠᠰᠠᠯ ᠴᠢᠮᠡᠭᠯᠡᠯ ᠤᠨ | ᠡᠳ᠋ ᠂ ᠡᠮ ᠡᠮᠨᠡᠯᠭᠡ ᠶᠢᠨ ᠪᠠᠭᠠᠵᠢ ᠬᠡᠷᠡᠭᠰᠡᠯ᠂ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ᠂ ᠮᠠᠰᠢᠨ ᠲᠡᠷᠭᠡᠨ ᠤ | ᠰᠡᠯᠪᠢᠭᠡᠰᠦ᠂ ᠵᠠᠰᠠᠯ ᠴᠢᠮᠡᠭᠯᠡᠯ ᠤᠨ ᠮᠠᠲ᠋ᠧᠷᠢᠶᠠᠯ᠂ ᠠᠮᠠᠷᠬᠠᠨ ᠳᠡᠯᠪᠡᠷᠡᠬᠦ ᠠᠶᠤᠯᠲᠠᠶ ᠬᠢᠮᠢ ᠶᠢᠨ ᠵᠦᠢᠯ᠂ ᠬᠡᠦᠬᠡᠳ ᠤᠨ | ᠡᠳ᠋ᠯᠡᠯ ᠵᠢᠴᠢ ᠬᠤᠪᠴᠠᠰᠤ ᠬᠤᠨᠠᠷ ᠮᠠᠯᠠᠭᠠᠶ ᠱᠠᠬᠠᠶ ᠵᠡᠷᠭᠡ ᠨᠡᠶᠢᠭᠡᠮ ᠤᠨ ᠲᠤᠰᠬᠠᠯ ᠲᠥᠪᠯᠡᠷᠡᠩᠭᠦᠶ᠂ ᠡᠷᠡᠭᠦᠯ ᠴᠢᠬᠢᠷᠠᠭ | ᠠᠮᠤᠷ ᠲᠦᠪᠰᠢᠨ ᠯᠦᠭᠡ ᠬᠠᠷᠢᠴᠠᠭ᠎ᠠ ᠲᠠᠢ᠂ ᠤᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠬᠡᠷᠡᠭᠯᠡᠭᠡ ᠶᠢᠨ | ᠵᠦᠢᠯ ᠪᠠ ᠦᠢᠯᠡᠳᠪᠦᠷᠢᠯᠡᠯ ᠤᠨ ᠬᠡᠷᠩᠰᠡᠯ ᠢᠶᠠᠷ ᠭᠤᠣᠯᠳᠠᠯᠭ᠎ᠠ ᠪᠣᠯᠭᠠᠵᠣ᠂ ᠲᠥᠪᠯᠡᠷᠡᠭᠦᠯᠦᠨ ᠴᠡᠭᠴᠡᠯᠡᠵᠣ ᠵᠠᠰᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠨ ᠬᠠᠮᠢᠶᠠᠷᠴᠣ ᠬᠠᠤᠯᠢ ᠬᠡᠷᠡᠭᠵᠢᠭᠦᠯᠦᠯᠲᠡ ᠪᠠᠨ | ᠴᠢᠩᠭᠠᠳᠬᠠᠨ᠎ᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠭᠤᠷ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ᠦᠢᠯᠡᠳᠣᠨ ᠡᠳ᠋ᠰᠢᠭᠦᠯᠬᠦ ᠭᠤᠭᠴᠤᠭ᠎ᠠ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠦᠭᠰᠢᠭᠦᠷᠢ ᠶᠢ ᠬᠢᠨᠠᠨ ᠰᠢᠨᠵᠢᠭᠦ ᠪᠠᠨ ᠴᠢᠩᠭᠠᠳᠬᠠᠵᠤ᠂ ᠦᠢᠯᠡᠳᠪᠦᠷᠢᠯᠡᠯ ᠤᠨ ᠡᠬᠢ ᠢᠷᠡᠯᠲᠡ ᠶᠢ ᠴᠡᠪᠡᠷᠰᠢᠭᠦᠯᠣᠨᠠ︔ | ᠭᠦᠢᠯᠭᠡᠭᠡᠵᠣ ᠪᠣᠷᠣᠯᠠᠭᠤᠯᠬᠤ ᠭᠤᠭᠴᠤᠭ᠎ᠠ ᠳᠤ ᠰᠦᠯᠵᠢᠶ᠎ᠠ ᠪᠠᠷ ᠪᠣᠷᠣᠯᠠᠭᠤᠯᠬᠤ ᠲᠠᠸᠠᠷ ᠢ ᠰᠤᠭᠤᠴᠠᠨ | ᠪᠠᠶᠢᠴᠠᠭᠠᠬᠤ ᠪᠠᠨ ᠴᠢᠩᠭᠠᠣᠠᠬᠠᠨ᠂ ᠰᠦᠯᠵᠢᠶᠡᠨ ᠳᠡᠭᠡᠷᠡᠬᠢ ᠠᠷᠠᠯᠵᠢᠶ᠎ᠠ ᠶᠢ ᠰᠦᠯᠵᠢᠶᠡᠨ ᠳᠡᠭᠡᠷ᠎ᠡ ᠵᠠᠭᠠᠯᠳᠤᠯᠭ᠎ᠠ ᠬᠢᠭᠦ | ᠵᠢᠴᠢ ᠪᠣᠷᠣᠯᠠᠭᠤᠯᠣᠭᠰᠠᠨ ᠤ ᠬᠤᠶᠢᠨᠠᠬᠢ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠣᠨ᠎ᠠ᠃ | ᠡᠷᠬᠡ ᠳᠤ ᠬᠠᠯᠳᠠᠵᠦ ᠬᠤᠳᠠᠯ ᠬᠠᠭᠤᠷᠮᠠᠭ ᠦᠢᠯᠡᠳᠬᠦ ᠦᠢᠯᠨ ᠠᠵᠢᠯᠯᠠᠭ᠎ᠠ ᠳᠤ ᠴᠣᠬᠢᠯᠲᠠ ᠥᠭᠬᠦ ᠶᠢ ᠰᠢᠦᠳᠠᠨ ᠤ | ᠠᠵᠢᠯ ᠲᠥᠷᠥᠯ ᠤᠨ ᠬᠡᠪᠰᠢᠵᠢᠭᠰᠡᠨ ᠬᠢᠨᠠᠯᠳᠠ ᠬᠠᠮᠢᠶᠠᠷᠣᠯᠳᠠ ᠳᠤ ᠣᠷᠣᠭᠤᠯᠵᠤ᠂ ᠰᠢᠦᠳᠠᠨ ᠤ ᠠᠵᠤ ᠠᠬᠤᠶᠢᠯᠠᠯ᠂ | ᠲᠦᠷᠭᠡᠨ ᠬᠦᠷᠭᠡᠬᠦ ᠠᠵᠤ ᠠᠬᠤᠶᠢᠯᠠᠯ ᠨᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠵᠡᠷᠭᠡ | ᠬᠡᠯᠡᠯᠴᠡᠭᠡᠷᠳᠣ ᠬᠠᠷᠢᠴᠠᠭᠠᠨ ᠤ ᠡᠷᠣᠭᠡ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠠᠨ ᠴᠢᠩᠭᠠᠣᠠᠬᠠᠬᠤ ᠶᠢ | ᠰᠢᠮᠳᠠᠭᠤᠯᠣᠨ᠎ᠠ᠃ ᠢᠨᠲ᠋ᠧᠷ ᠰᠦᠯᠵᠢᠶ᠎ᠠ ᠶᠢᠨ ᠡᠷᠬᠡ ᠳᠤ ᠬᠠᠯᠳᠠᠬᠰᠠᠨ ᠬᠤᠳᠠᠯ ᠬᠠᠭᠤᠷᠮᠠᠭ ᠬᠤᠣᠷ ᠬᠥᠨᠥᠭᠡᠯ ᠲᠠᠢ | ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠰᠢᠢᠣᠡᠪᠣᠷᠢᠯᠡᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ | ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ | ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠰᠢᠦᠳᠠᠨ ᠤ ᠲᠣᠪᠴᠢᠶ᠎ᠠ᠂ ᠬᠥᠬᠡᠬᠤᠲᠠ | ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ | ᠬᠠᠷᠢᠭᠤᠴᠠᠨ᠎ᠠ︶ | ︵ᠬᠤᠶᠠᠷ︶ ᠢᠨᠲ᠋ᠧᠷ ᠰᠦᠯᠵᠢᠶ᠎ᠡ ᠶᠢ ᠠᠰᠢᠭᠯᠠᠨ ᠡᠷᠬᠡ ᠳᠤ ᠬᠠᠯᠳᠠᠨ ᠬᠡᠪᠯᠡᠯ ᠬᠤᠯᠠᠭᠠᠶᠢᠯᠠᠭᠰᠠᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠠ᠃ ᠲᠠᠸᠠᠷ ᠤᠨ ᠲᠡᠮᠳᠡᠭᠲᠦ ᠶᠢᠨ ᠡᠷᠬᠡ᠂ ᠵᠣᠬᠢᠶᠠᠯ ᠪᠦᠲᠦᠭᠡᠯ ᠤᠨ | ᠡᠷᠬᠡ᠂ ᠲᠤᠰᠬᠠᠶ ᠠᠰᠢᠭ ᠤᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠᠷ | ᠭᠤᠣᠯᠳᠠᠯᠭ᠎ᠠ ᠪᠣᠯᠭᠠᠵᠤ᠂ ᠢᠨᠲ᠋ᠧᠷ ᠰᠦᠯᠵᠢᠶ᠎ᠡ ᠶᠢ ᠠᠰᠢᠭᠯᠠᠨ ᠡᠷᠬᠡ ᠳᠤ ᠬᠠᠯᠳᠠᠵᠣ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠠ᠃ ᠨᠡᠷᠡᠳᠡᠢ ᠲᠠᠸᠠᠷ ᠤᠨ ᠲᠡᠮᠳᠡᠭᠲᠦ ᠶᠢ ᠳᠠᠭᠤᠷᠢᠶᠠᠨ | ᠦᠢᠯᠡᠣᠡᠴᠣ ᠬᠠᠭᠤᠷᠮᠠᠭᠯᠠᠨ ᠪᠣᠷᠣᠯᠠᠭᠤᠯᠬᠤ᠂ ᠭᠠᠳᠠᠭᠠᠳᠤ ᠲᠠᠢ ᠬᠤᠯᠪᠣᠭᠳᠠᠭᠰᠠᠨ ᠲᠠᠸᠠᠷ ᠤᠨ ᠲᠡᠮᠳᠡᠭᠲᠦ ᠲᠠᠸᠠᠷ ᠢ | ᠪᠠᠶᠢᠴᠠᠭᠠᠨ ᠰᠢᠢᠣᠡᠪᠣᠷᠢᠯᠡᠭᠦ ᠡᠷᠴᠢᠮ ᠢᠶᠠᠨ ᠴᠢᠩᠭᠠᠷᠠᠭᠤᠯᠵᠣ᠂ ᠡᠷᠬᠡ ᠠᠰᠢᠬᠲᠦ ᠬᠥᠮᠦᠨ ᠪᠠ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠰᠦᠯᠵᠢᠶ᠎ᠠ ᠶᠢᠨ ᠡᠷᠬᠡ ᠳᠤ ᠬᠠᠯᠳᠠᠨ ᠬᠡᠪᠯᠡᠯ ᠬᠤᠯᠠᠭᠠᠶᠢᠯᠠᠭᠰᠠᠨ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠦᠷᠨᠢᠭᠦᠯᠣᠨ᠎ᠠ᠃ ᠰᠦᠯᠵᠢᠶ᠎ᠡ ︵ᠭᠠᠷ | ᠤᠲᠠᠰᠤ︶ ᠶᠢᠨ ᠤᠳᠬ᠎ᠠ ᠵᠣᠬᠢᠶᠠᠯ᠂ ᠳᠠᠭᠤᠤ ᠬᠥᠭᠵᠢᠮ᠂ ᠺᠢᠨᠣ᠋ ᠲᠧᠯᠸᠢᠰ᠂ ᠲᠣᠭᠯᠠᠭᠠᠮ᠂ ᠺᠠᠷᠲ᠋ᠣᠨ ᠵᠢᠷᠤᠭ ᠱᠤᠭ | ᠵᠢᠷᠤᠭ᠂ ᠵᠥᠭᠡᠯᠡᠨ ᠲᠣᠨᠤᠭ ᠵᠢᠴᠢ ᠵᠣᠬᠢᠶᠠᠯ ᠪᠦᠲᠦᠭᠡᠯ ᠤᠨ ᠡᠷᠬᠡ ᠶᠢ ᠪᠠᠭᠳᠠᠭᠠᠬᠰᠠᠨ ᠪᠠᠷᠢᠮᠵᠢᠶᠠᠲᠦ ᠲᠦᠷᠣᠯ ᠤᠨ | ᠪᠦᠲᠦᠭᠡᠯ ᠵᠡᠷᠭᠡ ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠤ ᠬᠢᠨᠠᠨ ᠰᠢᠨᠵᠢᠭᠦ ᠬᠢᠨᠠᠨ ᠬᠠᠮᠢᠶᠠᠷᠬᠤ ᠪᠠᠨ ᠴᠢᠩᠭᠠᠣᠠᠬᠠᠵᠣ᠂ | ᠰᠦᠯᠵᠢᠶ᠎ᠡ ᠶᠢᠨ ᠬᠠᠤᠯᠢ ᠪᠤᠰᠤ ᠪᠠᠷ ᠰᠢᠯᠵᠢᠭᠦᠯᠦᠨ ᠨᠡᠶᠢᠲᠡᠯᠡᠬᠦ ᠵᠡᠷᠭᠡ ᠡᠯ᠎ᠠ ᠲᠦᠷᠣᠯ ᠤᠨ ᠡᠷᠬᠡ ᠳᠤ ᠬᠠᠯᠳᠠᠨ | ᠬᠡᠪᠯᠡᠯ ᠬᠤᠯᠠᠭᠠᠶᠢᠯᠠᠭᠰᠠᠨ ᠦᠢᠯᠨ ᠠᠵᠢᠯᠯᠠᠭ᠎ᠠ ᠶᠢ ᠴᠠᠭ ᠲᠤᠬᠠᠶ ᠳᠤᠨᠢ ᠰᠡᠷᠡᠵᠣ ᠮᠡᠳᠡᠬᠦ ᠪᠠ ᠪᠠᠶᠢᠴᠠᠭᠠᠨ | ᠰᠢᠢᠣᠡᠪᠣᠷᠢᠯᠡᠨ᠎ᠠ᠃ ᠤᠯᠤᠰ ᠤᠨ ᠬᠡᠪᠯᠡᠯ ᠤᠨ ᠡᠷᠬᠡ ᠶᠢᠨ ᠬᠢᠨᠠᠯᠳᠠ ᠬᠠᠮᠢᠶᠠᠷᠣᠯᠳᠠ ᠶᠢᠨ ᠲᠠᠪᠴᠠᠩ ᠲᠤ ᠲᠦᠰᠢᠭᠯᠡᠨ᠂ | ᠬᠡᠪᠯᠡᠯ ᠤᠨ ᠡᠷᠬᠡ ᠶᠢᠨ ᠭᠤᠣᠯᠳᠠᠯᠭ᠎ᠠ ᠲᠠᠢ ᠬᠢᠨᠠᠯᠳᠠ ᠬᠠᠮᠢᠶᠠᠷᠣᠯᠳᠠ ᠶᠢᠨ ᠬᠡᠪᠴᠢᠶ᠎ᠡ ᠶᠢ ᠥᠷᠭᠡᠳᠬᠡᠵᠦ᠂ ᠤᠶᠤᠨᠲᠤ | ᠰᠢᠯᠵᠢᠮᠡᠯ ᠦᠵᠦᠭᠦᠷ ᠤᠨ ᠭᠤᠷᠪᠠᠳᠠᠬᠢ ᠡᠲᠡᠭᠡᠳ ᠤᠨ ᠬᠡᠷᠡᠭᠯᠡᠭᠡᠨ ᠤ ᠫᠷᠤᠭ᠍ᠷᠠᠮ ︵APP︶᠂ ᠰᠦᠯᠵᠢᠶ᠎ᠠ ᠶᠢᠨ | ᠡᠭᠦᠯᠡᠨ ᠬᠠᠳᠠᠭᠠᠯᠠᠯᠲᠠ ᠶᠢᠨ ᠣᠷᠣᠨ ᠵᠠᠢ᠂ ᠪᠢᠴᠢᠯ ᠪᠦᠷᠭᠡ᠂ ᠸᠢᠴᠠᠲ ᠵᠡᠷᠭᠡ ᠰᠢᠨ᠎ᠡ ᠬᠡᠯᠪᠡᠷᠢ ᠶᠢᠨ ᠤᠯᠠᠮᠵᠢᠯᠠᠨ | ᠳᠡᠮᠵᠢᠭᠤᠯᠬᠤ ᠠᠷᠭ᠎ᠠ ᠮᠠᠶ᠋ᠢᠭ ᠢ ᠬᠡᠪᠯᠡᠯ ᠤᠨ ᠡᠷᠬᠡ ᠶᠢᠨ ᠬᠢᠨᠠᠯᠳᠠ ᠬᠠᠮᠢᠶᠠᠷᠣᠯᠳᠠ ᠳᠤ ᠣᠷᠣᠭᠤᠯᠣᠨ᠎ᠠ᠃ ᠰᠦᠯᠵᠢᠶᠡᠨ | ᠳᠡᠭᠡᠷᠡᠬᠢ ᠲᠤᠰᠬᠠᠶ ᠠᠰᠢᠭ ᠤᠨ ᠵᠢᠭᠤᠷᠠᠯᠳᠤᠭᠠᠨ ᠤ ᠬᠡᠷᠡᠭ ᠢ ᠭᠦᠢᠴᠡᠣᠡᠭᠡᠭᠦ ᠪᠠ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠦᠷᠢᠶ᠎ᠠ ᠴᠠᠷᠠᠭᠠᠨ ᠤ ᠲᠤᠰᠬᠠᠶ ᠠᠰᠢᠭ ᠤᠨ ᠬᠠᠤᠯᠢ ᠬᠡᠷᠡᠭᠵᠢᠭᠦᠯᠣᠨ ᠡᠷᠬᠡ ᠠᠰᠢᠭ ᠢᠶᠠᠨ | ᠬᠠᠮᠠᠭᠠᠯᠠᠬᠤ ᠶᠢ ᠴᠢᠩᠭᠠᠳᠬᠠᠵᠤ᠂ ᠰᠦᠯᠵᠢᠶ᠎ᠠ ᠶᠢᠨ ᠬᠤᠳᠠᠯᠳᠤᠭᠠᠨ ᠤ ᠠᠷᠭ᠎ᠠ ᠪᠠᠷᠢᠯ ᠤᠨ ᠬᠦᠷᠢᠶ᠎ᠡ ᠴᠠᠷᠠᠭ᠎ᠠ ᠶᠢᠨ | ᠡᠭᠦᠳᠦᠨ ᠪᠦᠳᠣᠭᠡᠯᠳᠠ ᠶᠢᠨ ᠲᠤᠰᠬᠠᠶ ᠠᠰᠢᠭ ᠢ ᠬᠠᠮᠠᠭᠠᠯᠠᠬᠤ ᠶᠢ ᠠᠬᠢᠭᠤᠯᠣᠨ᠎ᠠ᠃ ᠰᠢᠦᠳᠠᠨ ᠤ ᠵᠦᠢᠯ᠂ ᠲᠦᠷᠭᠡᠨ | ᠬᠦᠷᠭᠡᠬᠦ ᠵᠦᠢᠯ ᠤᠨ ᠬᠦᠷᠭᠡᠬᠦ ᠵᠠᠮ ᠰᠣᠪᠠᠭ ᠤᠨ ᠲᠤᠰᠬᠠᠶ ᠵᠦᠢᠯ ᠤᠨ ᠬᠠᠤᠯᠢ ᠬᠡᠷᠡᠭᠵᠢᠭᠦᠯᠣᠯᠳᠠ ᠶᠢ ᠦᠷᠨᠢᠭᠦᠯᠵᠣ᠂ | ᠣᠷᠣᠭᠤᠯᠵᠤ ᠭᠠᠷᠭᠠᠬᠤ ᠭᠤᠭᠴᠤᠭ᠎ᠠ ᠶᠢᠨ ︽ᠨᠡᠭᠦᠯᠭᠡᠨ ᠰᠢᠯᠵᠢᠭᠦᠯᠭᠦ︾ ᠵᠡᠷᠭᠡ ᠡᠯ᠎ᠡ ᠵᠦᠢᠯ ᠤᠨ ᠬᠡᠯᠪᠡᠷᠢ ᠶᠢᠨ | ᠡᠷᠬᠡ ᠳᠤ ᠬᠠᠯᠳᠠᠬᠤ ᠦᠢᠯᠡ ᠠᠵᠢᠯᠯᠠᠭ᠎ᠠ ᠳᠤ ᠭᠤᠣᠯᠳᠠᠯᠭ᠎ᠠ ᠲᠠᠢ ᠴᠣᠬᠢᠯᠲᠠ ᠦᠭᠭᠦᠨ᠎ᠠ᠃ ︵ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ | ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ | ᠲᠧᠯᠸᠢᠰ ᠤᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠥᠷ ᠮᠣᠩᠭᠤᠯ ᠤᠨ ᠰᠢᠦᠳᠠᠨ ᠤ ᠲᠣᠪᠴᠢᠶ᠎ᠠ᠂ ᠬᠥᠬᠡᠬᠤᠲᠠ | ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ | ᠬᠠᠷᠢᠭᠤᠴᠠᠨ᠎ᠠ︶ | ᠭᠤᠷᠪᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠣᠨ᠎ᠠ | ︵ᠨᠢᠭᠡ︶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ | ᠨᠠᠶᠢᠳᠠᠪᠣᠷᠢᠵᠢᠭᠤᠯᠣᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠠᠵᠤ ᠠᠬᠤᠶᠢᠯᠠᠯ ᠤᠨ | ᠰᠦᠯᠵᠢᠶ᠎ᠠ ᠡᠵᠡᠩᠨᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠪᠠᠨ ᠴᠢᠩᠭᠠᠣᠠᠬᠠᠬᠤ ᠶᠢ ᠵᠢᠯᠣᠭᠤᠣᠠᠬᠤ ᠪᠠ | ᠰᠢᠮᠳᠠᠭᠤᠯᠵᠣ᠂ ᠰᠦᠯᠵᠢᠶᠡᠨ ᠤ ᠠᠷᠠᠯᠵᠢᠶ᠎ᠠ᠂ ᠵᠡᠷ ᠮᠡᠳᠡᠭᠡ ᠶᠢ ᠳᠡᠯᠭᠡᠷᠡᠭᠦᠯᠭᠦ ᠵᠡᠷᠭᠡ ᠲᠤᠬᠠᠶᠢᠯᠠᠭᠰᠠᠨ ᠠᠵᠢᠯ ᠪᠠ | ᠰᠦᠯᠵᠢᠶ᠎ᠡ ᠡᠵᠡᠩᠨᠡᠭᠴᠢᠣᠨ ᠤᠨ ᠢᠲᠡᠭᠡᠮᠵᠢ ᠶᠢ ᠳᠡᠰᠯᠠᠨ ᠦᠨᠡᠯᠡᠭᠦ ᠳᠣᠲᠣᠭᠠᠳᠤ ᠶᠢᠨ ᠬᠢᠨᠠᠨ ᠡᠵᠡᠮᠳᠡᠬᠦ ᠳᠦᠷᠢᠮ ᠢ | ᠪᠠᠶᠢᠭᠤᠯᠤᠨ ᠪᠦᠷᠢᠨᠰᠢᠭᠦᠯᠵᠣ᠂ ᠬᠤᠳᠠᠯ ᠬᠠᠭᠤᠷᠮᠠᠭ ᠢᠶᠠᠷ ᠠᠷᠠᠯᠵᠢᠶᠠᠯᠠᠬᠤ ᠵᠡᠷᠭᠡ ᠠᠷᠭ᠎ᠠ ᠮᠠᠶ᠋ᠢᠭ ᠢᠶᠠᠷ | ᠬᠤᠳᠠᠯᠳᠤᠭᠠᠨ ᠤ ᠡᠷᠦᠭᠡ ᠶᠢᠨ ᠢᠲᠡᠭᠡᠯ ᠬᠦᠨᠳᠦ ᠶᠢ ᠳᠡᠭᠡᠭᠰᠢᠯᠡᠭᠦᠯᠭᠦ ᠦᠢᠯᠡ ᠠᠵᠢᠯᠯᠠᠭ᠎ᠠ ᠶᠢ ᠬᠤᠷᠢᠭᠯᠠᠵᠣ᠂ | ᠢᠯᠡᠴᠢᠯᠡᠨ ᠵᠠᠭᠠᠯᠳᠤᠬᠤ ᠶᠢᠨ ᠰᠢᠢᠣᠡᠪᠣᠷᠢᠯᠡᠭᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠷᠬᠡ ᠳᠤ | ᠬᠠᠯᠳᠠᠵᠣ ᠬᠤᠳᠠᠯ ᠬᠠᠭᠤᠷᠮᠠᠭ ᠦᠢᠯᠡᠳᠦᠭᠰᠡᠨ ᠲᠠᠸᠠᠷ ᠤᠨ ᠮᠡᠳᠡᠭᠡ ᠵᠠᠩᠭᠢ ᠶᠢ ᠲᠣᠭᠤᠷᠢᠨ ᠪᠠᠶᠢᠴᠠᠭᠠᠵᠤ ᠴᠡᠪᠡᠷᠯᠡᠬᠦ | ᠵᠢᠴᠢ ᠠᠷᠠᠯᠵᠢᠶᠠᠨ ᠤ ᠲᠡᠮᠳᠡᠭᠯᠡᠯ ᠂ ᠡᠳᠦᠷ ᠤᠨ ᠲᠡᠮᠳᠡᠭᠯᠡᠯ ᠦᠯᠡᠳᠡᠭᠡᠬᠦ ᠶᠢ ᠬᠡᠷᠡᠭᠵᠢᠭᠦᠯᠵᠦ᠂ ᠬᠠᠤᠯᠢ ᠠᠴᠠ | ᠵᠥᠷᠢᠴᠡᠵᠦ ᠶᠠᠯ᠎ᠠ ᠬᠢᠭᠰᠡᠨ ᠰᠦᠪᠡᠭᠴᠢ ᠶᠢ ᠮᠡᠳᠡᠭᠦᠯᠭᠦ ᠵᠡᠷᠭᠡ ᠬᠠᠷᠢᠭᠤᠴᠠᠯᠭ᠎ᠠ ᠪᠠ ᠡᠭᠦᠷᠭᠡ ᠪᠠᠨ ᠭᠦᠢᠴᠡᠳᠬᠡᠨ᠂ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠡᠯᠧᠺᠲᠷᠣᠨ ᠬᠤᠳᠠᠯᠳᠤᠭᠠᠨ ᠤ ᠲᠠᠪᠴᠠᠩ ᠳᠡᠭᠡᠷᠡᠬᠢ ᠡᠷᠬᠡ ᠳᠤ | ᠬᠠᠯᠳᠠᠵᠣ ᠬᠤᠳᠠᠯ ᠬᠠᠭᠤᠷᠮᠠᠭ ᠦᠢᠯᠡᠳᠦᠭᠰᠡᠨ ᠲᠠᠸᠠᠷ ᠡᠵᠡᠩᠨᠡᠭᠴᠢᠣᠨ ᠢ ᠤᠬᠤᠴᠢᠯᠠᠨ ᠮᠦᠷᠳᠡᠬᠦ ᠳᠤ ᠬᠠᠮᠵᠢᠯᠴᠠᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠥᠪᠡᠰᠦᠪᠡᠨ ᠡᠵᠡᠩᠨᠡᠬᠦ ᠠᠵᠤ ᠠᠬᠤᠶᠢᠯᠠᠯ ᠤᠨ ᠳᠣᠲᠣᠭᠠᠳᠤ ᠶᠢᠨ | ᠲᠠᠸᠠᠷ ᠤᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠢᠶᠠᠷᠤᠯᠲᠠ ᠪᠠᠨ ᠴᠢᠩᠭᠠᠳᠬᠠᠬᠤ ᠶᠢ ᠵᠢᠭᠠᠨ ᠵᠢᠯᠣᠭᠤᠳᠬᠤ ᠪᠠ ᠰᠢᠮᠳᠠᠭᠤᠯᠵᠣ᠂ ᠪᠠᠷᠠᠭ᠎ᠠ ᠣᠷᠣᠭᠤᠯᠬᠤ ᠪᠠ | ᠪᠣᠷᠣᠯᠠᠭᠤᠯᠬᠤ ᠪᠣᠭᠤᠮᠳᠠ ᠶᠢ ᠴᠢᠩᠭ᠎ᠠ ᠠᠳᠬᠤᠵᠤ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠦᠭᠰᠡᠨ | ᠲᠠᠸᠠᠷ ᠤᠨ ᠭᠦᠢᠯᠭᠡᠭᠡᠨ ᠤ ᠵᠠᠮ ᠰᠣᠪᠠᠭ ᠪᠠ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠨ᠎ᠠ᠃ ︵ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠤᠢ ᠰᠢᠭᠤᠶ ᠶᠢᠨ ᠲᠢᠩᠬᠢᠮ᠂ | ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ | ᠬᠢᠵᠢᠭ ᠪᠠᠶᠢᠴᠠᠭᠠᠬᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶ | ︵ᠬᠤᠶᠠᠷ︶ ᠰᠦᠯᠵᠢᠶ᠎ᠠ ᠪᠠᠷ ᠦᠢᠯᠡᠴᠢᠯᠡᠭᠦ ᠬᠤᠳᠠᠯᠳᠤᠭᠠᠴᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠎ᠠ | ᠃ ᠰᠦᠯᠵᠢᠶ᠎ᠠ ᠪᠠᠷ ᠦᠢᠯᠡᠴᠢᠯᠡᠭᠦ ᠬᠤᠳᠠᠯᠳᠤᠭᠠᠴᠢᠨ ᠤ ︽ᠮᠡᠳᠡᠭᠳᠡᠬᠦ — ᠬᠠᠰᠤᠵᠤ ᠬᠠᠶᠠᠬᠤ︾ ᠡᠭᠦᠷᠭᠡ ᠪᠠᠨ | ᠨᠠᠶᠢᠳᠠᠪᠤᠷᠢᠵᠢᠭᠤᠯᠬᠤ ᠶᠢ ᠰᠢᠮᠳᠠᠭᠤᠯᠵᠣ᠂ ᠰᠦᠯᠵᠢᠶ᠎ᠠ ᠪᠠᠷ ᠦᠢᠯᠡᠴᠢᠯᠡᠭᠦ ᠶᠢ ᠠᠰᠢᠭᠯᠠᠨ ᠡᠷᠬᠡ ᠳᠤ ᠬᠠᠯᠳᠠᠵᠣ | ᠬᠤᠳᠠᠯ ᠬᠠᠭᠤᠷᠮᠠᠭ ᠦᠢᠯᠡᠳᠬᠦ ᠦᠢᠯᠡ ᠠᠵᠢᠯᠯᠠᠭ᠎ᠠ ᠬᠢᠭᠦ ᠰᠦᠯᠵᠢᠶᠠᠨ ᠤ ᠮᠡᠳᠡᠭᠡ ᠵᠠᠩᠬᠢ ᠳᠤ ᠴᠠᠭ ᠲᠤᠬᠠᠶ ᠳᠤᠨᠢ | ᠬᠠᠰᠤᠵᠤ ᠬᠠᠶᠠᠬᠤ᠂ ᠬᠠᠯᠬᠠᠯᠠᠬᠤ᠂ ᠴᠥᠷᠬᠦᠯᠡᠭᠡ ᠵᠠᠯᠭᠠᠯᠲᠠ ᠶᠢ ᠰᠠᠯᠭᠠᠬᠤ ᠵᠡᠷᠭᠡ ᠴᠢᠬᠤᠯᠠ ᠪᠦᠬᠦᠢ ᠠᠷᠭ᠎ᠠ | ᠬᠡᠮᠵᠢᠶ᠎ᠡ ᠠᠪᠣᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠢ ᠰᠢᠭᠤᠢ ᠶᠢᠨ ᠲᠢᠩᠬᠢᠮ᠂ ᠰᠣᠶᠣᠯ ᠤᠨ ᠲᠢᠩᠬᠢᠮ᠂ ᠠᠵᠤ | ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ | ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠥᠪᠥᠷ | ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ | ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ | ᠲᠤᠰ ᠲᠤᠰ ᠬᠠᠷᠢᠭᠤᠴᠠᠨ᠎ᠠ︶ | ︵ᠭᠤᠷᠪᠠ︶ ᠳᠡᠭᠡᠷ᠎ᠡ ᠲᠣᠣᠷ᠎ᠠ ᠬᠠᠮᠢᠶ᠎ᠠ ᠪᠥᠬᠦᠢ ᠠᠵᠤ ᠠᠬᠤᠶᠢᠯᠠᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠣᠨ᠎ᠠ᠃ ᠲᠣᠬᠢᠷᠠᠭᠤᠯᠤᠨ ᠬᠦᠷᠭᠡᠬᠦ᠂ ᠬᠥᠮᠥᠷᠭᠡᠯᠡᠭᠦ᠂ ᠰᠢᠦᠳᠠᠨ᠂ ᠲᠦᠷᠭᠡᠨ ᠬᠦᠷᠭᠡᠬᠦ ᠵᠡᠷᠭᠡ ᠠᠵᠤ | ᠠᠬᠤᠶᠢᠯᠠᠯ ᠤᠨ ᠢᠯᠡᠭᠡᠵᠣ ᠶᠠᠪᠣᠭᠤᠯᠬᠤ ᠶᠢᠨ ᠦᠨᠡᠨ ᠨᠡᠷ᠎ᠡ ᠶᠢᠨ ᠳᠦᠷᠢᠮ ᠢ ᠬᠡᠷᠡᠭᠵᠢᠭᠦᠯᠭᠦ ᠶᠢ ᠵᠢᠭᠠᠨ ᠵᠢᠯᠣᠭᠤᠣᠠᠬᠤ | ᠪᠠ ᠰᠢᠮᠳᠠᠭᠤᠯᠵᠣ᠂ ᠬᠤᠷᠢᠶᠠᠨ ᠠᠪᠬᠤ ᠪᠠ ᠢᠯᠡᠭᠡᠬᠦ ᠶᠢ ᠰᠢᠯᠭᠠᠨ ᠦᠵᠡᠬᠦ᠂ ᠠᠮᠣᠷ ᠲᠦᠪᠰᠢᠨ ᠤ | ᠪᠠᠶᠢᠴᠠᠭᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠦᠭᠰᠡᠨ | ᠲᠠᠸᠠᠷ ᠢ ᠬᠦᠯᠢᠶᠡᠠ ᠠᠪᠬᠤ᠂ ᠬᠠᠳᠠᠭᠠᠯᠠᠵᠤ ᠵᠥᠭᠡᠭᠡᠪᠦᠷᠢᠯᠡᠬᠦ᠂ ᠲᠣᠬᠢᠷᠠᠭᠤᠯᠤᠨ ᠬᠦᠷᠭᠡᠬᠦ᠂ ᠢᠯᠡᠭᠡᠵᠣ | ᠶᠠᠪᠣᠭᠤᠯᠬᠤ ᠶᠢ ᠡᠷᠡᠰ ᠲᠡᠪᠴᠢᠵᠣ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠦᠪᠡᠭᠴᠢ ᠶᠢ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠤᠨ ᠬᠠᠷᠭᠤᠭᠤᠯᠣᠨ ᠪᠠᠶᠢᠴᠠᠭᠠᠬᠤ ᠳᠤ ᠳᠡᠮᠵᠢᠯᠭᠡ ᠦᠵᠡᠭᠦᠯᠣᠨ᠎ᠠ᠃ ᠰᠦᠯᠵᠢᠶ᠎ᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠵᠢᠭᠠᠨ ᠵᠢᠯᠣᠭᠤᠳᠬᠤ ᠪᠠ ᠰᠢᠮᠳᠠᠭᠤᠯᠵᠤ᠂ ᠮᠡᠳᠡᠭᠡ | ᠵᠠᠩᠭᠢ ᠨᠡᠶᠢᠲᠡᠯᠡᠬᠦ ᠶᠢᠨ ᠬᠢᠨᠠᠨ ᠬᠠᠷᠭᠤᠭᠤᠯᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠣ᠂ ᠡᠷᠬᠡ ᠳᠤ ᠬᠠᠯᠳᠠᠵᠣ | ᠬᠤᠳᠠᠯ ᠬᠠᠭᠤᠷᠮᠠᠭ ᠦᠢᠯᠡᠳᠦᠭᠰᠡᠨ ᠲᠠᠸᠠᠷ ᠤᠨ ᠮᠡᠳᠡᠭᠡ ᠵᠠᠩᠭᠢ ᠶᠢ ᠨᠡᠶᠢᠲᠡᠯᠡᠵᠦ ᠪᠣᠯᠬᠤ ᠤᠢᠭᠡᠢ᠃ ᠲᠠᠸᠠᠷ ᠤᠨ | ᠦᠨ᠎ᠡ ᠬᠠᠶᠠᠯᠴᠠᠨ ᠥᠷᠢᠰᠥᠯᠳᠦᠭᠰᠡᠨ ᠤ ᠨᠡᠷ᠎ᠡ ᠶᠢᠨ ᠵᠢᠬᠰᠠᠭᠠᠯᠲᠠ ᠶᠢ ᠬᠠᠶᠢᠬᠤ ᠦᠢᠯᠡᠴᠢᠯᠡᠭᠡᠨ ᠬᠠᠨᠭ᠍ᠭᠠᠬᠤ | ᠰᠦᠯᠵᠢᠶ᠎ᠠ ᠨᠢ᠂ ᠬᠡᠷᠡᠭᠯᠡᠭᠴᠢᠳ ᠲᠤ ᠬᠠᠶᠢᠬᠰᠠᠨ ᠦᠷ᠎ᠡ ᠳ᠋ᠦᠩ ᠨᠢ ᠦᠨ᠎ᠡ ᠬᠠᠶᠠᠯᠴᠠᠭᠰᠡᠨ ᠥᠷᠢᠰᠥᠯᠳᠦᠭᠡᠨ ᠤ | ᠨᠡᠷ᠎ᠡ ᠶᠢᠨ ᠵᠢᠭᠰᠠᠭᠠᠯᠳᠠ ᠠᠴᠠ ᠢᠷᠡᠭᠰᠡᠨ ᠢ ᠰᠠᠨᠠᠭᠤᠯᠵᠤ᠂ ᠬᠡᠷᠡᠭᠯᠡᠭᠴᠢᠳ ᠢ ᠪᠤᠷᠤᠭᠤ ᠵᠦᠭ ᠬᠥᠲᠥᠯᠬᠦ ᠠᠴᠠ | ᠵᠠᠶᠢᠯᠠᠰᠬᠢᠨ᠎ᠠ᠃ ︵ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠨ ᠵᠠᠰᠠᠬᠤ ᠠᠯᠪᠠᠨ ᠭᠡᠷ᠂ ᠳᠣᠲᠣᠭᠠᠳᠤ ᠶᠢ | ᠬᠠᠮᠠᠭᠠᠯᠠᠬᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ | ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠥᠷ ᠮᠣᠩᠭᠤᠯ ᠤᠨ ᠰᠢᠦᠳᠠᠨ ᠤ | ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠣᠰᠣᠭᠠᠷ ᠲᠤᠰ ᠲᠤᠰ ᠬᠠᠷᠢᠭᠤᠴᠠᠨ᠎ᠠ︶ | ᠲᠦᠷᠪᠡ᠂ ᠢᠨᠲ᠋ᠧᠷ ᠰᠦᠯᠵᠢᠶ᠎ᠠ ᠶᠢᠨ ᠬᠦᠷᠢᠶᠡᠨ ᠴᠠᠷᠠᠭᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠣᠨ᠎ᠠ | ︵ᠨᠢᠭᠡ︶ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ᠃ | ᠲᠤᠮᠤ ᠲᠤᠭ᠎ᠠ ᠪᠠᠷᠢᠮᠳᠠ᠂ ᠡᠭᠦᠯᠡᠨ ᠪᠣᠳᠣᠯᠳᠠ᠂ ᠪᠣᠳᠠᠰᠯᠢᠭ ᠬᠤᠯᠪᠣᠭᠠᠳᠣ ᠰᠦᠯᠵᠢᠶ᠎ᠡ᠂ ᠰᠢᠯᠵᠢᠮᠡᠯ ᠢᠨᠲ᠋ᠧᠷ | ᠰᠦᠯᠵᠢᠶ᠎ᠡ ᠵᠡᠷᠭᠡ ᠰᠢᠨ᠎ᠡ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠵᠤ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠣᠨ᠎ᠠ᠃ ᠳ᠋ᠤᠮᠠᠶᠢᠨ ᠨᠡᠷ᠎ᠡ ᠶᠢ ᠬᠠᠷᠢᠶᠠᠵᠢᠭᠤᠯᠬᠤ᠂ | ᠰᠦᠯᠵᠢᠶᠠᠨ ᠤ ᠬᠤᠭᠤᠷᠣᠨᠳᠣᠬᠢ ᠵᠦᠪᠳᠡᠯᠴᠡᠭᠡᠷ ᠤᠨ ᠬᠠᠶ᠋ᠢᠭ ︵IP ᠬᠠᠶ᠋ᠢᠭ︶ ᠤᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠪᠠ ᠰᠦᠯᠵᠢᠶ᠎ᠠ ᠶᠢ ᠳᠠᠩᠰᠠᠯᠠᠬᠤ ᠬᠠᠮᠢᠶᠠᠷᠤᠯᠲᠠ ᠪᠠᠨ ᠴᠢᠩᠭᠠᠣᠠᠬᠠᠵᠣ᠂ ᠰᠦᠯᠵᠢᠶ᠎ᠠ ᠶᠢᠨ ᠦᠨᠡᠨ | ᠨᠡᠷ᠎ᠡ ᠶᠢᠨ ᠲᠦᠷᠢᠮ ᠢ ᠬᠡᠷᠩᠵᠢᠭᠦᠯᠵᠣ᠂ ᠡᠯᠧᠺᠲᠷᠣᠨ ᠱᠣᠰᠢᠭ᠎ᠠ ᠲᠡᠮᠳᠡᠭ ᠬᠡᠷᠡᠭᠯᠡᠬᠦ ᠶᠢ ᠳᠡᠯᠭᠡᠷᠡᠭᠦᠯᠦᠨ᠂ ᠡᠷᠬᠡ ᠳᠤ | ᠬᠠᠯᠳᠠᠵᠣ ᠬᠤᠳᠠᠯ ᠬᠠᠭᠤᠷᠮᠠᠭ ᠦᠢᠯᠡᠳᠬᠦ ᠦᠢᠯᠨ ᠠᠵᠢᠯᠯᠠᠭ᠎ᠠ ᠶᠢ ᠰᠦᠯᠵᠢᠶᠠᠨ ᠳᠡᠭᠡᠷ᠎ᠡ ᠢᠯᠡᠷᠡᠭᠦᠯᠭᠦ᠂ ᠡᠬᠢ | ᠰᠣᠷᠪᠣᠯᠵᠢ ᠶᠢ ᠤᠬᠤᠴᠢᠯᠠᠨ ᠮᠦᠷᠳᠡᠬᠦ᠂ ᠬᠠᠷᠢᠶ᠎ᠠ ᠭᠠᠵᠡᠷ ᠢᠶᠠᠷ ᠪᠠᠶᠢᠴᠠᠭᠠᠨ ᠰᠢᠢᠣᠡᠪᠣᠷᠢᠯᠡᠭᠦ ᠶᠢ ᠪᠡᠶᠡᠯᠡᠭᠦᠯᠵᠣ᠂ | ᠬᠠᠤᠯᠢ ᠪᠤᠰᠤ ᠡᠲᠡᠭᠡᠳ ᠤᠨ ᠣᠷᠣᠨ ᠰᠠᠭᠤᠴᠠ ᠶᠢᠨ ᠬᠠᠶ᠋ᠢᠭ᠂ IP ᠬᠠᠶ᠋ᠢᠭ᠂ ᠪᠠᠩᠬᠢ ᠶᠢᠨ ᠳᠠᠩᠰᠠᠨ ᠡᠷᠦᠬᠡ | ᠵᠡᠷᠭᠡ ᠶᠢ ᠪᠦᠭᠦ ᠶᠠᠪᠣᠴᠨ ᠳᠤ ᠨᠡᠭᠡᠮᠵᠢᠯᠠᠨ ᠪᠠᠶᠢᠴᠠᠭᠠᠵᠣ᠂ ᠬᠠᠤᠯᠢ ᠬᠡᠷᠡᠭᠵᠢᠭᠦᠯᠵᠣ ᠴᠣᠬᠢᠯᠲᠠ ᠥᠭᠬᠦ ᠣᠨᠣᠪᠴᠢ ᠶᠢᠨ | ᠬᠡᠮᠵᠢᠶ᠎ᠡ ᠶᠢ ᠳᠡᠭᠡᠭᠰᠢᠯᠡᠭᠦᠯᠣᠨ᠎ᠠ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠰᠢᠨ᠎ᠡ | ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠵᠣ ᠵᠠᠬ᠎ᠠ ᠳᠡᠯᠭᠡᠭᠦᠷ ᠲᠤ ᠬᠢᠨᠠᠯᠲᠠ ᠬᠠᠮᠢᠶᠠᠷᠤᠯᠲᠠ ᠬᠢᠭᠦ ᠴᠢᠳᠠᠪᠣᠷᠢ ᠶᠢ | ᠳᠡᠭᠡᠭᠰᠢᠯᠡᠭᠦᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ᠂ ᠣᠢ ᠰᠢᠭᠤᠢ ᠶᠢᠨ | ᠲᠢᠩᠬᠢᠮ᠂ ᠬᠤᠳᠠᠯᠳᠣᠭᠠᠨ ᠤ ᠶᠠᠪᠣᠳᠠᠯ ᠤᠨ ᠲᠢᠩᠬᠢᠮ᠂ ᠰᠣᠶᠣᠯ ᠤᠨ ᠲᠢᠩᠬᠢᠮ᠂ ᠠᠵᠤ ᠦᠢᠯᠡᠳᠪᠦᠷᠢ | ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ | ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠢᠨᠲ᠋ᠧᠷ ᠰᠦᠯᠵᠢᠶᠠᠨ ᠤ | ᠮᠡᠳᠡᠭᠡ ᠵᠠᠩᠬᠢ ᠶᠢᠨ ᠠᠯᠪᠡᠨ ᠭᠡᠷ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠰᠢᠣᠳᠠᠨ ᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ | ᠪᠣᠭᠤᠮᠲᠠ᠂ ᠠᠷᠠᠣᠨ ᠤᠨ ᠪᠠᠩᠬᠢ ᠶᠢᠨ ᠬᠦᠭᠡᠬᠤᠳᠠ ᠶᠢᠨ ᠲᠦᠪ ᠰᠠᠯᠪᠣᠷᠢ ᠪᠠᠩᠬᠢ ᠨᠤᠭᠤᠳ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶ | ︵ᠬᠤᠶᠠᠷ︶ ᠰᠠᠯᠠᠭ᠎ᠠ ᠮᠥᠴᠢᠷ ᠤᠳ ᠬᠤᠭᠤᠷᠣᠨᠳᠣ ᠶᠢᠨ ᠬᠠᠤᠯᠢ ᠬᠡᠷᠡᠭᠵᠢᠭᠦᠯᠵᠣ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠲᠡᠭᠦᠯᠳᠡᠷᠵᠢᠭᠦᠯᠣᠨ᠎ᠠ᠃ ᠠᠵᠢᠯ ᠢᠶᠠᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠠᠯᠠᠭ᠎ᠠ | ᠮᠥᠴᠢᠷ ᠤᠨ ᠬᠠᠮᠲᠤᠷᠠᠯᠴᠠᠬᠤ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠨ ᠶᠢᠨ ᠰᠠᠯᠠᠭ᠎ᠠ | ᠮᠥᠴᠢᠷ ᠤᠨ ᠬᠤᠭᠤᠷᠣᠨᠳᠣ ᠶᠢᠨ ᠰᠦᠪᠡᠭᠴᠢ ᠪᠠᠨ ᠮᠡᠳᠡᠭᠳᠡᠬᠦ᠂ ᠬᠡᠷᠡᠭ ᠯᠠᠪᠯᠠᠬᠤ᠂ ᠬᠠᠮᠲᠤᠷᠠᠭᠰᠠᠨ ᠬᠤᠷᠠᠯ ᠤᠨ | ᠲᠦᠷᠢᠮ ᠢ ᠲᠡᠭᠦᠯᠳᠡᠷᠵᠢᠭᠦᠯᠣᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶᠢᠨ ᠬᠠᠤᠯᠢ | ᠴᠠᠭᠠᠵᠠ ᠶᠢ ᠵᠣᠯᠭᠠᠭᠤᠯᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ | ᠪᠣᠯᠤᠨ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠨ ᠲᠠᠰᠤᠯᠬᠤ ᠪᠠᠶᠢᠭᠤᠯᠭ᠎ᠠ ᠶᠢᠨ ᠮᠡᠳᠡᠭᠡ ᠵᠠᠩᠭᠢ ᠶᠢ | ᠬᠠᠮᠲᠤ ᠪᠠᠷ ᠭᠦᠷᠳᠡᠭᠦ ᠶᠢ ᠪᠡᠶᠡᠯᠡᠭᠦᠯᠣᠨ᠂ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠴᠠᠭ ᠲᠤᠬᠠᠶ ᠳᠤᠨᠢ ᠰᠢᠯᠵᠢᠭᠦᠯᠦᠨ | ᠥᠭᠬᠦ ᠬᠡᠷᠡᠭᠲᠡᠶ᠃ ᠡᠷᠡᠭᠦᠦ ᠶᠢᠨ ᠬᠡᠷᠡᠭ ᠲᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠲᠦᠪᠯᠡᠷᠡᠩᠭᠦᠢ | ᠳᠠᠶᠢᠯᠠᠯᠳᠣᠭᠠᠨ ᠤ ᠬᠡᠯᠪᠡᠷᠢ ᠶᠢ ᠭᠦᠢᠴᠡᠳ ᠠᠰᠢᠭᠯᠠᠨ᠂ ᠶᠠᠯ᠎ᠠ ᠬᠢᠬᠦ ᠰᠦᠯᠵᠢᠶ᠎ᠡ ᠪᠠ ᠠᠵᠤ ᠦᠢᠯᠡᠰ ᠤᠨ ᠬᠡᠯᠬᠢᠶ᠎ᠠ ᠶᠢ | ᠰᠦᠢᠷᠡᠭᠦᠯᠣᠨᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠳ᠋ ᠪᠠᠷᠠᠭ᠎ᠠ ᠶᠢᠨ ᠪᠣᠭᠤᠮᠳᠠ | ᠦᠩᠭᠡᠷᠡᠭᠦ ᠪᠠ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠬᠢᠨᠠᠨ ᠬᠠᠮᠢᠶᠠᠷᠬᠤ ᠬᠡᠯᠪᠡᠷᠢ ᠶᠢ ᠲᠡᠭᠦᠯᠳᠡᠷᠵᠢᠭᠦᠯᠣᠨ᠎ᠠ᠃ | ᠬᠡᠷᠡᠭ ᠪᠠᠶᠢᠴᠠᠭᠠᠨ ᠰᠢᠢᠣᠡᠪᠣᠷᠢᠯᠡᠭᠦ ᠲᠣᠮᠳᠠᠬᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠰᠦᠪᠡᠭᠴᠢ ᠬᠠᠶᠢᠬᠤ᠂ | ᠬᠠᠷᠭᠤᠭᠤᠯᠣᠨ ᠪᠠᠶᠢᠴᠠᠭᠠᠬᠤ ᠳᠤ ᠬᠠᠮᠵᠢᠬᠤ ᠵᠡᠷᠭᠡ ᠡᠭᠦᠷᠭᠡ ᠴᠢᠳᠠᠪᠣᠷᠢ ᠶᠢᠨ ᠦᠢᠯᠡᠳᠣᠯ ᠢ ᠭᠦᠢᠴᠡᠳ | ᠪᠠᠳᠠᠷᠠᠭᠤᠯᠣᠨ᠎ᠠ᠃ ᠪᠡᠯᠡ ᠮᠦᠩᠭᠦ ᠶᠢᠨ ᠭᠦᠢᠯᠭᠡᠭᠡᠨ ᠢ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠴᠣ ᠶᠠᠯ᠎ᠠ ᠬᠢᠭᠰᠡᠨ ᠰᠦᠪᠡᠭᠴᠢ ᠶᠢ ᠦᠨᠳᠦᠰᠦᠯᠡᠨ᠂ | ᠠᠷᠠᠯᠵᠢᠶᠠᠨ ᠤ ᠪᠡᠯᠡ ᠮᠦᠩᠭᠦ ᠶᠢᠨ ᠳᠠᠩᠰᠠᠨ ᠡᠷᠤᠭᠡ ᠶᠢ ᠬᠠᠤᠯᠢ ᠶᠣᠰᠣᠭᠠᠷ ᠨᠡᠬᠡᠮᠵᠢᠯᠡᠨ ᠪᠠᠶᠢᠴᠠᠭᠠᠵᠣ᠂ ᠬᠠᠤᠯᠢ | ᠪᠤᠰᠤ ᠶᠢᠨ ᠪᠡᠯᠡ ᠮᠥᠩᠭᠦ ᠶᠢ ᠡᠷᠭᠡᠰᠢᠶᠡᠨᠠ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ᠂ ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ ᠰᠣᠶᠣᠯ ᠤᠨ ᠲᠢᠩᠬᠢᠮ᠂ | ᠣᠷᠣᠨ ᠨᠣᠳᠤᠭ ᠤᠨ ᠭᠠᠶᠢᠯᠢ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ | ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ | ᠭᠠᠷᠠᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠣᠯᠣᠰ ᠤᠨ ᠭᠠᠶᠢᠯᠢ ᠶᠢᠨ ᠲᠣᠪᠴᠢᠶ᠎ᠠ᠂ | ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠦᠨᠳᠣᠷ | ᠵᠡᠷᠭᠡ ᠶᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠪᠠᠶᠢᠴᠠᠭᠠᠬᠤ ᠬᠤᠷᠢᠶ᠎ᠠ᠂ ᠠᠷᠠᠣᠨ ᠤᠨ | ᠪᠠᠩᠬᠢ ᠶᠢᠨ ᠬᠦᠭᠡᠬᠤᠳᠠ ᠶᠢᠨ ᠲᠦᠪ ᠰᠠᠯᠪᠣᠷᠢ ᠪᠠᠩᠬᠢ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠣᠰᠣᠭᠠᠷ ᠲᠤᠰ ᠲᠤᠰ ᠬᠠᠷᠢᠭᠤᠴᠠᠨ᠎ᠠ︶ | ︵ᠭᠤᠷᠪᠠ︶ ᠣᠷᠣᠨ ᠪᠦᠰᠡ ᠶᠢᠨ ᠬᠤᠭᠤᠷᠣᠨᠳᠣᠬᠢ ᠬᠠᠤᠯᠢ ᠬᠡᠷᠡᠭᠵᠢᠭᠦᠯᠬᠦ ᠲᠠᠯ᠎ᠠ ᠪᠠᠷ ᠬᠠᠮᠵᠢᠯᠴᠠᠬᠤ | ᠲᠣᠭᠲᠠᠴᠠ ᠶᠢ ᠪᠦᠷᠢᠨᠰᠢᠭᠦᠯᠣᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠳᠬᠦᠨ ᠳᠤ ᠬᠠᠤᠯᠢ | ᠬᠡᠷᠡᠭᠵᠢᠭᠦᠯᠬᠦ ᠣᠷᠣᠨ ᠪᠦᠰᠡ ᠶᠢᠨ ᠬᠠᠮᠵᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ | ᠬᠡᠷᠡᠭ ᠤᠨ ᠰᠦᠪᠡᠭᠴᠢ ᠬᠢᠭᠡᠣᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠣᠷᠣᠨ ᠪᠦᠰᠡ ᠶᠢᠨ ᠬᠤᠭᠤᠷᠣᠨᠳᠣᠬᠢ | ᠳᠡᠮᠵᠢᠭᠤᠯᠭ᠎ᠠ ᠶᠢ ᠪᠡᠶᠡᠯᠡᠭᠦᠯᠣᠨ᠎ᠠ᠃ ᠭᠠᠵᠠᠷ ᠵᠦᠢ ᠶᠢᠨ ᠪᠠᠶᠢᠷᠢᠯᠠᠯ ᠢᠶᠠᠷ ᠦᠢᠷᠡᠯᠴᠠᠭᠠ ᠭᠠᠵᠠᠷ ᠣᠷᠣᠨ ᠤ ᠬᠡᠷᠡᠭ ᠤᠨ | ᠰᠦᠪᠡᠭᠴᠢ ᠪᠠ ᠮᠡᠳᠡᠭᠡ ᠵᠠᠩᠭᠢ ᠶᠢ ᠬᠠᠮᠲᠤ ᠪᠠᠷ ᠭᠦᠷᠳᠡᠭᠦ ᠶᠢ ᠠᠬᠢᠭᠤᠯᠬᠤ ᠶᠢ ᠵᠣᠷᠢᠬᠵᠢᠭᠤᠯᠵᠣ᠂ ᠣᠷᠣᠨ | ᠪᠦᠰᠡ ᠶᠢᠨ ᠬᠠᠤᠯᠢ ᠬᠡᠷᠡᠭᠵᠢᠭᠦᠯᠵᠣ ᠬᠠᠮᠲᠤᠷᠠᠨ ᠬᠥᠳᠡᠯᠦᠯᠴᠡᠬᠦ ᠶᠢ ᠦᠷᠨᠢᠭᠦᠯᠣᠨ᠎ᠠ᠃ ︵ᠥᠪᠡᠷᠲᠡᠭᠡᠨ ᠵᠠᠰᠠᠬᠤ | ᠣᠷᠣᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠭᠦ ᠳᠤ ᠴᠣᠬᠢᠯᠲᠠ ᠥᠭᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ᠂ ᠡᠯ᠎ᠡ ᠠᠶᠢᠮᠠᠭ ᠬᠤᠳᠠ ᠶᠢᠨ ᠡᠷᠬᠡ ᠳᠤ ᠬᠠᠯᠳᠠᠵᠣ ᠬᠤᠳᠠᠯ ᠬᠠᠭᠤᠷᠮᠠᠭ | ᠦᠢᠯᠡᠣᠡᠭᠦ ᠳᠤ ᠴᠣᠬᠢᠯᠲᠠ ᠥᠭᠬᠦ ᠠᠵᠢᠯ ᠤᠨ ᠤᠳᠤᠷᠢᠳᠬᠤ ᠳᠤᠭᠤᠶᠢᠯᠠᠩ ᠨᠤᠭᠤᠳ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶ | ᠲᠠᠪᠤ᠂ ᠢᠨᠲ᠋ᠧᠷ ᠰᠦᠯᠵᠢᠶ᠎ᠠ ᠶᠢᠨ ᠬᠦᠷᠢᠶ᠎ᠠ ᠴᠠᠷᠠᠭᠠᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠬᠦ | ᠦᠢᠯᠨ ᠠᠵᠢᠯᠯᠠᠭ᠎ᠠ ᠶᠢ ᠵᠠᠰᠠᠬᠤ ᠠᠵᠢᠯ ᠤᠨ ᠰᠢᠰᠲ᠋ᠧᠮ ᠢ ᠪᠦᠷᠢᠨᠰᠢᠭᠦᠯᠣᠨ᠎ᠠ | ︵ᠨᠢᠭᠡ︶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶ᠎ᠠ ᠴᠠᠷᠠᠭ᠎ᠠ ᠶᠢᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠣᠨ᠎ᠠ᠃ ᠨᠢᠭᠡᠳᠦᠯᠳᠠᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ | ᠭᠦᠷᠳᠡᠭᠦ ᠰᠣᠯᠢᠯᠴᠠᠭᠠᠨ ᠤ ᠲᠠᠪᠴᠠᠩ ᠪᠠ ︽ᠢᠲᠡᠭᠡᠮᠵᠢᠲᠦ ᠳᠤᠮᠳᠠᠳᠤ ᠤᠯᠤᠰ︾᠂ ︽ᠢᠲᠡᠭᠡᠮᠵᠢᠲᠦ ᠥᠪᠥᠷ | ᠮᠣᠩᠭᠤᠯ︾ ᠵᠡᠷᠭᠡ ᠵᠠᠰᠠᠭ ᠤᠨ ᠣᠷᠳᠣᠨ ᠤ ᠰᠦᠯᠵᠢᠶ᠎ᠠ ᠶᠢ ᠭᠦᠢᠴᠡᠳ ᠠᠰᠢᠭᠯᠠᠵᠤ᠂ ᠡᠷᠬᠡ ᠳᠤ ᠬᠠᠯᠳᠠᠵᠣ ᠬᠤᠳᠠᠯ | ᠬᠠᠭᠤᠷᠮᠠᠭ ᠦᠢᠯᠡᠳᠣᠭ᠍ᠰᠡᠨ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠬᠡᠷᠡᠭ ᠵᠡᠷᠭᠡ ᠶᠢᠨ ᠮᠡᠳᠡᠭᠡ ᠵᠠᠩᠭᠢ ᠶᠢ ᠢᠯᠡ | ᠪᠣᠯᠭᠠᠬᠤ ᠶᠢ ᠴᠢᠩᠭᠠᠳᠬᠠᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠣ᠂ ᠬᠥᠮᠦᠨ ᠠᠮᠠ᠂ ᠬᠠᠤᠯᠢ ᠶᠢᠨ ᠡᠷᠭᠡᠳᠠᠨ᠂ | ᠲᠠᠸᠠᠷ ᠤᠨ ᠲᠡᠮᠳᠡᠭ ᠪᠠ ᠦᠢᠯᠡᠳᠬᠦᠨ ᠤ ᠶᠠᠰᠤ ᠴᠢᠨᠠᠷ ᠵᠡᠷᠭᠡ ᠮᠡᠳᠡᠭᠡ ᠵᠠᠩᠭᠢ ᠶᠢᠨ ᠡᠬᠢ ᠰᠣᠷᠪᠣᠯᠵᠢ ᠶᠢ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠪᠠ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠳᠡᠰᠢ ᠬᠠᠨᠳᠣᠭᠤᠯᠬᠤ ᠶᠢ ᠠᠬᠢᠭᠤᠯᠵᠣ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠢᠲᠡᠭᠡᠮᠵᠢ ᠶᠢᠨ ᠮᠡᠳᠡᠭᠡ ᠵᠠᠩᠭᠢ ᠬᠢᠭᠡᠣᠨ ᠪᠤᠰᠤᠳ ᠬᠦᠷᠢᠶ᠎ᠠ ᠴᠠᠷᠠᠭ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ | ᠰᠣᠯᠢᠯᠴᠠᠭ᠎ᠠ ᠶᠢ ᠬᠠᠮᠲᠤ ᠪᠠᠷ ᠭᠦᠷᠳᠡᠭᠦ ᠶᠢ ᠠᠬᠢᠭᠤᠯᠣᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶ᠎ᠠ | ᠴᠠᠷᠠᠭ᠎ᠠ ᠶᠢᠨ ᠢᠲᠡᠭᠡᠮᠵᠢ ᠶᠢ ᠦᠨᠡᠯᠡᠬᠦ ᠪᠠ ᠢᠲᠡᠭᠡᠯ ᠠᠯᠳᠠᠭᠰᠠᠨ ᠦᠢᠯᠨ ᠠᠵᠢᠯᠯᠠᠭ᠎ᠠ ᠳᠤ ᠬᠠᠮᠳᠣᠷᠠᠬᠰᠠᠨ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠳᠡᠭᠦᠯᠳᠡᠷᠵᠢᠭᠦᠯᠣᠨ᠎ᠠ᠃ ᠠᠵᠤ ᠠᠬᠤᠶᠢᠯᠠᠯ ᠤᠨ ᠪᠠᠷᠢᠮᠵᠢᠶ᠎ᠠ ᠪᠠᠨ ᠦᠪᠡᠰᠣᠪᠡᠨ | ᠢᠯᠡᠷᠬᠡᠶᠢᠯᠡᠨ ᠢᠯᠨ ᠨᠠᠶᠢᠳᠡᠯᠡᠭᠦ ᠪᠠ ᠬᠢᠨᠠᠯᠳᠠ ᠬᠠᠮᠢᠶᠠᠷᠣᠯᠳᠠ ᠶᠢᠨ ᠲᠦᠷᠢᠮ ᠤᠨ ᠪᠠᠶᠢᠭᠤᠯᠤᠯᠲᠠ ᠶᠢ ᠲᠦᠷᠭᠡᠣᠡᠭᠡᠨ | ᠠᠬᠢᠭᠤᠯᠵᠣ᠂ ᠣᠷᠣᠨ ᠨᠤᠲᠤᠭ ᠢ ᠵᠣᠬᠢᠶᠠᠨ ᠪᠠᠶᠢᠭᠤᠯᠤᠨ ᠲᠤᠷᠰᠢᠯᠲᠠ ᠶᠢᠨ ᠴᠢᠬ ᠤᠨ ᠠᠵᠢᠯ ᠢ ᠥᠷᠨᠢᠭᠦᠯᠦᠨ᠂ | ᠠᠵᠤ ᠠᠬᠤᠶᠢᠯᠠᠯ ᠤᠨ ᠪᠠᠷᠢᠮᠵᠢᠶᠠᠳᠣ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡ ᠶᠢ ᠴᠢᠩᠭᠠᠣᠠᠬᠠᠨ᠎ᠠ᠃ ᠡᠯ᠎ᠡ | ᠠᠵᠢᠯ ᠲᠦᠷᠦᠯ ᠤᠨ ᠨᠢᠷᠣᠭᠤᠪᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠣᠨ ᠦᠢᠯᠡᠳᠬᠦᠨ ᠤ ᠶᠠᠰᠤ ᠴᠢᠨᠠᠷ ᠤᠨ | ᠠᠮᠠᠯᠠᠯᠲᠠ ᠬᠢᠬᠦ ᠠᠵᠢᠯᠯᠠᠭ᠎ᠠ ᠶᠢ ᠥᠷᠨᠢᠭᠦᠯᠵᠦ᠂ ᠠᠮᠠᠯᠠᠯᠳᠠ ᠬᠢᠭᠰᠡᠨ ᠠᠵᠤ ᠠᠬᠤᠶᠢᠯᠠᠯ ᠳᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠦᠷ᠎ᠡ ᠳ᠋ᠦᠩ ᠢ ᠢᠯᠡ ᠨᠠᠶᠢᠳᠡᠯᠠᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ | ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠵᠢᠯᠣᠭᠤᠳᠣᠨ᠂ | ᠠᠵᠢᠯ ᠲᠦᠷᠦᠯ ᠤᠨ ᠦᠨᠡᠨᠴᠢ ᠢᠲᠡᠭᠡᠮᠵᠢᠳᠠᠢ ᠪᠠᠶᠢᠬᠤ ᠨᠡᠶᠢᠲᠡ ᠶᠢᠨ ᠭᠡᠷ᠎ᠡ᠂ ᠠᠵᠤ ᠠᠬᠤᠶᠢᠯᠠᠯ ᠤᠨ ᠦᠨᠡᠨᠴᠢ | ᠢᠲᠡᠭᠡᠮᠵᠢᠲᠡᠶ ᠬᠠᠤᠯᠢ ᠶᠢ ᠰᠠᠬᠢᠬᠤ ᠵᠡᠷᠭᠡ ᠳᠡᠰ ᠢ ᠦᠨᠡᠯᠡᠨ ᠵᠢᠱᠢᠬᠦ ᠶᠢ ᠬᠡᠷᠩᠵᠢᠭᠦᠯᠵᠣ᠂ ᠠᠵᠤ ᠠᠬᠤᠶᠢᠯᠠᠯ ᠤᠨ | ᠢᠲᠡᠭᠡᠮᠵᠢ ᠶᠢᠨ ᠦᠵᠡᠯ ᠤᠬᠠᠮᠰᠠᠷ ᠢᠶᠠᠨ ᠳᠡᠭᠡᠭᠰᠢᠯᠡᠭᠦᠯᠭᠦ ᠶᠢ ᠬᠥᠲᠥᠯᠥᠨ ᠵᠢᠯᠣᠭᠤᠳᠣᠨ᠎ᠠ᠃ ᠢᠲᠡᠭᠡᠯ ᠠᠯᠳᠠᠭᠰᠠᠨ | ᠠᠵᠤ ᠠᠬᠤᠶᠢᠯᠠᠯ ᠤᠨ ︽ᠬᠠᠷ᠎ᠠ ᠳᠠᠩᠰᠠ︾ ᠶᠢ ᠨᠡᠶᠢᠲᠡᠯᠡᠨ᠎ᠠ᠃ ︵ᠥᠪᠡᠷᠲᠡᠭᠡᠨ ᠵᠠᠰᠠᠬᠤ ᠣᠷᠣᠨ ᠤ | ᠭᠦᠭᠵᠢᠭᠦᠯᠣᠯᠳᠠ ᠦᠭᠡᠷᠡᠴᠢᠯᠡᠯᠳᠠ ᠶᠢᠨ ᠵᠦᠪᠯᠡᠯ᠂ ᠠᠷᠠᠣᠨ ᠤᠨ ᠪᠠᠩᠬᠢ ᠶᠢᠨ ᠬᠦᠭᠡᠬᠤᠳᠠ ᠶᠢᠨ ᠲᠦᠪ ᠰᠠᠯᠪᠣᠷᠢ | ᠪᠠᠩᠬᠢ ᠲᠦᠷᠣᠭᠦᠯᠡᠵᠣ᠂ ᠦᠪᠡᠷᠳᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠳᠠᠷᠢᠶᠠᠯᠠᠩ | ᠮᠠᠯ ᠠᠵᠣ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠬᠤᠳᠠᠯᠳᠣᠭᠠᠨ ᠤ ᠶᠠᠪᠣᠳᠠᠯ ᠤᠨ ᠲᠢᠩᠬᠢᠮ᠂ | ᠰᠣᠶᠣᠯ ᠤᠨ ᠲᠢᠩᠬᠢᠮ᠂ ᠡᠷᠡᠭᠦᠯ ᠬᠠᠮᠠᠭᠠᠯᠠᠯ ᠲᠦᠯᠣᠪᠯᠡᠭᠡᠳᠣ ᠦᠷᠡᠵᠢᠯ ᠤᠨ ᠵᠦᠪᠯᠡᠯ᠂ ᠠᠵᠤ ᠦᠢᠯᠡᠳᠪᠦᠷᠢ | ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ | ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠢᠨᠲ᠋ᠧᠷ ᠰᠦᠯᠵᠢᠶᠠᠨ ᠤ | ᠮᠡᠳᠡᠭᠡ ᠵᠠᠩᠬᠢ ᠶᠢᠨ ᠠᠯᠪᠡᠨ ᠭᠡᠷ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠦᠷᠢᠶ᠎ᠡ ᠴᠠᠷᠠᠭ᠎ᠠ ᠶᠢᠨ ᠬᠡᠷᠩᠯᠡᠭᠡᠨ ᠤ ᠰᠦᠯᠵᠢᠶ᠎ᠠ ᠶᠢᠨ ᠪᠡᠶ᠎ᠡ ᠶᠢᠨ ᠦᠨᠡᠮᠯᠡᠯ ᠢ ᠠᠬᠢᠭᠤᠯᠵᠣ᠂ | ᠰᠦᠯᠵᠢᠶ᠎ᠠ ᠶᠢᠨ ᠦᠨᠡᠨ ᠨᠡᠷ᠎ᠡ ᠶᠢᠨ ᠲᠦᠷᠢᠮ ᠢ ᠲᠡᠭᠦᠯᠳᠡᠷᠵᠢᠭᠦᠯᠵᠦ᠂ ᠨᠡᠶᠢᠭᠡᠮᠴᠢᠯᠡᠭᠰᠡᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠰᠦᠯᠵᠢᠶᠡᠨ ᠤ ᠢᠲᠡᠭᠡᠮᠵᠢᠲᠦ ᠭᠡᠷᠡᠴᠢᠯᠡᠯᠲᠡ ᠶᠢᠨ ᠦᠢᠯᠡᠴᠢᠯᠡᠭᠡ ᠶᠢ ᠬᠥᠭᠵᠢᠭᠦᠯᠬᠦ ᠶᠢ | ᠵᠣᠷᠢᠬᠵᠢᠭᠤᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠵᠤ | ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ | ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ | ᠲᠣᠪᠴᠢᠶ᠎ᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶ | ︵ᠬᠤᠶᠠᠷ︶ ᠵᠠᠰᠠᠭ ᠵᠠᠬᠢᠷᠭᠠᠨ ᠪᠣᠯᠣᠨ ᠠᠵᠤ ᠠᠬᠤᠶᠢᠯᠠᠯ ᠤᠨ ᠨᠡᠪᠲᠡᠷᠡᠯᠴᠡᠬᠦ ᠪᠠ ᠬᠠᠮᠵᠢᠯᠴᠠᠬᠤ ᠶᠢ | ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠰᠣᠯᠢᠯᠴᠠᠭ᠎ᠠ ᠶᠢ ᠴᠢᠩᠭᠠᠳᠬᠠᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠠᠵᠤ ᠠᠬᠤᠶᠢᠯᠠᠯ ᠯᠤᠭ᠎ᠠ ᠵᠠᠭᠠᠯᠳᠤᠨ ᠢᠯᠡᠴᠢᠯᠡᠭᠦ᠂ ᠬᠠᠤᠯᠢ ᠠᠴᠠ | ᠵᠥᠷᠢᠴᠡᠭᠰᠡᠨ ᠬᠡᠷᠡᠭ ᠤᠨ ᠮᠡᠳᠡᠭᠡ ᠵᠠᠩᠭᠢ ᠶᠢᠨ ᠮᠡᠳᠡᠭᠡᠯᠡᠬᠦ ᠲᠣᠭᠲᠠᠴᠠ ᠶᠢ ᠪᠠᠶᠢᠭᠤᠯᠣᠨ᠎ᠠ᠃ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠪᠣᠯᠤᠨ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠨ ᠤ ᠨᠡᠶᠢᠬᠡᠮᠯᠢᠭ᠂ ᠠᠵᠢᠯ ᠨᠢᠭᠡᠲᠡᠨ ᠤ | ᠨᠠᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠨᠠᠪᠳᠡᠷᠡᠯᠴᠡᠭᠡ ᠬᠠᠷᠢᠯᠴᠠᠭ᠎ᠠ ᠶᠢ | ᠴᠢᠩᠭᠠᠳᠬᠠᠵᠤ᠂ ᠢᠯᠨ ᠨᠠᠶᠢᠳᠡᠯᠡᠭᠦ᠂ ᠪᠣᠯᠵᠣᠨ ᠶᠠᠷᠢᠯᠴᠠᠬᠤ ᠠᠵᠢᠯ ᠤᠨ ᠲᠣᠭᠲᠠᠴᠠ ᠶᠢ ᠳᠡᠭᠦᠯᠳᠡᠷᠵᠢᠭᠦᠯᠣᠨ᠂ | ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠴᠣ ᠬᠠᠤᠯᠢ ᠠᠴᠠ ᠵᠥᠷᠢᠴᠡᠨ ᠶᠠᠯ᠎ᠠ ᠭᠢᠭᠦ ᠶᠢ ᠬᠠᠮᠲᠤ ᠪᠠᠷ | ᠰᠡᠷᠭᠡᠶᠢᠯᠡᠭᠦ ᠪᠠ ᠴᠣᠬᠢᠯᠲᠠ ᠦᠭᠭᠦᠨ᠎ᠠ᠃ ︵ᠦᠪᠡᠷᠳᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ᠂ ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠰᠣᠶᠣᠯ ᠤᠨ ᠲᠢᠩᠬᠢᠮ᠂ | ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ | ᠢᠨᠲ᠋ᠧᠷ ᠰᠦᠯᠵᠢᠶᠠᠨ ᠤ ᠮᠡᠳᠡᠭᠡ ᠵᠠᠩᠬᠢ ᠶᠢᠨ ᠠᠯᠪᠡᠨ ᠭᠡᠷ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ | ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ | ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶ | ︵ᠭᠤᠷᠪᠠ︶ ᠶᠠᠷᠢᠶ᠎ᠠ ᠬᠡᠯᠡᠯᠴᠡᠭᠡ ᠪᠠ ᠨᠡᠶᠢᠭᠡᠮ ᠤᠨ ᠬᠢᠨᠠᠯᠲᠠ ᠲᠡᠯᠪᠢᠯᠲᠠ ᠶᠢ ᠴᠢᠩᠭᠠᠳᠬᠠᠨ᠎ᠠ᠃ ᠡᠯ᠎ᠡ | ᠲᠥᠷᠥᠯ ᠤᠨ ᠵᠠᠭᠤᠴᠢᠯᠠᠭᠤᠷ ᠪᠣᠯᠣᠨ ᠰᠦᠯᠵᠢᠶ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠥᠷᠭᠡᠨ | ᠳᠡᠯᠭᠡᠷ ᠤᠬᠠᠭᠤᠯᠤᠨ ᠮᠡᠳᠡᠭᠡᠯᠡᠵᠦ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠣᠭ᠍ᠰᠡᠨ ᠦᠢᠯᠨ | ᠠᠵᠢᠯᠯᠠᠭ᠎ᠠ ᠶᠢ ᠢᠯᠡᠴᠢᠯᠡᠨ᠂ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢᠨ ᠰᠡᠷᠡᠮᠵᠢ ᠶᠢ | ᠴᠠᠭ ᠲᠤᠬᠠᠶ ᠳᠤᠨᠢ ᠨᠡᠶᠢᠲᠡᠯᠡᠵᠦ᠂ ᠬᠠᠤᠯᠢ ᠠᠴᠠ ᠵᠥᠷᠢᠴᠡᠨ ᠶᠠᠯ᠎ᠠ ᠬᠢᠭᠦ ᠶᠢ ᠰᠦᠷᠳᠡᠭᠦᠯᠵᠦ᠂ ᠬᠡᠷᠡᠭᠯᠡᠭᠴᠢᠳ ᠤᠨ | ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠣᠭ᠍ᠰᠡᠨ ᠲᠠᠸᠠᠷ ᠢ ᠬᠤᠷᠢᠭᠯᠠᠬᠤ ᠦᠵᠡᠯ ᠤᠬᠠᠮᠰᠠᠷ ᠢ ᠨᠢ | ᠰᠠᠨᠠᠭᠠᠴᠢᠯᠠᠭ᠎ᠠ ᠠᠴᠠ ᠪᠠᠨ ᠴᠢᠩᠭᠠᠷᠠᠭᠤᠯᠣᠨ᠎ᠠ᠃ ᠰᠦᠯᠵᠢᠶᠡᠨ ᠳᠡᠭᠡᠷ᠎ᠡ ᠵᠠᠭᠠᠯᠳᠤᠨ ᠢᠯᠡᠴᠢᠯᠡᠭᠦ ᠵᠠᠮ ᠰᠣᠪᠠᠭ ᠢ | ᠰᠢᠯᠣᠭᠤᠣᠠᠬᠠᠵᠣ᠂ ᠬᠡᠷᠡᠭᠯᠡᠭᠴᠢᠳ᠂ ᠡᠷᠭᠡ ᠠᠰᠢᠬᠲᠦ ᠬᠦᠮᠦᠨ ᠵᠣᠷᠢᠬᠵᠢᠭᠤᠯᠣᠨ ᠭᠦᠳᠣᠯᠣᠨ ᠵᠢᠯᠣᠭᠤᠣᠡᠴᠣ | ᠪᠠᠶᠢᠭᠠᠣᠨ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠴᠣ ᠬᠠᠤᠯᠢ ᠠᠴᠠ ᠵᠥᠷᠢᠴᠡᠨ ᠶᠠᠯ᠎ᠠ ᠬᠢᠭᠰᠡᠨ | ᠠᠵᠢᠯᠯᠠᠭ᠎ᠠ ᠶᠢ ᠢᠳᠡᠪᠬᠢᠲᠡᠶ ᠪᠠᠷ ᠵᠠᠭᠠᠯᠳᠤᠭᠤᠯᠣᠨᠠ᠃ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠡᠯ᠎ᠡ | ᠵᠦᠢᠯ ᠤᠨ ᠦᠵᠡᠭᠦᠯᠦᠯᠭᠡ ᠵᠡᠷᠭᠡ ᠳᠠᠯᠠᠪᠣᠷ ᠢ ᠢᠳᠡᠪᠬᠢᠲᠡᠶ ᠪᠠᠷ ᠠᠰᠢᠭᠯᠠᠵᠤ᠂ ᠮᠡᠨ ᠤᠨ ᠣᠷᠣᠨ ᠤ ᠢᠨᠲ᠋ᠧᠷ | ᠰᠦᠯᠵᠢᠶ᠎ᠠ ᠶᠢᠨ ᠬᠦᠷᠢᠶ᠎ᠠ ᠴᠠᠷᠠᠭᠠᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠭᠦ ᠦᠢᠯᠨ ᠠᠵᠢᠯᠯᠠᠭ᠎ᠠ ᠳᠤ | ᠴᠣᠬᠢᠯᠲᠠ ᠥᠭᠬᠦ ᠠᠵᠢᠯ ᠤᠨ ᠦᠷ᠎ᠡ ᠪᠦᠲᠦᠮᠵᠢ ᠶᠢ ᠤᠬᠠᠭᠤᠯᠣᠨ ᠳᠡᠯᠭᠡᠨ ᠦᠵᠡᠭᠦᠯᠵᠣ᠂ ᠢᠲᠡᠭᠡᠯ ᠢ ᠨᠡᠮᠡᠭᠳᠡᠭᠦᠯᠣᠨ | ᠰᠡᠵᠢᠭ ᠡᠷᠡᠭᠡᠯᠵᠡᠭᠡ ᠶᠢ ᠨᠢ ᠳᠠᠶᠢᠯᠵᠣ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ | ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠭᠦ ᠳᠤ | ᠴᠣᠬᠢᠯᠲᠠ ᠥᠭᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠦᠷᠦᠭᠦᠯᠡᠵᠣ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠢ ᠰᠢᠭᠤᠶ ᠶᠢᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ | ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ | ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ | ᠠᠯᠪᠠᠨ ᠭᠡᠷ᠂ ᠠᠷᠠᠯᠵᠢᠶ᠎ᠠ ᠶᠢ ᠠᠬᠢᠭᠤᠯᠬᠤ ᠵᠦᠪᠯᠡᠯ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ | ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶ | | |