9 ᠳ᠋ᠤᠭᠡᠷ ᠰᠠᠷ᠎ᠠ ᠶᠢᠨ 27 ᠤ ᠡᠳᠦᠷ᠂ ᠬᠦᠬᠡᠬᠤᠳᠠ ᠳᠤ ᠬᠤᠷᠠᠯᠳᠤᠭᠰᠠᠨ ᠪᠦᠭᠦ ᠤᠷᠤᠨ ᠤ ᠬᠠᠤᠯᠢ | ᠴᠠᠭᠠᠵᠠ ᠶᠢᠨ ᠵᠠᠰᠠᠬ ᠵᠠᠬᠢᠷᠭᠠᠨ ᠤ ᠡᠩᠨᠡᠭᠡ ᠶᠢᠨ ᠪᠠᠶᠢᠭᠤᠯᠤᠯᠳᠠ ᠶᠢᠨ ᠠᠵᠢᠯ ᠤᠨ ᠬᠤᠷᠠᠯ ᠠᠴᠠ᠂ ᠪᠦᠬᠦ ᠤᠷᠤᠨ ᠤ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ︽ᠠᠷᠪᠠᠨ ᠰᠤᠳᠤᠨ ᠬᠠᠮᠳᠤ ᠨᠠᠶᠢᠳᠡ︾ ᠪᠠ ︽ᠠᠷᠪᠠᠨ | ᠰᠤᠳᠤᠨ ᠬᠤᠪᠢ ᠬᠦᠮᠦᠨ︾ ᠢ ᠬᠦᠬᠢᠭᠦᠯᠦᠨ ᠰᠠᠶᠢᠰᠢᠶᠠᠪᠠ᠃ | ᠤᠢᠢᠷ᠎ᠠ ᠶᠢᠨ ᠵᠢᠯ ᠳᠤ᠂ ᠮᠠᠨ ᠤ ᠤᠷᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠯ᠎ᠠ | ᠲᠠᠯ᠎ᠠ ᠶᠢᠨ ᠠᠵᠢᠯ ᠦᠰᠦᠷᠦᠯᠳᠡ ᠶᠢᠨ ᠴᠢᠨᠠᠷᠳᠠᠢ ᠬᠦᠭᠵᠢᠯᠳᠠ ᠲᠠᠢ ᠪᠤᠯᠵᠦ᠂ ᠨᠡᠶᠢᠭᠡᠮ ᠲᠤᠭᠤᠷᠢᠭ ᠤᠨ ᠵᠠᠰᠠᠨ | ᠵᠠᠯᠠᠷᠠᠭᠤᠯᠬᠤ᠂ ᠮᠡᠳᠡᠭᠡ ᠵᠠᠩᠭᠢᠵᠢᠯᠳᠠ ᠶᠢᠨ ᠪᠠᠶᠢᠭᠤᠯᠤᠯᠳᠠ ᠵᠡᠷᠭᠡ ᠤᠯᠠᠨ ᠲᠠᠯ᠎ᠠ ᠶᠢᠨ ᠠᠵᠢᠯ ᠪᠦᠭᠦ ᠤᠯᠤᠰ ᠤᠨ | ᠡᠮᠦᠨ᠎ᠡ ᠡᠩᠨᠡᠭᠡ ᠳᠤ ᠤᠷᠤᠪᠠ᠃ ᠡᠩᠨᠡᠭᠡ ᠶᠢᠨ ᠪᠠᠶᠢᠭᠤᠯᠤᠯᠳᠠ ᠶᠢᠨ ᠠᠵᠢᠯ ᠨᠢ ᠬᠠᠤᠯᠢ ᠴᠠᠭᠠᠵᠠ ᠶᠢᠨ ᠵᠠᠰᠠᠬ | ᠵᠠᠬᠢᠷᠭᠠᠨ ᠤ ᠰᠢᠰᠲ᠋ᠧᠮ ᠤᠨ ᠠᠵᠢᠯ ᠤᠨ ᠬᠦᠭᠵᠢᠯᠳᠠ ᠲᠠᠪᠰᠢᠯᠳᠠ ᠳᠤ ᠬᠦᠴᠦᠳᠤ ᠪᠠᠳᠤᠯᠠᠭ᠎ᠠ ᠬᠠᠨᠭ᠍ᠭᠠᠵᠦ᠂ ᠭᠦᠸᠧ | ᠡᠯ ᠯᠢᠩ᠂ ᠵᠢᠶᠠ ᠵᠠᠨ ᠴᠢᠤᠸᠠᠨ᠂ ᠵᠤᠤ ᠶᠠᠨ ᠯᠢ ᠵᠡᠷᠭᠡ ᠲᠡᠷᠢᠬᠦᠨ ᠤ ᠨᠡᠶᠢᠲᠡᠯᠢᠭ ᠵᠢᠱᠢᠶ᠎ᠡ᠂ 90 ᠭᠠᠷᠤᠢ ᠬᠠᠮᠳᠤ | ᠨᠡᠶᠢᠲᠡ ᠪᠠ 240 ᠭᠠᠷᠤᠢ ᠬᠤᠪᠢ ᠬᠦᠮᠦᠨ ᠮᠤᠵᠢ ᠶᠢᠨ ᠲᠡᠰ ᠠᠴᠠ ᠲᠡᠭᠡᠭᠰᠢᠭᠢ ᠬᠦᠭᠢᠭᠦᠯᠦᠯ ᠰᠠᠶᠢᠰᠢᠶᠠᠯ ᠢ | ᠬᠦᠷᠳᠡᠪᠡ᠃ | ᠬᠤᠷᠠᠯ ᠲᠡᠭᠡᠷ᠎ᠡ᠂ ᠪᠤᠭᠤᠳᠤ ᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ᠂ ᠰᠢᠯᠢ ᠶᠢᠨ ᠭᠤᠤᠯ | ᠠᠶᠢᠮᠠᠬ ᠤᠨ ᠬᠠᠤᠯᠢ ᠴᠠᠭᠠᠵᠠ ᠶᠢᠨ ᠲᠤᠪᠴᠢᠶ᠎ᠠ᠂ ᠵᠠᠯᠠᠨ ᠠᠶᠢᠯ ᠳᠠᠬᠢ ᠬᠢᠨᠳᠠᠨ᠂ ᠦᠬᠠᠢ ᠬᠤᠳᠠ ᠶᠢᠨ | ᠠᠯᠪᠠᠳᠠᠯᠭ᠎ᠠ ᠪᠠᠷ ᠳᠤᠰᠠᠭᠠᠷᠯᠠᠨ ᠬᠤᠤᠷ᠎ᠠ ᠲᠠᠶᠢᠯᠤᠭᠤᠯᠬᠤ ᠭᠠᠵᠠᠷ ᠵᠡᠷᠭᠡ 4 ᠪᠠᠶᠢᠭᠤᠯᠭ᠎ᠠ ᠨᠢᠭᠡᠴᠡ ᠡᠩᠨᠡᠭᠡ ᠶᠢᠨ | ᠪᠠᠶᠢᠭᠤᠯᠤᠯᠳᠠ ᠶᠢᠨ ᠲᠤᠷᠰᠢᠯᠭ᠎ᠠ ᠪᠠᠨ ᠲᠠᠨᠢᠯᠴᠠᠭᠤᠯᠤᠭᠰᠠᠨ ᠪᠦᠭᠡᠳ ᠬᠤᠷᠠᠯ ᠳᠤ ᠤᠷᠤᠯᠴᠠᠬᠰᠠᠳ ᠲᠦᠡᠭᠯᠢᠶᠤᠤ | ᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ ᠵᠡᠷᠭᠡ 5 ᠪᠠᠶᠢᠭᠤᠯᠭ᠎ᠠ ᠨᠢᠭᠡᠴᠡ ᠶᠢᠨ ᠦᠷ᠎ᠠ ᠪᠦᠲᠦᠭᠡᠯ ᠤᠨ | ᠦᠵᠡᠰᠭᠦᠯᠡᠩ ᠢ ᠲᠤᠭᠤᠷᠢᠨ ᠦᠵᠡᠵᠤ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢᠨ ᠪᠠᠶᠢᠭᠤᠯᠤᠯᠳᠠ ᠶᠢᠨ ᠬᠡᠷᠡᠭᠵᠢᠭᠦᠯᠭᠦ ᠰᠠᠨᠠᠯ︾ ᠵᠡᠷᠭᠡ ᠵᠢᠷᠤᠮᠵᠢᠯ ᠤᠨ | ᠴᠢᠨᠠᠷᠳᠠᠢ ᠪᠢᠴᠢᠭ ᠮᠠᠲ᠋ᠧᠷᠢᠶᠠᠯ ᠢ ᠰᠤᠷᠤᠯᠴᠠᠪᠠ᠃ |