ᠯᠢ ᠫᠧᠩ ᠰᠢᠨ᠄ ᠰᠤᠷᠤᠯᠴᠠᠯᠭ᠎ᠠ ᠬᠦᠮᠦᠵᠢᠯ ᠢ ᠨᠠᠮ ᠤᠨ ᠪᠠᠶᠢᠭᠤᠯᠤᠯᠳᠠ ᠶᠢᠨ ᠠᠵᠢᠯ ᠤᠨ ᠲᠡᠷᠢᠭᠦᠨ ᠡᠭᠦᠷᠭᠡ ᠪᠤᠯᠭᠠᠨ ᠴᠢᠩᠭ᠎ᠠ ᠪᠤᠳᠠᠳᠠᠢ ᠪᠦᠳᠦᠮᠵᠢᠳᠡᠢ ᠠᠳᠬᠤᠬᠤ ᠬᠡᠷᠡᠭᠳᠡᠢ
ᠨᠡᠶᠢᠲᠡᠯᠡᠭᠰᠡᠨ ᠴᠠᠭ᠄
2016/9/28
      9 ᠳ᠋ᠤᠭᠡᠷ ᠰᠠᠷ᠎ᠠ ᠶᠢᠨ 27᠎ ᠤ ᠡᠳᠦᠷ᠂ ᠪᠦᠬᠦ ᠤᠷᠤᠨ ᠤ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠴᠠᠭᠠᠨ ᠰᠤᠳᠤᠯᠵᠤ ᠵᠢᠯᠤᠭᠤᠳᠬᠤ ᠠᠵᠢᠯ ᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠲᠦᠪ ᠤᠨ ᠴᠢᠬᠤᠯᠠ ᠪᠠᠶᠢᠷᠢᠯᠠᠭᠤᠯᠤᠯᠳᠠ ᠪᠤᠯᠤᠨ ᠦᠪᠡᠷᠳᠡᠭᠡᠨ ᠵᠠᠰᠬᠠᠤ ᠤᠷᠤᠨ ᠤ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠲᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ᠰᠢᠮᠳᠠᠭᠤᠯᠤᠨ ᠵᠢᠯᠤᠭᠤᠳᠤᠬᠰᠠᠨ ᠪᠠᠶᠢᠳᠠᠯ ᠤᠨ ᠵᠠᠷᠯᠠᠯ ᠢ ᠤᠯᠠᠮᠵᠢᠯᠠᠵᠤ᠂ ᠲᠠᠷᠠᠭᠠᠴᠢ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠯᠢ ᠫᠧᠩ ᠰᠢᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠯᠢ ᠫᠧᠩ ᠰᠢᠨ ᠵᠢᠭᠠᠵᠤ ᠭᠠᠷᠭᠠᠬᠰᠠᠨ ᠨᠢ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠶᠠᠭ ᠰᠠᠶᠢᠬᠠᠨ ᠬᠦᠨᠵᠡᠭᠡᠶᠢᠷᠡᠭᠦᠯᠦᠨ ᠠᠬᠢᠭᠤᠯᠬᠤ ᠵᠠᠩᠬᠢᠯᠠᠭ᠎ᠠ ᠶᠢᠨ ᠱᠠᠳᠤᠨ ᠳᠤ ᠤᠷᠤᠰᠢᠵᠤ ᠪᠤᠢ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠢᠨ ᠦᠵᠡᠯ ᠰᠠᠨᠠᠭ᠎ᠠ ᠲᠠᠨᠢᠯᠳᠠ ᠪᠠᠨ ᠴᠢᠨᠠᠬᠰᠢᠳᠠ ᠬᠦᠨᠵᠡᠭᠡᠶᠢᠷᠡᠭᠦᠯᠵᠤ᠂ ᠰᠤᠷᠤᠯᠴᠠᠯᠭ᠎ᠠ ᠪᠠᠷ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ ᠶᠢ ᠠᠬᠢᠭᠤᠯᠵᠤ᠂ ᠰᠤᠷᠤᠯᠴᠠᠬᠤ ᠶᠢᠨ ᠲᠠᠭᠠᠤ ᠴᠡᠭᠴᠡᠯᠡᠵᠤ᠂ ᠲᠤᠰ ᠪᠡᠶ᠎ᠡ ᠶᠢᠨ ᠤᠷᠤᠰᠢᠵᠤ ᠪᠦᠬᠦᠢ ᠠᠰᠠᠭᠤᠳᠠᠯ ᠪᠠ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠨᠠᠮ ᠤᠨ ᠡᠭᠦᠷ ᠤᠨ ᠭᠤᠤᠯ ᠴᠤᠬᠴᠠ ᠶᠢᠨ ᠦᠢᠯᠡᠳᠦᠯ ᠢ ᠪᠠᠳᠠᠷᠠᠭᠤᠯᠤᠨ᠂ ᠨᠠᠮ ᠤᠨ ᠬᠡᠰᠢᠭᠦᠨ ᠤ ᠡᠳᠦᠷ ᠲᠤᠳᠤᠮ ᠤᠨ ᠬᠦᠮᠦᠵᠢᠯ ᠤᠨ ᠬᠠᠮᠢᠶᠠᠷᠤᠯᠳᠠ ᠶᠢ ᠰᠠᠶᠢᠳᠤᠷ ᠠᠳᠬᠤᠵᠤ᠂ ᠦᠷᠭᠦᠯᠵᠢ ᠬᠠᠮᠢᠶᠠᠷᠤᠨ ᠦᠷᠭᠦᠯᠵᠢ ᠴᠢᠩᠳᠠᠯᠠᠬᠤ᠂ ᠵᠤᠷᠢᠬᠳᠠᠢ ᠪᠠᠷ ᠬᠠᠮᠢᠶᠠᠷᠤᠨ ᠵᠤᠷᠢᠬᠳᠠᠢ ᠪᠠᠷ ᠴᠢᠩᠳᠠᠯᠠᠬᠤ᠂ ᠦᠨᠡᠨᠭᠦ ᠬᠠᠮᠢᠶᠠᠷᠤᠨ ᠦᠨᠡᠨᠭᠦ ᠴᠢᠩᠳᠠᠯᠠᠬᠤ ᠱᠠᠭᠠᠷᠳᠠᠯᠭ᠎ᠠ ᠶᠢ ᠦᠨᠳᠦᠰᠦᠨ ᠱᠠᠳᠤᠨ ᠳᠤ ᠨᠡᠶᠢᠳᠡᠪᠦᠷᠢᠵᠢᠭᠤᠯᠬᠤ ᠬᠡᠷᠡᠭᠳᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号