9 ᠳ᠋ᠤᠭᠡᠷ ᠰᠠᠷ᠎ᠠ ᠶᠢᠨ 27 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ | ᠵᠢᠷᠭᠤᠳᠤᠭᠠᠷ ᠬᠤᠷᠠᠯ ᠬᠦᠬᠡᠬᠤᠳᠠ ᠳᠤ ᠡᠬᠢᠯᠡᠪᠡ᠃ ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ ︵ᠲᠦᠰᠦᠯ ᠳᠤ ᠵᠠᠰᠠᠪᠤᠷᠢ ᠤᠷᠤᠭᠤᠯᠤᠬᠰᠠᠨ | ᠨᠤᠤᠷᠠᠬ︶︾ ᠵᠡᠷᠭᠡ ᠵᠦᠢᠯᠡᠰ ᠢ ᠬᠢᠨᠡᠨ ᠵᠦᠪᠯᠡᠭᠦ ᠪᠤᠯᠤᠨ᠎ᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠲᠡᠳ᠋ ᠡᠷᠬᠢᠯᠡᠭᠴᠢ ᠬᠤᠷᠴᠡ ᠠᠩᠬᠠᠳᠣᠭᠠᠷ ᠣᠳᠠᠭ᠎ᠠ ᠶᠢᠨ ᠪᠦᠭᠦᠳᠡ ᠬᠤᠷᠠᠯ ᠢ ᠡᠷᠬᠢᠯᠡᠵᠦ᠂ ᠲᠡᠳ᠋ | ᠡᠷᠬᠢᠯᠡᠭᠴᠢ ᠳ᠋ᠥ᠋ ᠽᠢ᠂ ᠬᠠᠨᠭ᠌ ᠭᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ | ᠪᠢᠴᠢᠭ ᠤᠨ ᠲᠠᠷᠤᠭ᠎ᠠ ᠰᠦᠨ ᠬᠤᠢ ᠮᠢᠨ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ | ᠲᠡᠷᠢᠭᠦᠯᠡᠭᠴᠢ ᠶᠦᠨ ᠭᠤᠸᠠᠩ ᠵᠦᠡᠭ ᠬᠤᠷᠠᠯ ᠳᠤ ᠰᠤᠯᠠ ᠤᠷᠤᠯᠴᠠᠵᠠᠢ᠃ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠵᠢᠷᠭᠤᠳᠤᠭᠠᠷ ᠬᠤᠷᠠᠯ ᠤᠨ ᠵᠦᠪᠯᠡᠭᠦ ᠵᠦᠢᠯᠡᠰ ᠢ | ᠪᠠᠳᠤᠯᠠᠬᠰᠠᠨ ᠤ ᠲᠠᠷᠠᠭ᠎ᠠ᠂ ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ ︵ᠲᠦᠰᠦᠯ︶︾ ᠢ ᠬᠢᠨᠠᠡ ᠵᠦᠪᠯᠡᠭᠰᠡᠨ ᠦᠷ᠎ᠠ ᠳ᠋ᠥᠡᠭ ᠤᠨ | ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ | ᠲᠦᠷᠢᠮ ᠤᠨ ᠵᠦᠪᠯᠡᠯ ᠤᠨ ᠮᠡᠳᠡᠭᠦᠯᠦᠯᠳᠡ ᠶᠢ ᠰᠤᠨᠤᠰᠪᠠ᠃ ᠦᠨᠳᠦᠰᠦᠳᠡᠨ ᠤ ᠰᠤᠷᠭᠠᠨ ᠬᠦᠮᠦᠵᠢᠯ ᠤᠨ ᠤᠷᠤᠨ | ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠳᠣᠭᠳᠠᠭᠠᠬᠤ ᠨᠢ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ | ᠬᠠᠣᠯᠢ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠨᠳᠦᠰᠦᠳᠡᠨ ᠤ ᠰᠤᠷᠭᠠᠨ ᠬᠦᠮᠦᠵᠢᠯ ᠤᠨ ᠬᠦᠭᠵᠢᠯᠳᠠ ᠶᠢᠨ | ᠬᠠᠷᠠᠯᠳᠠ ᠶᠢ ᠪᠡᠶᠡᠯᠡᠭᠦᠯᠵᠦ᠂ ᠦᠨᠳᠦᠰᠦᠳᠡᠨ ᠨᠦᠭᠦᠳ ᠡᠷᠭᠡ ᠲᠡᠭᠰᠢ᠂ ᠪᠦᠯᠭᠦᠮᠳᠡᠯ ᠲᠠᠢ ᠪᠠᠶᠢᠬᠤ ᠪᠠ ᠬᠠᠮᠳᠤᠪᠡᠷ | ᠴᠡᠴᠡᠭᠯᠡᠨ ᠬᠦᠭᠵᠢᠬᠦ ᠶᠢ ᠪᠡᠶᠡᠯᠡᠭᠦᠯᠭᠦ ᠳᠤ ᠴᠦᠮ ᠴᠢᠬᠤᠯᠠ ᠠᠴᠢ ᠬᠤᠯᠪᠣᠭᠳᠠᠯ ᠲᠠᠢ᠃ | ᠬᠤᠷᠠᠯ ᠠᠴᠠ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠨᠤᠳᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠭᠦ ᠲᠦᠷᠢᠮ ︵ᠵᠠᠰᠠᠪᠤᠷᠢ ᠤᠷᠤᠭᠤᠯᠤᠬᠰᠠᠨ ᠲᠦᠰᠦᠯ︶︾ ᠢ ᠬᠢᠨᠡᠨ ᠵᠦᠪᠯᠡᠭᠰᠡᠨ | ᠦᠷ᠎ᠠ ᠳ᠋ᠥᠡᠭ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠠᠤᠯᠢ ᠲᠦᠷᠢᠮ ᠤᠨ ᠵᠦᠪᠯᠡᠯ ᠤᠨ ᠮᠡᠳᠡᠭᠦᠯᠦᠯᠳᠡ ᠶᠢ ᠰᠤᠨᠤᠰᠪᠠ᠃ ᠤᠢ ᠰᠢᠭᠤᠢ ᠨᠤᠳᠤᠭ ᠪᠡᠯᠴᠢᠭᠡᠷ ᠤᠨ | ᠲᠦᠢᠮᠡᠷ ᠤᠨ ᠠᠶᠤᠯ ᠢ ᠪᠦᠲᠦᠮᠵᠢᠳᠠᠢ ᠰᠡᠷᠭᠡᠶᠢᠯᠡᠬᠦ ᠪᠠ ᠤᠨᠳᠠᠷᠠᠭᠠᠵᠦ᠂ ᠠᠷᠠᠳ ᠲᠦᠮᠨᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠶᠢᠨ ᠲᠦᠯᠦᠭᠡ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠤᠢ | ᠰᠢᠭᠤᠢ ᠶᠢᠨ ᠲᠦᠢᠮᠡᠷ ᠢ ᠰᠡᠷᠭᠡᠶᠢᠯᠡᠭᠦ ᠲᠦᠷᠢᠮ︾ ᠪᠠ ︽ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠭᠦ ᠲᠦᠷᠢᠮ︾ | ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠤᠳᠤ ᠶᠢᠨ ᠬᠡᠷᠡᠭᠵᠢᠭᠦᠯᠵᠦ ᠪᠠᠶᠢᠭ᠎ᠠ ᠤᠢ ᠰᠢᠭᠤᠢ ᠨᠤᠳᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠭᠦ ᠲᠦᠷᠢᠮ ᠳᠤ ᠵᠠᠰᠠᠪᠤᠷᠢ ᠤᠷᠤᠭᠤᠯᠬᠤ ᠨᠢ ᠮᠠᠰᠢ ᠴᠢᠬᠤᠯᠠ ᠲᠠᠢ᠃ | ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠢ | ᠬᠠᠮᠠᠭᠠᠯᠠᠬᠤ ᠲᠦᠷᠢᠮ ︵ᠲᠦᠰᠦᠯ︶︾ ᠢ 2016 ᠤᠨ ᠤ 9 ᠳ᠋ᠤᠭᠡᠷ ᠰᠠᠷ᠎ᠠ ᠶᠢᠨ 18 ᠤ ᠡᠳᠦᠷ ᠬᠤᠷᠠᠯᠳᠣᠭᠰᠠᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ 75 ᠳ᠋ᠤᠭᠠᠷ ᠤᠳᠠᠭ᠎ᠠ ᠶᠢᠨ ᠪᠠᠶᠢᠡᠭᠭᠤ ᠶᠢᠨ | ᠬᠤᠷᠠᠯ ᠠᠴᠠ ᠶᠠᠷᠢᠯᠴᠠᠨ ᠪᠠᠳᠤᠯᠠᠪᠠ᠃ ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠲᠦᠷᠢᠮ ︵ᠲᠦᠰᠦᠯ︶︾ ᠤᠨ ᠲᠤᠬᠠᠢ ᠦᠪᠡᠷᠳᠡᠭᠡᠨ ᠵᠠᠰᠠᠬᠤ | ᠤᠷᠤᠨ ᠤ ᠰᠤᠶᠤᠯ ᠤᠨ ᠲᠢᠩᠭᠢᠮ ᠤᠨ ᠲᠤᠳᠤᠷᠬᠠᠢᠢᠯᠠᠯᠳᠠ ᠶᠢ ᠰᠤᠨᠤᠰᠪᠠ᠃ | ᠬᠤᠷᠠᠯ ᠠᠴᠠ᠂ ︽︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠯ᠎ᠠ ᠱᠠᠳᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠰᠤᠩᠭᠤᠭᠤᠯᠢ ᠶᠢᠨ ᠬᠡᠷᠡᠭᠵᠢᠭᠦᠯᠭᠦ ᠨᠠᠷᠢᠨ ᠲᠦᠷᠢᠮ﹀ ᠵᠡᠷᠭᠡ ᠳᠣᠯᠣᠭᠠᠨ | ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠳᠤ ᠵᠠᠰᠠᠪᠤᠷᠢ ᠤᠷᠤᠭᠤᠯᠬᠤ ᠲᠦᠰᠦᠯ ︵ᠲᠦᠰᠦᠯ︶︾ ᠤᠨ | ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠠᠵᠢᠯᠳᠠᠨ ᠤ ᠶᠠᠪᠤᠳᠠᠯ ᠤᠨ ᠲᠦᠯᠦᠭᠡᠯᠡᠭᠴᠢ ᠶᠢᠨ ᠰᠤᠩᠭᠤᠭᠤᠯᠢ ᠶᠢᠨ ᠠᠵᠢᠯ ᠤᠨ ᠵᠦᠪᠯᠡᠯ ᠤᠨ | ᠲᠤᠳᠤᠷᠬᠠᠢᠢᠯᠠᠯᠳᠠ ᠶᠢ ᠰᠤᠨᠤᠰᠪᠠ᠃ ᠤᠯᠤᠰ ᠤᠨ ᠬᠠᠤᠯᠢ ᠴᠠᠭᠠᠵᠠ ᠲᠠᠢ ᠨᠢᠭᠡᠲᠦᠯᠳᠡᠢ ᠪᠠᠶᠢᠯᠭᠠᠬᠤ ᠶᠢᠨ ᠲᠦᠯᠦᠭᠡ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ | ᠤᠳᠤ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠭᠦᠢ ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠢ | ᠡᠮᠬᠢᠯᠡᠨ ᠲᠢᠭᠯᠡᠵᠦ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠯ᠎ᠠ ᠱᠠᠳᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠰᠤᠩᠭᠤᠭᠤᠯᠢ ᠶᠢᠨ ᠬᠡᠷᠡᠭᠵᠢᠭᠦᠯᠭᠦ ᠨᠠᠷᠢᠨ ᠲᠦᠷᠢᠮ︾ ᠵᠡᠷᠭᠡ ᠳᠣᠯᠣᠭᠠᠨ | ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠳᠤ ᠵᠠᠰᠠᠪᠤᠷᠢ ᠤᠷᠤᠭᠤᠯᠬᠤ ᠨᠢ ᠮᠠᠰᠢ ᠴᠢᠬᠤᠯᠠ ᠭᠡᠵᠦ | ᠦᠵᠡᠵᠦ ᠪᠤᠢ᠃ | ᠬᠤᠷᠠᠯ ᠠᠴᠠ᠂ ︽︿ᠬᠦᠬᠡᠬᠤᠳᠠ ᠶᠢᠨ ᠬᠤᠳᠠ ᠶᠢᠨ ᠲᠤᠯᠠᠭᠠᠯᠠᠭ᠎ᠠ ᠶᠢᠨ ᠬᠠᠮᠢᠶᠠᠷᠤᠯᠳᠠ ᠶᠢᠨ ᠲᠦᠷᠢᠮ﹀ ᠳᠤ | ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾ ᠶᠢᠨ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠳᠤᠷᠬᠠᠢᠢᠯᠠᠯᠳᠠ᠂ ︽ᠪᠤᠭᠤᠳᠤ ᠬᠤᠳᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠴᠢᠬᠤᠯᠠ ᠵᠦᠢᠯᠡᠰ ᠢ ᠶᠠᠷᠢᠯᠴᠠᠨ | ᠲᠤᠬᠳᠠᠭᠠᠬᠤ ᠲᠤᠬᠳᠠᠭᠠᠯ︾ ᠤᠨ ᠲᠤᠬᠠᠢ ᠪᠤᠭᠤᠳᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠳᠤᠷᠬᠠᠢᠢᠯᠠᠯᠳᠠ ᠶᠢ ᠳᠣᠰ ᠳᠣᠰ ᠰᠤᠨᠤᠰᠪᠠ᠃ | ᠬᠤᠷᠠᠯ ᠠᠴᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ | ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠲᠦᠷᠢᠮ︾᠂ ︽ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠲᠦᠷᠢᠮ︾ ᠪᠠ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠳᠡᠭᠡᠳᠦ ᠬᠤᠷᠳᠤ ᠶᠢᠨ ᠵᠠᠮ ᠤᠨ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ | ᠪᠠᠶᠢᠴᠠᠭᠠᠭᠰᠠᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠤᠨ ᠮᠡᠳᠡᠭᠦᠯᠦᠯᠳᠡ ᠶᠢ ᠰᠤᠨᠤᠰᠪᠠ᠃ ᠶᠡᠷᠦᠩᠭᠡᠢ ᠳᠤᠨᠢ | ᠦᠵᠡᠪᠡᠯ ᠪᠦᠭᠦ ᠤᠷᠤᠨ ᠤ ᠡᠯ᠎ᠠ ᠱᠠᠳᠤᠨ ᠤ ᠵᠠᠰᠠᠬ ᠤᠨ ᠤᠷᠳᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠢᠶ᠎ᠠ | ᠪᠦᠭᠦᠢ ᠬᠠᠤᠯᠢ ᠳᠣᠭᠳᠠᠭᠠᠯ ᠢ ᠲᠤᠤᠱᠯᠠᠭᠤᠯᠣᠨ ᠨᠠᠶᠢᠳᠠᠪᠣᠷᠢᠵᠢᠭᠤᠯᠬᠤ ᠠᠵᠢᠯ ᠢ ᠲᠡᠭᠡᠳᠤ ᠬᠡᠮᠵᠢᠶ᠎ᠠ ᠪᠠᠷ | ᠬᠦᠨᠳᠦᠳᠭᠡᠵᠦ ᠪᠠᠶᠢᠭ᠎ᠠ ᠪᠦᠭᠡᠳ ᠶᠡᠭᠡ ᠬᠡᠮᠵᠢᠶᠡᠨ ᠤ ᠠᠵᠢᠯ ᠬᠢᠵᠦ᠂ ᠵᠠᠮ ᠬᠠᠷᠢᠯᠴᠠᠭ᠎ᠠ ᠵᠦᠭᠡᠭᠡᠪᠤᠷᠢ ᠶᠢᠨ | ᠦᠢᠯᠡᠰ ᠢ ᠵᠠᠰᠠᠨ ᠴᠡᠭᠴᠡᠯᠡᠭᠦ ᠰᠢᠰᠲ᠋ᠧᠮ ᠪᠠ ᠵᠠᠰᠠᠨ ᠴᠡᠭᠴᠡᠯᠡᠭᠦ ᠴᠢᠳᠠᠪᠤᠷᠢ ᠶᠢᠨ ᠤᠳᠤᠬᠢᠴᠢᠯᠠᠬᠤ ᠪᠦᠲᠦᠭᠡᠨ | ᠪᠠᠶᠢᠭᠤᠯᠤᠯᠳᠠ ᠶᠢ ᠪᠦᠲᠦᠮᠵᠢᠳᠠᠢ ᠠᠬᠢᠭᠤᠯᠪᠠ᠃ | ᠬᠤᠷᠠᠯ ᠠᠴᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠤᠯᠢ︾ ᠪᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︿ᠪᠦᠭᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠶᠢ ᠬᠡᠷᠡᠭᠵᠢᠭᠦᠯᠭᠦ ᠠᠷᠭ᠎ᠠ︾ | ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠮᠡᠳᠡᠭᠦᠯᠦᠯᠳᠡ ᠶᠢ ᠬᠢᠨᠠᠨ ᠵᠦᠪᠯᠡᠭᠰᠡᠨ ᠦᠪᠡᠷᠳᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠠᠨᠠᠯ ᠢ | ᠨᠠᠶᠢᠳᠠᠪᠣᠷᠢᠵᠢᠭᠤᠯᠣᠭᠰᠠᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ | ᠤᠷᠳᠤᠨ ᠤ ᠮᠡᠳᠡᠭᠦᠯᠦᠯᠳᠡ ᠶᠢ ᠰᠤᠨᠤᠰᠪᠠ᠃ ᠵᠠᠰᠠᠭ ᠤᠨ ᠤᠷᠳᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠢᠨᠠᠨ ᠵᠦᠪᠯᠡᠭᠰᠨᠨ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠵᠦ᠂ ︽ | ᠵᠠᠰᠠᠬ ᠤᠨ ᠤᠷᠳᠤᠨ ᠤᠳᠤᠷᠢᠳᠴᠤ᠂ ᠰᠠᠯᠠᠭ᠎ᠠ ᠮᠦᠴᠢᠷ ᠬᠢᠨᠠᠨ ᠬᠠᠮᠢᠶᠠᠷᠴᠤ᠂ ᠨᠡᠶᠢᠭᠡᠮ ᠢᠶᠠᠷ ᠢᠶᠠᠨ ᠬᠤᠯᠪᠤᠭᠠᠯᠠᠵᠦ᠂ | ᠴᠤᠬᠭᠠᠷ ᠠᠳᠬᠤᠨ ᠬᠠᠮᠳᠤᠪᠠᠷ ᠬᠠᠮᠢᠶᠠᠷᠬᠤ᠂ ᠶᠠᠷᠦᠩᠭᠡᠶᠢᠯᠡᠨ ᠴᠡᠭᠴᠡᠯᠡᠭᠦ︾ ᠵᠠᠮ ᠬᠠᠷᠢᠯᠴᠠᠭᠠᠨ ᠤ ᠠᠮᠤᠷ | ᠲᠦᠪᠰᠢᠨ ᠤ ᠠᠵᠢᠯ ᠤᠨ ᠪᠦᠲᠦᠴᠡ ᠶᠢ ᠪᠦᠷᠢᠯᠳᠦᠭᠦᠯᠪᠡ᠃ | ᠬᠤᠷᠠᠯ ᠠᠴᠠ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠤᠨ ᠴᠢᠩᠭ᠎ᠠ ᠲᠦᠷᠢᠮ ᠢ | ᠲᠤᠤᠱᠯᠠᠭᠤᠯᠣᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ | ᠤᠷᠳᠤᠨ ᠤ ᠮᠡᠳᠡᠭᠦᠯᠦᠯᠳᠡ ᠶᠢ ᠰᠤᠨᠤᠰᠪᠠ᠃ ︽12·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠪᠦᠭᠦ ᠤᠷᠤᠨ ᠳᠤ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠤᠨ ᠴᠢᠩᠭ᠎ᠠ ᠲᠦᠷᠢᠮ ᠢ ᠪᠦᠬᠦ | ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠦ᠂ ᠤᠰᠤ ᠬᠡᠷᠡᠭᠯᠡᠭᠦ ᠶᠡᠷᠦᠩᠭᠡᠢ ᠬᠡᠮᠵᠢᠶ᠎ᠠ ᠶᠢᠨ ᠬᠢᠵᠠᠭᠠᠷ ᠱᠤᠭᠤᠮ᠂ ᠤᠰᠤ | ᠬᠡᠷᠡᠭᠯᠡᠭᠦ ᠲᠤᠤᠷᠠᠳᠤ ᠬᠢᠵᠠᠭᠠᠷ ᠪᠠ ᠤᠰᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠤᠯᠠᠭᠠᠨ ᠱᠤᠭᠤᠮ ᠢ | ᠴᠢᠩᠭ᠎ᠠ ᠰᠠᠬᠢᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠠᠵᠢᠯ ᠢᠯᠡᠳᠳᠡ ᠦᠷ᠎ᠠ ᠪᠦᠲᠦᠮᠵᠢ | ᠤᠯᠪᠠ᠃ | ᠬᠤᠷᠠᠯ ᠠᠴᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠬᠠᠤᠯᠢ︾ ᠶᠢ ᠲᠤᠤᠱᠯᠠᠭᠤᠯᠣᠨ ᠬᠡᠷᠡᠭᠵᠢᠭᠦᠯᠦᠭᠰᠡᠨ ᠲᠤᠬᠠᠢ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠬ ᠤᠨ ᠣᠷᠳᠣᠨ ᠤ ᠮᠡᠳᠡᠭᠦᠯᠦᠯᠳᠡ ᠶᠢ ᠰᠤᠨᠤᠰᠪᠠ᠃ ᠰᠢᠨ᠎ᠠ ᠪᠠᠷ ᠵᠠᠰᠠᠪᠤᠷᠢ ᠤᠷᠤᠭᠤᠯᠤᠬᠰᠠᠨ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠶᠢ ᠬᠡᠷᠡᠭᠵᠢᠭᠦᠯᠦᠭᠰᠡᠨ ᠠᠴᠠ ᠨᠠᠰᠢ᠂ ᠪᠦᠭᠦ ᠤᠷᠤᠨ ᠤ ᠡᠯ᠎ᠠ | ᠭᠠᠵᠠᠷ ᠣᠷᠣᠨ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠬᠡᠷᠡᠭᠵᠢᠭᠦᠯᠬᠦ ᠠᠵᠢᠯ ᠢ ᠵᠤᠬᠢᠶᠠᠨ ᠪᠠᠶᠢᠭᠤᠯᠵᠦ᠂ | ᠪᠦᠭᠦ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ︽ᠶᠡᠷᠦᠩᠬᠡᠢ ᠳᠤᠨᠢ ᠬᠢᠵᠠᠭᠠᠷᠯᠠᠵᠤ᠂ ᠬᠡᠰᠡᠭ ᠲᠠᠯ᠎ᠠ ᠪᠠᠷ | ᠰᠠᠶᠢᠵᠢᠷᠠᠬᠰᠠᠨ︾ ᠳᠣᠮᠣ ᠬᠤᠪᠢᠷᠠᠯᠳᠠ ᠲᠠᠢ ᠪᠤᠯᠪᠠ᠃ | | |