ᠥᠪᠥᠷ ᠮᠣᠩᠭᠤᠯ᠄ ︽ᠵᠢᠷᠭᠤᠭᠠᠨ ᠨᠢᠭᠡ ᠪᠦᠯᠦᠭ︾ ᠲᠥᠰᠦᠯ ᠢᠶᠠᠷ ᠬᠡᠦᠬᠡᠳ ᠤᠨ ᠡᠮᠴᠢ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠪᠤᠢ
ᠨᠡᠶᠢᠲᠡᠯᠡᠭᠰᠡᠨ ᠴᠠᠭ᠄
2016/9/28
     2020 ᠣᠨ ᠪᠣᠯᠬᠤ ᠳᠤ᠂ ᠥᠪᠥᠷ ᠮᠣᠩᠭᠤᠯ ᠤᠨ ᠬᠡᠦᠬᠡᠳ ᠤᠨ ᠡᠮᠨᠡᠯᠭᠡ ᠶᠢᠨ ᠠᠵᠢᠯ ᠡᠷᠬᠢᠯᠡᠬᠦ ︵ᠲᠤᠰᠠᠯᠠᠬᠤ︶ ᠡᠮᠴᠢ ᠶᠢᠨ ᠶᠡᠷᠦᠩᠬᠡᠶ ᠲᠤᠭ᠎ᠠ ᠶᠢ 3000 ᠬᠥᠮᠦᠨ ᠳᠤ ᠬᠦᠷᠦᠭᠦᠯᠵᠦ᠂ ᠤᠯᠤᠰ ᠠᠴᠠ ᠲᠣᠭᠲᠠᠭᠠᠭᠰᠠᠨ ᠮᠢᠩᠭᠠᠨ ᠬᠡᠦᠬᠡᠳ ᠲᠤ ᠬᠡᠦᠬᠡᠳ ᠤᠨ ᠡᠮᠨᠡᠯᠭᠡ ᠶᠢᠨ ᠠᠵᠢᠯ ᠡᠷᠬᠢᠯᠡᠬᠦ ︵ᠲᠤᠰᠠᠯᠠᠬᠤ︶ ᠡᠮᠴᠢ 0.69 ᠬᠥᠮᠦᠨ ᠨᠣᠭᠳᠠᠭᠤᠯᠬᠤ ᠭᠦᠢᠴᠡᠳᠬᠡᠬᠦ ᠲᠣᠭᠠᠨ ᠤ ᠱᠠᠭᠠᠷᠳᠠᠯᠭ᠎ᠠ ᠳᠤ ᠬᠦᠷᠦᠭᠦᠯᠦᠨ᠎ᠡ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠣᠨ ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠥᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂  ᠣᠷᠣᠨ ᠲᠤᠭ᠎ᠠ ᠶᠢᠨ ᠵᠥᠪᠯᠡᠯ ᠵᠡᠷᠭᠡ 6 ᠰᠠᠯᠠᠭ᠎ᠠ ᠮᠥᠴᠢᠷ ᠬᠠᠮᠳᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 ᠣᠨ ~ 2020 ᠣᠨ ᠤ ᠬᠡᠦᠭᠡᠳ ᠤᠨ ᠡᠮᠨᠡᠯᠭᠡ ᠶᠢᠨ ᠠᠵᠢᠯᠲᠠᠳ ᠢ ᠬᠥᠮᠦᠵᠢᠭᠦᠯᠬᠦ ᠲᠥᠯᠥᠪᠵᠢᠭᠦᠯᠭᠡ ᠶᠢᠨ ᠲᠥᠰᠦᠯ︾᠎ ᠢ ᠲᠣᠭᠲᠠᠭᠠᠵᠤ᠂ ︽ᠵᠢᠷᠭᠤᠭᠠᠨ ᠨᠢᠭᠡ ᠪᠦᠯᠦᠭ︾ ᠬᠡᠦᠬᠡᠳ ᠤᠨ ᠡᠮᠨᠡᠯᠭᠡ ᠶᠢᠨ ᠡᠮᠴᠢ ᠶᠢ ᠬᠥᠮᠦᠵᠢᠭᠦᠯᠬᠦ ᠲᠥᠯᠥᠪᠵᠢᠭᠦᠯᠭᠡ ᠶᠢᠨ ᠲᠥᠰᠦᠯ ᠢ ᠳᠤᠷᠠᠳᠪᠠ᠄ ᠶᠡᠭᠡ ᠳᠡᠭᠡᠳᠦ ᠰᠤᠷᠭᠠᠭᠤᠯᠢ ᠳᠤ ᠨᠢᠭᠡ ᠪᠦᠯᠦᠭ ᠢ ᠬᠥᠮᠥᠵᠢᠭᠦᠯᠬᠦ᠂ ᠵᠢᠷᠤᠮᠵᠢᠭᠰᠠᠨ ᠪᠣᠯᠪᠠᠰᠤᠷᠠᠭᠤᠯᠤᠯ ᠢᠶᠠᠷ ᠨᠢᠭᠡ ᠪᠦᠯᠦᠭ ᠢ ᠳᠡᠭᠡᠭᠰᠢᠯᠡᠭᠦᠯᠬᠦ᠂ ᠡᠮᠴᠢᠯᠡᠭᠡᠨ ᠤ ᠶᠡᠭᠡ ᠡᠮᠴᠢ ᠶᠢᠨ ᠨᠢᠭᠡ ᠪᠦᠯᠦᠭ ᠢ ᠠᠵᠢᠯ ᠤᠨ ᠪᠠᠶᠢᠷᠢ ᠰᠣᠯᠢᠬᠤ᠂ ᠨᠢᠭᠡ ᠪᠦᠯᠦᠭ ᠢ ᠬᠤᠪᠢ ᠨᠡᠮᠡᠬᠦ ᠨᠡᠮᠡᠵᠦ ᠰᠢᠯᠭᠠᠬᠤ ᠂ ᠨᠢᠭᠡ ᠪᠦᠯᠦᠭ ᠢ ᠪᠣᠯᠪᠠᠰᠤᠷᠠᠭᠤᠯᠵᠤ ᠬᠢᠨᠠᠨ ᠰᠢᠯᠭᠠᠬᠤ᠂  ᠬᠠᠨᠳᠤᠯᠭ᠎ᠠ ᠲᠠᠢ ᠪᠠᠷ ᠨᠢᠭᠡ ᠪᠦᠯᠦᠭ ᠎ ᠢ ᠤᠷᠢᠨ ᠡᠯᠰᠡᠬᠦ ᠵᠡᠷᠭᠡ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠬᠡᠦᠬᠡᠳ ᠤᠨ ᠡᠮᠨᠡᠯᠭᠡ ᠶᠢᠨ ᠠᠵᠢᠯᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃      ᠶᠡᠭᠡ ᠳᠡᠭᠡᠳᠦ ᠰᠤᠷᠭᠠᠭᠤᠯᠢ ᠶᠢᠨ ᠬᠡᠦᠬᠡᠳ ᠤᠨ ᠡᠮᠨᠡᠯᠭᠡ ᠶᠢᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠬᠡᠪᠴᠢᠶ᠎ᠡ ᠶᠢ ᠥᠷᠭᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠬᠢᠶᠠᠯᠭᠠᠲᠤ ᠬᠠᠨᠳᠤᠯᠭᠠᠲᠤ ᠠᠨᠠᠭᠠᠬᠤ ᠤᠬᠠᠭᠠᠨ ᠤ ᠰᠤᠷᠤᠭᠴᠢ ᠶᠢ ᠰᠦᠢᠳᠬᠡᠯ ᠬᠤᠷᠢᠶᠠᠬᠤ ᠦᠭᠡᠢ ᠪᠠᠷ ᠬᠥᠮᠥᠵᠢᠭᠦᠯᠬᠦ ᠶᠢ ᠦᠷᠭᠦᠯᠵᠢᠯᠡᠨ ᠲᠥᠯᠬᠢᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢ ᠵᠣᠷᠢᠭᠵᠢᠭᠤᠯᠵᠤ ᠪᠠᠶᠢᠭᠠᠳ ᠬᠡᠦᠬᠡᠳ ᠤᠨ ᠡᠮᠨᠡᠯᠭᠡ ᠶᠢᠨ ᠤᠬᠠᠭᠠᠨ ᠤ ᠲᠤᠰᠬᠠᠶ ᠮᠡᠷᠭᠡᠵᠢᠯ ᠤᠨ ᠠᠰᠫᠢᠷᠠᠨᠲ ᠡᠯᠰᠡᠬᠦ ᠬᠡᠪᠴᠢᠶ᠎ᠡ ᠶᠢ ᠵᠦᠢ ᠵᠣᠬᠢᠰᠲᠠᠶ ᠪᠠᠷ ᠥᠷᠭᠡᠳᠬᠡᠭᠦᠯᠦᠨ᠎ᠡ︔ ᠲᠤᠰᠠᠯᠠᠬᠤ ᠶᠡᠭᠡ ᠡᠮᠴᠢ ᠶᠢ ᠵᠢᠷᠤᠮᠵᠢᠭᠤᠯᠤᠨ ᠪᠣᠯᠪᠠᠰᠤᠷᠠᠭᠤᠯᠬᠤ ᠰᠤᠷᠤᠭᠴᠢ ᠡᠯᠰᠡᠬᠦ ᠎ ᠳᠡᠭᠡᠨ ᠬᠡᠦᠬᠡᠳ ᠤᠨ ᠡᠮᠨᠡᠯᠭᠡ ᠲᠡᠰᠢ ᠬᠡᠯᠪᠠᠶᠢᠯᠭᠡᠵᠦ᠂ ᠬᠡᠦᠬᠡᠳ ᠤᠨ ᠡᠮᠨᠡᠯᠭᠡ ᠶᠢᠨ ᠲᠤᠰᠬᠠᠢ ᠮᠡᠷᠭᠡᠵᠢᠯ ᠤᠨ ᠲᠤᠰᠠᠯᠠᠬᠤ ᠶᠡᠭᠡ ᠡᠮᠴᠢ ᠶᠢ ᠵᠢᠯ ᠪᠦᠷᠢ ᠠᠯᠢ ᠴᠦᠬᠡᠨ ᠳᠡᠭᠡᠨ 40 ᠬᠥᠮᠥᠨ ᠢ ᠵᠢᠷᠤᠮᠵᠢᠭᠤᠯᠤᠨ ᠪᠣᠯᠪᠠᠰᠤᠷᠠᠭᠤᠯᠵᠤ᠂ ᠲᠤᠰᠠᠯᠠᠬᠤ ᠶᠡᠭᠡ ᠡᠮᠴᠢ ᠶᠢᠨ ᠵᠢᠷᠤᠮᠵᠢᠭᠤᠯᠤᠨ ᠪᠣᠯᠪᠠᠰᠤᠷᠠᠭᠤᠯᠬᠤ ᠶᠢ ᠬᠦᠷᠲᠡᠭᠰᠡᠨ ᠮᠣᠩᠭᠤᠯ ᠡᠮᠨᠡᠯᠭᠡ᠂ ᠬᠢᠲᠠᠳ ᠡᠮᠨᠡᠯᠭᠡ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠲᠤᠰᠬᠠᠶ ᠮᠡᠷᠭᠡᠵᠢᠯ ᠤᠨ ᠲᠤᠰᠠᠯᠠᠬᠤ ᠶᠡᠭᠡ ᠡᠮᠴᠢ ᠨᠠᠷ ᠮᠣᠩᠭᠤᠯ ᠪᠠ ᠬᠢᠲᠠᠳ ᠡᠮᠨᠡᠯᠭᠡ ᠶᠢᠨ ᠬᠡᠦᠬᠡᠳ ᠤᠨ ᠡᠮᠨᠡᠯᠭᠡ ᠶᠢᠨ ᠣᠨᠣᠰᠢᠯᠠᠨ ᠡᠮᠨᠡᠬᠦ ᠠᠵᠢᠯ ᠡᠷᠬᠢᠯᠡᠬᠦ ᠶᠢ ᠨᠢ ᠵᠣᠷᠢᠭᠵᠢᠭᠤᠯᠵᠤ ᠲᠠᠲᠠᠨ᠎ᠠ︔ ᠵᠢᠯ ᠪᠣᠯᠭᠠᠨ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠳᠤ ᠬᠠᠨᠳᠤᠭᠤᠯᠵᠤ ᠬᠡᠦᠬᠡᠳ ᠤᠨ ᠡᠮᠨᠡᠯᠭᠡ ᠶᠢᠨ ᠶᠡᠭᠡ ᠡᠮᠴᠢ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠳᠤ ᠠᠯᠢ ᠴᠦᠬᠡᠨ ᠳᠡᠭᠡᠨ 80 ᠬᠥᠮᠦᠨ ᠎ ᠢ ᠣᠷᠣᠯᠴᠠᠭᠤᠯᠤᠨ᠎ᠠ︔ ᠶᠡᠭᠡ ᠡᠮᠴᠢ ᠶᠢᠨ ᠬᠢᠷᠢ ᠬᠡᠮ ᠤᠨ ᠰᠢᠯᠭᠠᠯᠲᠠ ᠳᠤ᠂ ᠡᠮᠴᠢᠯᠡᠭᠡ ᠶᠢᠨ ᠲᠦᠷᠦᠯ ᠵᠦᠢᠯ ᠳᠣᠣᠷᠠᠬᠢ ᠬᠡᠦᠬᠡᠳ ᠤᠨ ᠡᠮᠨᠡᠯᠭᠡ ᠶᠢᠨ ᠲᠤᠰᠬᠠᠶ ᠮᠡᠷᠭᠡᠵᠢᠯ ᠤᠨ ᠰᠤᠷᠤᠭᠴᠢ ᠳᠤ ᠲᠤᠰᠬᠠᠶ ᠮᠡᠷᠭᠡᠵᠢᠯ ᠤᠨ ᠠᠭᠤᠯᠭ᠎ᠠ ᠶᠢ ᠨᠡᠮᠡᠵᠦ ᠰᠢᠯᠭᠠᠬᠤ ᠰᠢᠯᠭᠠᠯᠲᠠ ᠶᠢ ᠬᠡᠷᠡᠭᠵᠢᠭᠦᠯᠵᠦ᠂ ᠵᠣᠬᠢᠬᠤ ᠲᠣᠭᠠᠨ ᠤ ᠬᠡᠦᠬᠡᠳ ᠤᠨ ᠡᠮᠨᠡᠯᠭᠡ ᠶᠢᠨ ᠲᠤᠰᠬᠠᠶ ᠮᠡᠷᠭᠡᠵᠢᠯ ᠤᠨ ᠰᠡᠳᠦᠪ ᠵᠢᠴᠢ ᠵᠣᠬᠢᠬᠤ ᠬᠡᠮᠵᠢᠶᠡᠨ ᠤ ᠬᠤᠪᠢ ᠶᠢᠨ ᠬᠡᠮᠵᠢᠭᠳᠡᠯ ᠢ ᠨᠡᠮᠡᠭᠳᠡᠭᠦᠯᠵᠦ᠂ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠤᠭᠰᠠᠨ ᠤ ᠳᠠᠷᠠᠭ᠎ᠠ ᠡᠮᠴᠢᠯᠡᠭᠡᠨ ᠤ ᠠᠵᠢᠯ ᠡᠷᠬᠢᠯᠡᠬᠦ ᠶᠡᠭᠡ ᠡᠮᠴᠢ ᠶᠢᠨ ᠬᠢᠷᠢ ᠲᠡᠩᠴᠡᠭᠦ ᠬᠤᠪᠢ ᠶᠢᠨ ᠬᠢᠵᠠᠭᠠᠷ ᠲᠤ ᠬᠦᠷᠦᠭᠰᠡᠨ ᠪᠣᠯ ᠲᠡᠭᠦᠨ ᠤ ᠶᠡᠭᠡ ᠡᠮᠴᠢ ᠶᠢᠨ ᠬᠢᠷᠢ ᠬᠡᠮ ᠤᠨ ᠦᠨᠡᠮᠯᠡᠯ ᠳᠤᠨᠢ ᠬᠡᠦᠬᠡᠳ ᠤᠨ ᠡᠮᠨᠡᠯᠭᠡ ᠶᠢᠨ ᠲᠤᠰᠬᠠᠶ ᠮᠡᠷᠭᠡᠵᠢᠯ ᠢ ᠨᠡᠮᠡᠨ ᠲᠡᠮᠳᠡᠭᠯᠡᠬᠦ ᠶᠢᠨ ᠬᠠᠮᠲᠤ ᠬᠡᠦᠬᠡᠳ ᠤᠨ ᠡᠮᠨᠡᠯᠭᠡ ᠶᠢᠨ ᠲᠤᠰᠬᠠᠶ ᠮᠡᠷᠭᠡᠵᠢᠯ ᠤᠨ ᠠᠵᠢᠯ ᠡᠷᠬᠢᠯᠡᠬᠦ ᠬᠡᠪᠴᠢᠶᠡᠨ ᠳᠣᠲᠣᠷ᠎ᠠ ᠳᠠᠩᠰᠠᠯᠠᠭᠤᠯᠤᠨ ᠠᠵᠢᠯ ᠡᠷᠬᠢᠯᠡᠬᠦ ᠪᠠᠷ ᠬᠢᠵᠠᠭᠠᠷᠯᠠᠨ᠎ᠠ︔ ᠡᠯ᠎ᠡ ᠱᠠᠲᠤᠨ ᠤ ᠡᠯ᠎ᠡ ᠲᠦᠷᠦᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ  ᠠᠴᠠ ᠬᠡᠦᠬᠡᠳ ᠤᠨ ᠡᠮᠨᠡᠯᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠬᠡᠦᠬᠡᠳ ᠤᠨ ᠡᠮᠨᠡᠯᠭᠡ ᠶᠢᠨ ᠠᠵᠢᠯ ᠡᠷᠬᠢᠯᠡᠬᠦ ᠶᠡᠭᠡ ᠡᠮᠴᠢ ᠶᠢᠨ ᠬᠢᠷᠢ ᠬᠡᠮ ᠲᠠᠢ ᠠᠵᠢᠯᠲᠠᠨ ᠤᠷᠢᠨ ᠡᠯᠰᠡᠬᠦ ᠳᠤ ᠳᠡᠰ ᠳᠠᠷᠠᠭᠠᠯᠠᠯ ᠵᠡᠷᠭᠡ ᠪᠠᠨ ᠳᠦᠭᠦᠮᠴᠢᠯᠡᠵᠦ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号