ᠤᠢᠢᠷ᠎ᠠ ᠶᠢᠨ ᠵᠢᠯ ᠤᠳ ᠲᠤ᠂ ᠮᠠᠨ ᠤ ᠤᠯᠤᠰ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠪᠠᠨ | ᠤᠳᠠᠭᠠᠰᠢᠷᠠᠭᠤᠯᠤᠨ ᠠᠯᠬᠤᠮ ᠢᠶᠠᠨ ᠰᠤᠯᠢᠵᠤ᠂ ᠰᠢᠨ᠎ᠡ ᠬᠡᠪ ᠪᠠᠶᠢᠳᠠᠯ ᠳᠤ ᠤᠷᠤᠵᠤ᠂ ᠬᠤᠷᠸ᠎ᠠ ᠠᠵᠤ ᠠᠬᠤᠶ ᠶᠢᠨ | ᠲᠤᠯᠭᠠᠷᠠᠵᠤ ᠪᠠᠶᠢᠭ᠎ᠠ ᠤᠷᠤᠭᠤᠳᠠᠯ ᠤᠨ ᠳᠠᠷᠤᠯᠲᠠ ᠶᠡᠬᠡᠳᠪᠡ᠃ ᠡᠭᠦᠨ ᠳᠤ᠂ ᠠᠵᠤ ᠦᠢᠯᠡᠳᠪᠦᠷᠢ ᠶᠢᠨ | ᠨᠡᠮᠡᠭᠳᠡᠯ ᠤᠨ ᠬᠤᠷᠳᠤᠴᠠ ᠶᠡᠭᠡ ᠪᠠᠷ ᠤᠳᠠᠭᠠᠰᠢᠷᠠᠬᠤ ᠬᠠᠨᠳᠤᠰᠢ ᠨᠡᠩ ᠢᠯᠡᠷᠬᠡᠶ ᠪᠤᠯᠤᠭᠰᠠᠨ ᠪᠠᠶᠢᠨ᠎ᠠ᠃ 2011 | ᠣᠨ ᠳᠤ᠂ ᠮᠠᠨ ᠤ ᠤᠯᠤᠰ ᠤᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ | 10.8% ᠪᠠᠷ ᠨᠡᠮᠡᠭᠳᠡᠪᠡ᠂ 2012 — 2015 ᠣᠨ ᠪᠤᠯᠲᠠᠯ᠎ᠠ ᠳᠡᠰ ᠳᠠᠷᠠᠭᠠᠯᠠᠨ 7.9%᠂ 7.6%᠂ | 6.9 % ᠪᠤᠯᠤᠨ 5.9% ᠪᠠᠷ ᠪᠠᠭᠤᠷᠠᠵᠤ᠂ 2008 ᠣᠨ ᠤ ᠪᠦᠬᠦ ᠪᠥᠮᠪᠥᠷᠴᠡᠭ ᠤᠨ ᠮᠥᠩᠭᠦᠨ ᠭᠦᠢᠯᠭᠡᠭᠡᠨ ᠤ | ᠬᠢᠮᠤᠷᠠᠯ ᠭᠠᠷᠤᠭᠰᠠᠨ ᠤ ᠲᠠᠷᠠᠭ᠎ᠠ᠂ ᠮᠠᠨ ᠤ ᠤᠯᠤᠰ ᠤᠨ ᠬᠡᠷᠡᠭᠵᠢᠬᠦᠯᠦᠭᠰᠡᠨ ᠬᠡᠷᠡᠭᠴᠡᠭᠡ ᠱᠠᠭᠠᠷᠳᠠᠯᠭ᠎ᠠ ᠶᠢᠨ | ᠲᠠᠯ᠎ᠠ ᠶᠢᠨ ᠠᠵᠤ ᠠᠬᠤᠶ ᠶᠢᠨ ᠤᠷᠠᠮᠰᠢᠭᠤᠯᠤᠯ ᠨᠢ ᠠᠵᠤ ᠠᠬᠤᠢ ᠶᠢᠨ ᠪᠦᠲᠦᠴᠡ ᠶᠢᠨ ᠴᠢᠨᠠᠷᠲᠠᠶ ᠠᠰᠠᠭᠤᠳᠠᠯ ᠢ | ᠤᠯᠠᠮ ᠨᠢᠭᠡ ᠠᠯᠬᠤᠮ ᠬᠦᠨᠳᠦᠷᠡᠭᠦᠯᠪᠡ᠃ ᠠᠵᠤ ᠠᠬᠤᠶ ᠶᠢᠨ ᠤᠷᠤᠭᠤᠳᠠᠯ ᠤᠨ ᠳᠠᠷᠤᠯᠲᠠ ᠶᠢ ᠨᠠᠮᠳᠠᠭᠤᠯᠬᠤ ᠶᠢᠨ | ᠬᠠᠮᠲᠤ ᠭᠦᠨ ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠶ ᠵᠥᠷᠢᠴᠡᠯ ᠢ ᠬᠦᠴᠦ ᠲᠠᠯᠪᠢᠨ ᠰᠢᠢᠳᠪᠦᠷᠢᠯᠡᠬᠦ ᠶᠢᠨ | ᠲᠤᠯᠠᠳᠠ᠂ ᠲᠥᠪ ᠠᠴᠠ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠬᠢᠬᠦ ᠶᠢ | ᠳᠤᠷᠠᠳᠤᠨ ᠭᠠᠷᠭᠠᠪᠠ᠃ ᠴᠢᠬᠤᠯᠠ ᠡᠯᠧᠮᠧᠨ᠋ᠲ ᠢ ᠬᠠᠮᠤᠭ ᠤᠨ ᠰᠢᠯᠢᠳᠡᠭ ᠢᠶᠠᠷ ᠲᠣᠬᠢᠷᠠᠭᠤᠯᠬᠤ ᠪᠠᠷ ᠳᠠᠮᠵᠢᠭᠤᠯᠤᠨ᠂ | ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠵᠦ᠂ ᠤᠷᠲᠤᠪᠲᠤᠷ ᠪᠠ ᠤᠷᠲᠤ | ᠬᠤᠭᠤᠴᠠᠭᠠᠨ ᠤ ᠳᠠᠯᠳᠠ ᠨᠡᠮᠡᠭᠳᠡᠯ ᠤᠨ ᠨᠤᠷᠮ᠎ᠠ ᠪᠤᠯᠤᠨ ᠠᠵᠤ ᠠᠬᠤᠶ ᠶᠢᠨ ᠪᠦᠲᠦᠴᠡ ᠶᠢᠨ ᠬᠡᠯᠪᠡᠷᠢ ᠪᠠᠨ | ᠬᠤᠪᠢᠷᠠᠭᠤᠯᠵᠤ ᠲᠡᠰ ᠳᠡᠪᠰᠢᠬᠦᠯᠬᠦ ᠶᠢ ᠪᠡᠶᠡᠯᠡᠬᠦᠯᠬᠦ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠨᠢ ᠣᠬᠤᠷ ᠬᠤᠭᠤᠴᠠᠭᠠᠨ ᠤ ᠨᠡᠮᠡᠭᠳᠡᠯ ᠢ ᠪᠠᠲᠤᠯᠠᠭᠰᠠᠨ ᠤ ᠬᠠᠮᠲᠤ᠂ ᠤᠷᠲᠤᠪᠲᠤᠷ ᠪᠠ ᠤᠷᠳᠤ | ᠬᠤᠭᠤᠴᠠᠭᠠᠨ ᠤ ᠨᠡᠮᠡᠭᠳᠡᠯ ᠤᠨ ᠳᠠᠯᠳᠠ ᠬᠦᠴᠦᠨ ᠢ ᠠᠭᠤᠳᠠᠯᠬᠤ ᠬᠤᠪᠢᠷᠠᠯᠲᠠ ᠭᠠᠷᠭᠠᠬᠤ ᠶᠢ ᠨᠡᠩ ᠢᠯᠡᠭᠦᠦ | ᠠᠩᠬᠠᠷᠪᠠ᠃ | ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠳᠤᠮᠳᠠ᠂ ᠪᠣᠳᠠᠲᠤ | ᠴᠣᠭᠴᠠ ᠶᠢᠨ ᠠᠵᠤ ᠠᠬᠤᠶ ᠶᠢᠨ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠠᠵᠤ | ᠠᠬᠤᠶᠢᠯᠠᠯ ᠤᠨ ᠥᠷᠢᠰᠥᠯᠳᠦᠬᠦ ᠳᠠᠪᠠᠭᠤᠯᠢᠭ ᠢ ᠪᠠᠷᠢᠮᠲᠠᠯᠠᠬᠤ ᠪᠣᠯ ᠴᠢᠬᠤᠯᠠ ᠠᠴᠠ ᠴᠢᠬᠤᠯᠠ ᠶᠠᠪᠤᠳᠠᠯ ᠪᠣᠯᠤᠨ᠎ᠠ᠃ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠪᠣᠳᠠᠲᠤ ᠴᠣᠭᠴᠠ ᠶᠢᠨ ᠠᠵᠤ ᠠᠬᠤᠶ ᠶᠢᠨ ᠠᠵᠤ | ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠬᠤ ᠠᠵᠢᠯ ᠤᠨ ᠲᠥᠰᠦᠯ︾ ︵ᠲᠥᠷᠥ ᠲᠠᠷᠬᠠᠭᠠᠭᠰᠠᠨ ﹇ | 2016﹈ 48 ᠳ᠋ᠤᠭᠠᠷ ᠲᠣᠭᠠᠲᠤ᠂ ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠨᠡᠶᠢᠲᠡᠯᠡᠵᠤ᠂ ᠠᠵᠤ | ᠠᠬᠤᠶᠢᠯᠠᠯ ᠤᠨ ᠡᠨᠧᠷᠬᠢ ᠬᠡᠷᠡᠭᠯᠡᠬᠦ ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠬᠤ ᠶᠠᠪᠤᠳᠠᠯ ᠢ ︽ | ᠥᠪᠡᠷ ᠤᠨ ᠥᠷᠲᠡᠭ ᠢ ᠪᠠᠭᠤᠷᠠᠭᠤᠯᠬᠤ︾ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢᠨ ᠨᠢᠭᠡ ᠶᠢ ᠨᠢ | ᠪᠤᠯᠭᠠᠵᠤ᠂ ᠡᠨᠧᠷᠭᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠭᠡᠬᠦ ᠳᠤᠮᠳᠠᠬᠢ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠪᠠ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠬᠤᠶᠠᠷ ᠲᠠᠯ᠎ᠠ ᠪᠠᠷ ᠰᠢᠨ᠎ᠡ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ᠰᠢᠨ᠎ᠡ ᠪᠠᠶᠢᠳᠠᠯ ᠳᠣᠣᠷ᠎ᠠ᠂ ᠴᠠᠬᠢᠯᠭᠠᠨ ᠬᠦᠴᠦ᠂ ᠴᠢᠯᠠᠭᠤᠨ ᠲᠣᠰᠣ᠂ ᠪᠠᠶᠢᠭᠠᠯᠢ ᠶᠢᠨ | ᠰᠢᠲᠠᠮᠠᠬᠠᠶ ᠬᠡᠢ ᠵᠡᠷᠭᠡ ᠬᠦᠷᠢᠶᠡᠨ ᠳᠠᠬᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠡᠷᠬᠡᠪᠰᠢ ᠲᠦᠷᠭᠡᠳᠬᠡᠨ | ᠠᠬᠢᠭᠤᠯᠵᠤ᠂ ᠥᠷᠢᠰᠥᠯᠳᠦᠬᠦ ᠴᠢᠨᠠᠷᠲᠠᠶ ᠬᠦᠷᠢᠶ᠎ᠡ ᠪᠣᠯᠤᠨ ᠭᠤᠭᠴᠣᠭᠠᠨ ᠤ ᠦᠨ᠎ᠡ ᠬᠠᠩᠰᠢ ᠶᠢᠨ ᠬᠠᠮᠢᠶᠠᠷᠤᠯᠲᠠ ᠶᠢ | ᠴᠢᠯᠦᠭᠡᠯᠡᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ᠂ ᠰᠢᠲᠠᠮᠠᠬᠠᠢ ᠭᠡᠢ ᠬᠡᠷᠡᠭᠯᠡᠬᠦ ᠦᠨ᠎ᠡ ᠬᠠᠩᠰᠢ | ᠲᠣᠭᠲᠠᠭᠠᠬᠤ ᠲᠣᠭᠲᠠᠴᠠ ᠶᠢᠨ ᠵᠠᠬ᠎ᠠ ᠳᠡᠯᠭᠡᠭᠦᠷᠴᠢᠯᠡᠬᠦ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ︽ᠡᠨᠧᠷᠭᠢ ᠶᠢᠨ | ᠲᠠᠸᠠᠷ ᠤᠨ ᠰᠢᠨᠵᠢ ᠴᠢᠨᠠᠷ ᠢ ᠰᠡᠷᠭᠦᠬᠡᠵᠤ︾᠂ ᠡᠨᠧᠷᠬᠢ ᠶᠢᠨ ᠦᠨ᠎ᠡ ᠬᠠᠩᠰᠢ ᠶᠢ ᠨᠡᠩ ᠠᠮᠢᠳᠤᠯᠢᠭ ᠪᠤᠯᠭᠠᠨ᠂ | ᠬᠠᠩᠭᠠᠯᠭ᠎ᠠ ᠬᠡᠷᠡᠭᠴᠡᠭᠡᠨ ᠤ ᠬᠠᠷᠢᠴᠠᠭᠠᠨ ᠤ ᠬᠤᠪᠢᠷᠠᠯᠲᠠ ᠶᠢ ᠨᠡᠩ ᠢᠯᠡᠬᠦᠦ ᠲᠤᠰᠬᠠᠬᠤ ᠬᠡᠷᠡᠭᠲᠠᠢ᠃ ᠡᠭᠦᠨ ᠤ | ᠬᠠᠮᠲᠤ᠂ ᠪᠠᠶᠢᠭᠠᠯᠢ ᠶᠢ ᠭᠠᠭᠴᠠᠭᠠᠷ ᠡᠵᠡᠷᠭᠡᠬᠦ ᠭᠤᠭᠴᠤᠭᠠᠨ ᠳᠠᠬᠢ ᠪᠦᠲᠦᠮᠵᠢᠲᠡᠶ ᠬᠢᠨᠠᠯᠲᠠ ᠬᠠᠮᠢᠶᠠᠷᠤᠯᠲᠠ ᠬᠢᠬᠦ ᠶᠢ | ᠴᠢᠩᠭᠠᠳᠬᠠᠬᠤ ᠬᠡᠷᠡᠭᠲᠠᠢ᠃ ᠢᠯᠠᠩᠭᠤᠶ᠎ᠠ ︽ᠥᠪᠡᠷ ᠤᠨ ᠦᠷᠲᠡᠭ ᠳᠡᠭᠡᠷ᠎ᠡ ᠵᠦᠢ ᠵᠣᠬᠢᠰᠲᠠᠶ ᠠᠰᠢᠭ ᠣᠷᠣᠯᠭ᠎ᠠ | ᠨᠡᠮᠡᠬᠦ︾ ᠶᠢ ᠵᠦᠪᠰᠢᠶᠡᠷᠡᠬᠦ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠪᠦᠷᠢᠯᠳᠦᠯ ᠤᠨ ᠲᠣᠭᠲᠠᠴᠠ ᠶᠢ | ᠰᠦᠪᠡᠭᠴᠢᠯᠡᠨ ᠪᠤᠢ ᠪᠤᠯᠭᠠᠵᠤ᠂ ᠴᠠᠬᠢᠯᠭᠠᠨ ᠬᠦᠴᠦᠨ ᠢ ᠰᠢᠭᠤᠳ ᠠᠷᠠᠯᠵᠢᠶᠠᠯᠠᠬᠤ ᠶᠢ ᠵᠣᠷᠢᠭᠵᠢᠭᠤᠯᠵᠤ᠂ 1 - 3 | ᠵᠢᠯ ᠤᠨ ᠴᠢᠷᠮᠠᠶᠢᠯᠭ᠎ᠠ ᠪᠠᠷ᠂ ᠡᠨᠧᠷᠭᠢ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠠᠰᠢᠭ ᠢ ᠥᠷᠭᠡᠨ ᠤᠯᠠᠨ | ᠠᠵᠤ ᠠᠬᠤᠶᠢᠯᠠᠯ ᠳᠤ ᠦᠨᠡᠨ ᠬᠦ ᠬᠦᠷᠲᠡᠭᠡᠬᠦ ᠬᠡᠷᠡᠭᠲᠠᠢ᠃ | ᠡᠨᠧᠷᠭᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ᠂ ︽ᠲᠥᠰᠦᠯ︾ ᠢ | ᠨᠡᠶᠢᠲᠡᠯᠡᠨ ᠬᠡᠷᠡᠭᠵᠢᠭᠦᠯᠦᠭᠰᠡᠨ ᠨᠢ᠂ ᠣᠬᠤᠷᠬᠠᠨ ᠬᠤᠭᠤᠴᠠᠭᠠᠨ ᠳᠤ ᠪᠣᠳᠠᠲᠤ ᠴᠣᠭᠴᠠ ᠶᠢᠨ ᠠᠵᠤ ᠠᠬᠤᠶ ᠶᠢᠨ | ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠬᠤ ᠳᠤ | ᠴᠢᠭᠯᠡᠯ ᠢ ᠲᠣᠳᠣᠷᠬᠠᠶ ᠵᠢᠭᠠᠵᠤ ᠥᠭᠭᠦᠭᠰᠡᠨ ᠪᠠᠶᠢᠨ᠎ᠠ᠃ 2015 ᠣᠨ ᠠᠴᠠ ᠨᠠᠰᠢ᠂ ᠵᠠᠰᠠᠭ ᠤᠨ ᠣᠷᠳᠣᠨ ᠠᠯᠢ | ᠣᠯᠠᠨ ᠵᠠᠬ᠎ᠠ ᠳᠡᠯᠭᠡᠭᠦᠷᠴᠢᠯᠡᠬᠦ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠲᠠᠯ᠎ᠠ ᠶᠢᠨ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠠᠪᠴᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠠᠬᠢᠭᠤᠯᠬᠤ᠂ ᠪᠣᠳᠠᠲᠤ ᠴᠣᠭᠴᠠ ᠶᠢᠨ ᠠᠵᠤ ᠠᠬᠤᠶ ᠶᠢᠨ ᠡᠨᠧᠷᠭᠢ ᠬᠡᠷᠡᠭᠯᠡᠬᠦ ᠥᠪᠡᠷ ᠤᠨ ᠦᠷᠲᠡᠭ ᠢ ᠪᠠᠭᠤᠷᠠᠭᠤᠯᠬᠤ | ᠵᠡᠷᠭᠡ ᠲᠠᠯ᠎ᠠ ᠪᠠᠷ ᠢᠳᠡᠪᠬᠢᠲᠡᠶ ᠠᠮᠵᠢᠯᠲᠠ ᠣᠯᠵᠠᠶ᠃ ᠵᠢᠱᠢᠵᠦ ᠪᠣᠳᠣᠭᠰᠠᠨ ᠢᠶᠠᠷ᠂ ᠡᠳᠡᠭᠡᠷ ᠠᠷᠭ᠎ᠠ ᠬᠡᠮᠵᠢᠶ᠎ᠡ ᠨᠢ ᠵᠢᠯ | ᠪᠦᠷᠢ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠵᠠᠷᠤᠯᠭ᠎ᠠ ᠶᠢ ᠪᠠᠷᠤᠭ 1900 ᠳ᠋ᠦᠩᠰᠢᠭᠤᠷ ᠲᠥᠭᠦᠷᠢᠭ | ᠪᠠᠭᠤᠷᠠᠭᠤᠯᠬᠤ ᠪᠣᠯᠤᠨ᠎ᠠ᠃ ᠡᠭᠦᠨ ᠳᠤ᠂ ᠵᠠᠰᠠᠭ ᠤᠨ ᠣᠷᠳᠣᠨ ᠤ ᠭᠠᠷ ᠢᠶᠠᠷ ᠳᠠᠮᠵᠢᠭᠤᠯᠤᠨ᠂ ᠭᠤᠷᠪᠠᠨ ᠲᠠᠯ᠎ᠠ ᠪᠠᠷ | ᠯᠤᠲᠤ ᠶᠡᠭᠡ ᠠᠬᠢᠴᠠ ᠲᠠᠢ ᠪᠣᠯᠵᠠᠶ᠃ ᠨᠡᠭᠦᠷᠡᠰᠦ ᠴᠠᠬᠢᠯᠭᠠᠨ ᠤ ᠦᠨ᠎ᠡ ᠶᠢ ᠬᠤᠯᠪᠣᠭᠳᠠᠭᠤᠯᠤᠨ ᠬᠦᠳᠡᠯᠭᠡᠬᠦ ᠶᠢ | ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠦᠢᠯᠡᠳᠪᠦᠷᠢ ᠬᠤᠳᠠᠯᠳᠤᠭᠠᠨ ᠤ ᠦᠢᠯᠡᠰ ᠤᠨ ᠴᠠᠬᠢᠯᠭᠠᠨ ᠤ | ᠪᠤᠷᠤᠯᠠᠭᠤᠯᠤᠯᠲᠠ ᠶᠢᠨ ᠦᠨ᠎ᠡ ᠶᠢ ᠬᠤᠶᠠᠷ ᠤᠳᠠᠭ᠎ᠠ ᠪᠠᠭᠤᠷᠠᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ | ᠬᠡᠷᠡᠭᠯᠡᠬᠦ ᠴᠠᠬᠢᠯᠭᠠᠨ ᠤ ᠵᠠᠷᠤᠯᠭ᠎ᠠ ᠶᠢ ᠪᠠᠷᠤᠭ 835 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠱᠧᠨᠵᠧᠨ᠂ | ᠥᠪᠥᠷ ᠮᠣᠩᠭᠤᠯ ᠤᠨ ᠪᠠᠷᠠᠭᠤᠨ ᠬᠡᠰᠡᠭ᠂ ᠬᠤᠪᠸᠢ ᠵᠡᠷᠭᠡ 7 ᠭᠠᠵᠠᠷ ᠣᠷᠣᠨ ᠳᠤ ᠴᠠᠬᠢᠯᠭᠠᠨ ᠳᠠᠮᠵᠢᠭᠤᠯᠬᠤ | ᠴᠠᠬᠢᠯᠭᠠᠨ ᠬᠦᠷᠭᠡᠬᠦ ᠦᠨ᠎ᠡ ᠶᠢᠨ ᠥᠭᠡᠷᠡᠴᠢᠯᠡᠯᠲᠡ ᠦᠷᠨᠢᠭᠦᠯᠵᠦ᠂ ᠴᠠᠬᠢᠯᠭᠠᠨ ᠳᠠᠮᠵᠢᠭᠤᠯᠬᠤ ᠴᠠᠬᠢᠯᠭᠠᠨ ᠬᠦᠷᠭᠡᠬᠦ | ᠵᠠᠷᠤᠳᠠᠯ ᠢ ᠪᠠᠷᠤᠭ 80 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠲᠤᠷᠰᠢᠯᠲᠠ ᠶᠢᠨ ᠬᠦᠷᠢᠶ᠎ᠡ ᠬᠡᠪᠴᠢᠶ᠎ᠡ ᠶᠢ | ᠨᠢᠭᠡᠨᠲᠡ ᠪᠦᠬᠦ ᠤᠯᠤᠰ ᠤᠨ 18 ᠮᠤᠵᠢ ᠶᠢᠨ ᠱᠠᠲᠤᠨ ᠤ ᠴᠠᠬᠢᠯᠭᠠᠨ ᠲᠣᠣᠷ ᠬᠦᠷᠲᠡᠯ᠎ᠡ ᠦᠷᠭᠡᠳᠪᠡ᠃ ᠦᠨᠳᠦᠰᠦᠨ | ᠴᠠᠬᠢᠯᠭᠠᠨ ᠤ ᠦᠨ᠎ᠡ ᠶᠢ ᠬᠡᠷᠡᠭᠵᠢᠭᠦᠯᠬᠦ ᠠᠷᠭ᠎ᠠ ᠬᠡᠯᠪᠡᠷᠢ ᠶᠢ ᠪᠦᠷᠢᠨᠰᠢᠭᠦᠯᠬᠦ ᠪᠠᠷ ᠳᠠᠮᠵᠢᠭᠤᠯᠤᠨ᠂ ᠴᠠᠬᠢᠯᠭᠠᠨ | ᠬᠡᠷᠡᠭᠯᠡᠬᠦ ᠠᠵᠤ ᠠᠬᠤᠶᠢᠯᠠᠯ ᠵᠠᠷᠤᠳᠠᠯ ᠪᠣᠳᠣᠬᠤ ᠠᠷᠭ᠎ᠠ ᠶᠢ ᠲᠤᠬᠢᠷᠠᠭᠤᠯᠵᠤ᠂ ᠪᠠᠭᠲᠠᠮᠵᠢ ᠶᠢ ᠪᠠᠭᠠᠰᠬᠠᠬᠤ᠂ ᠲᠦᠷ | ᠵᠤᠭᠰᠤᠭᠠᠬᠤ ᠪᠠᠷ ᠭᠤᠶᠤᠴᠢᠯᠠᠬᠤ ᠲᠦᠷᠦ ᠶᠢᠨ ᠪᠤᠳᠤᠯᠭ᠎ᠠ ᠶᠢᠨ ᠨᠦᠭᠦᠴᠡᠯ ᠢ ᠠᠭᠤᠵᠢᠭᠤ ᠲᠠᠯᠪᠢᠵᠤ᠂ ᠲᠤᠮᠤ ᠠᠵᠤ | ᠦᠢᠯᠡᠳᠪᠦᠷᠢ ᠶᠢᠨ ᠬᠡᠷᠡᠭᠯᠡᠭᠴᠢ ᠶᠢᠨ ᠦᠨᠳᠦᠰᠦᠨ ᠴᠠᠬᠢᠯᠭᠠᠨ ᠤ ᠵᠠᠷᠤᠯᠭ᠎ᠠ ᠶᠢ ᠪᠠᠷᠤᠭ 150 ᠳ᠋ᠦᠩᠰᠢᠭᠤᠷ | ᠲᠥᠭᠦᠷᠢᠭ ᠪᠠᠭᠠᠰᠬᠠᠪᠠ︔ ᠰᠠᠭᠤᠭᠠᠯᠢ ᠠᠷᠠᠳ ᠤᠨ ᠬᠡᠷᠡᠭᠯᠡᠭᠡᠨ ᠤ ᠪᠤᠰᠤ ᠪᠠᠶᠢᠭᠠᠯᠢ ᠶᠢᠨ ᠰᠢᠲᠠᠮᠠᠬᠠᠢ ᠬᠡᠢ ᠶᠢᠨ | ᠡᠭᠦᠳᠡᠨ ᠦᠷᠲᠡᠭᠡ ᠶᠢᠨ ᠦᠨ᠎ᠡ ᠶᠢ ᠪᠣᠰᠤᠭ᠎ᠠ ᠳᠥᠷᠪᠡᠯᠵᠢᠨ ᠮᠧᠲᠷ ᠪᠦᠷᠢ ᠶᠢ 0.7 ᠲᠥᠭᠦᠷᠢᠭ ᠪᠤᠯᠭᠠᠨ | ᠪᠠᠭᠤᠷᠠᠭᠤᠯᠵᠤ᠂ ᠳᠣᠣᠷᠠᠳᠤ ᠤᠷᠤᠰᠬᠠᠯ ᠤᠨ ᠰᠢᠲᠠᠮᠠᠬᠠᠢ ᠬᠡᠢ ᠬᠡᠷᠡᠭᠯᠡᠬᠦ ᠠᠵᠤ ᠠᠬᠤᠶᠢᠯᠠᠯ ᠤᠨ ᠳᠠᠷᠤᠭᠠᠰᠤ ᠶᠢ | 430 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠩᠭᠡᠷᠡᠭᠦᠯᠪᠡ᠃ ᠳᠤᠮᠳᠠ ᠵᠢᠵᠢᠭ ᠬᠢᠮᠢ ᠶᠢᠨ ᠪᠤᠷᠳᠤᠭᠤᠷ ᠤᠨ | ᠬᠠᠷᠠᠭᠠᠯᠵᠠᠯᠲᠤ ᠴᠠᠬᠢᠯᠭᠠᠨ ᠤ ᠦᠨ᠎ᠡ ᠶᠢ ᠬᠦᠴᠦᠨ ᠦᠭᠡᠢ ᠪᠤᠯᠭᠠᠭᠰᠠᠨ ᠤ ᠬᠠᠮᠲᠤ᠂ ᠪᠤᠰᠤᠳ ᠦᠵᠦᠭᠦᠷ ᠠᠵᠤ | ᠠᠬᠤᠶᠢᠯᠠᠯ ᠤᠨ ᠴᠠᠬᠢᠯᠭᠠᠨ ᠤ ᠦᠨ᠎ᠡ ᠶᠢ ᠪᠠᠭᠤᠷᠠᠭᠤᠯᠵᠤ᠂ 21 ᠮᠤᠵᠢ ᠣᠷᠣᠨ ᠳᠤ ᠠᠵᠤ ᠠᠬᠤᠶᠢᠯᠠᠯ ᠤᠨ | ᠴᠠᠬᠢᠯᠭᠠᠨ ᠤ ᠵᠠᠷᠤᠳᠠᠯ ᠤᠨ ᠵᠠᠷᠤᠯᠭ᠎ᠠ ᠶᠢ ᠪᠠᠷᠤᠭ 168 ᠳ᠋ᠦᠩᠰᠢᠭᠤᠷ ᠲᠥᠭᠦᠷᠢᠭ ᠪᠠᠭᠠᠰᠬᠠᠪᠠ᠃ ᠵᠠᠬ᠎ᠠ | ᠳᠡᠯᠭᠡᠭᠦᠷᠴᠢᠯᠡᠵᠦ ᠥᠪᠡᠷ ᠤᠨ ᠦᠷᠳᠡᠭ ᠢ ᠪᠠᠭᠤᠷᠠᠭᠤᠯᠬᠤ ᠶᠢ ᠲᠦᠯᠬᠢᠨ ᠠᠬᠢᠭᠤᠯᠬᠤ ᠲᠠᠯ᠎ᠠ ᠪᠠᠷ᠂ ᠵᠠᠰᠠᠭ ᠤᠨ | ᠣᠷᠳᠣᠨ ᠠᠴᠠ ᠴᠠᠬᠢᠯᠭᠠᠨ ᠬᠦᠴᠦᠨ ᠢ ᠰᠢᠭᠤᠳ ᠠᠷᠠᠯᠵᠢᠶᠠᠯᠠᠬᠤ ᠶᠢ ᠢᠮᠠᠭᠲᠠ ᠶᠡᠬᠡᠪᠡᠷ ᠲᠦᠯᠬᠢᠨ ᠠᠬᠢᠭᠤᠯᠵᠤ᠂ | ᠲᠤᠮᠤ ᠬᠡᠷᠡᠭᠯᠡᠭᠴᠢ ᠴᠠᠬᠢᠯᠭᠠᠨ ᠬᠡᠷᠡᠭᠯᠡᠬᠦ ᠵᠠᠷᠤᠯᠭ᠎ᠠ ᠶᠢ ᠪᠠᠷᠤᠭ 215 ᠳ᠋ᠦᠩᠰᠢᠭᠤᠷ ᠲᠥᠭᠦᠷᠢᠭ ᠪᠠᠭᠠᠰᠬᠠᠪᠠ᠃ | ᠪᠠᠰᠠ ᠵᠠᠰᠠᠭ ᠤᠨ ᠣᠷᠳᠣᠨ ᠴᠤ ᠳᠦᠷᠢᠮᠵᠢᠭᠦᠯᠬᠦ ᠪᠠᠶᠢᠭᠤᠯᠤᠯᠲᠠ ᠪᠠᠷ ᠳᠠᠮᠵᠢᠭᠤᠯᠤᠨ ᠠᠵᠤ ᠠᠬᠤᠶᠢᠯᠠᠯ ᠤᠨ | ᠡᠨᠧᠷᠬᠢ ᠬᠡᠷᠡᠭᠯᠡᠬᠦ ᠥᠪᠡᠷ ᠤᠨ ᠦᠷᠲᠡᠭ ᠢ ᠳᠣᠷᠣᠭᠰᠢᠯᠠᠭᠤᠯᠬᠤ ᠶᠢ ᠲᠦᠯᠬᠢᠨ ᠠᠬᠢᠭᠤᠯᠪᠠ᠃ ᠠᠵᠤ ᠠᠬᠤᠶ ᠶᠢᠨ | ᠪᠠᠶᠢᠳᠠᠯ ᠤᠨ ᠨᠦᠯᠦᠭᠡ ᠪᠠᠷ᠂ ᠬᠤᠶᠠᠷ ᠳᠦᠷᠢᠮᠲᠦ ᠴᠠᠬᠢᠯᠭᠠᠨ ᠤ ᠦᠨ᠎ᠡ ᠶᠢᠨ ᠳᠣᠣᠷ᠎ᠠ᠂ ᠠᠵᠤ ᠠᠬᠤᠶᠢᠯᠠᠯ ᠠᠵᠢᠯ | ᠡᠬᠢᠯᠡᠭᠦᠯᠬᠦ ᠳᠤ ᠬᠦᠷᠦᠯᠴᠡᠬᠦ ᠦᠭᠡᠢ ᠪᠤᠶᠤ ᠴᠢᠨᠠᠭᠰᠢᠯᠠᠭᠠᠳ ᠦᠢᠯᠡᠳᠪᠦᠷᠢᠯᠡᠯ ᠢᠶᠠᠨ ᠵᠤᠭᠰᠤᠭᠠᠬᠤ ᠦᠶ᠎ᠡ ᠳᠤ᠂ | ᠮᠦᠨᠬᠦ ᠨᠤᠷᠮ᠎ᠠ ᠪᠠᠭᠲᠠᠭᠠᠮᠵᠢ ᠶᠤᠰᠤᠭᠠᠷ ᠦᠨᠳᠦᠰᠦᠨ ᠵᠠᠷᠤᠳᠠᠯ ᠲᠤᠰᠢᠶᠠᠬᠤ ᠴᠢᠬᠤᠯᠠᠲᠠᠢ ᠪᠤᠯᠬᠤᠷ ᠬᠡᠰᠡᠭ ᠠᠵᠤ | ᠠᠬᠤᠶᠢᠯᠠᠯ ᠲᠤᠰᠢᠶᠠᠬᠤ ᠦᠨᠳᠦᠰᠦᠨ ᠴᠠᠬᠢᠯᠭᠠᠨ ᠤ ᠵᠠᠷᠤᠳᠠᠯ ᠨᠢ ᠨᠡᠯᠢᠶᠡᠳ ᠥᠨᠳᠥᠷ ᠭᠡᠵᠦ ᠲᠤᠰᠬᠠᠵᠤ ᠪᠠᠶᠢᠪᠠ᠃ | ᠡᠨᠡᠬᠦ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠡᠷᠡᠭᠯᠡᠭᠴᠢ ᠶᠢᠨ ᠦᠨᠳᠦᠰᠦᠨ | ᠴᠠᠬᠢᠯᠭᠠᠨ ᠤ ᠵᠠᠷᠤᠳᠠᠯ ᠢ ᠬᠤᠪᠢᠷᠠᠭᠤᠯᠬᠤ ᠦᠶᠡᠯᠡᠯ ᠤᠨ ᠬᠤᠭᠤᠴᠠᠭᠠᠨ ᠤ ᠬᠢᠵᠠᠭᠠᠷᠯᠠᠯ ᠢ ᠠᠭᠤᠵᠢᠭᠤ ᠲᠠᠯᠪᠢᠵᠤ᠂ | ᠴᠠᠬᠢᠯᠭᠠᠨ ᠬᠡᠷᠡᠭᠯᠡᠬᠦ ᠪᠠᠨ ᠲᠦᠷ ᠵᠤᠭᠰᠤᠭᠠᠬᠤ ᠭᠤᠶᠤᠴᠢᠯᠠᠯ ᠤᠨ ᠲᠤᠭ᠎ᠠ ᠶᠢᠨ ᠬᠢᠵᠠᠭᠠᠷᠯᠠᠯ ᠢ ᠬᠦᠴᠦᠨ ᠦᠭᠡᠢ | ᠪᠤᠯᠭᠠᠵᠤ᠂ ᠬᠤᠯᠪᠣᠭᠳᠠᠯ ᠪᠦᠬᠦᠢ ᠴᠠᠬᠢᠯᠭᠠᠨ ᠤ ᠪᠠᠭᠲᠠᠭᠠᠮᠵᠢ ᠶᠢ ᠪᠠᠭᠠᠰᠬᠠᠬᠤ ᠬᠢᠵᠠᠭᠠᠷᠯᠠᠯ ᠬᠤᠭᠤᠴᠠᠭ᠎ᠠ ᠵᠢᠴᠢ | ᠰᠢᠨ᠎ᠡ ᠤᠭᠰᠠᠷᠠᠭᠰᠠᠨ᠂ ᠪᠠᠭᠲᠠᠭᠠᠮᠵᠢ ᠶᠢ ᠨᠡᠮᠡᠭᠳᠡᠭᠦᠯᠦᠭᠰᠡᠨ ᠬᠡᠷᠡᠭᠯᠡᠭᠴᠢ ᠬᠤᠶᠠᠷ ᠵᠢᠯ ᠤᠨ ᠳᠣᠲᠣᠷ᠎ᠠ | ᠪᠠᠭᠲᠠᠭᠠᠮᠵᠢ ᠪᠠᠨ ᠪᠠᠭᠠᠰᠬᠠᠬᠤ ᠪᠤᠶᠤ ᠴᠠᠬᠢᠯᠭᠠᠨ ᠬᠡᠷᠡᠭᠯᠡᠬᠦ ᠪᠠᠨ ᠲᠦᠷ ᠵᠤᠭᠰᠤᠭᠠᠬᠤ ᠪᠠᠷ ᠳᠠᠬᠢᠨᠲᠠ ᠭᠤᠶᠤᠴᠢᠯᠠᠵᠤ | ᠦᠯᠦ ᠪᠣᠯᠬᠤ ᠠᠷᠭ᠎ᠠ ᠶᠢ ᠲᠦᠷ ᠬᠡᠷᠡᠭᠵᠢᠭᠦᠯᠬᠦ ᠪᠠᠨ ᠪᠤᠯᠢᠵᠤ᠂ ᠠᠵᠤ ᠠᠬᠤᠶᠢᠯᠠᠯ ᠳᠤ ᠡᠵᠡᠨ ᠮᠡᠳᠡᠬᠦ ᠨᠡᠩ ᠶᠡᠭᠡ | ᠡᠷᠬᠡ ᠤᠯᠭᠤᠵᠤ᠂ ᠦᠨᠳᠦᠰᠦᠨ ᠴᠠᠬᠢᠯᠭᠠᠨ ᠤ ᠵᠠᠷᠤᠳᠠᠯ ᠢ ᠪᠣᠳᠣᠬᠤ ᠳᠦᠷᠢᠮ ᠢ ᠨᠡᠩ ᠠᠮᠢᠳᠤᠯᠢᠭ᠂ ᠨᠡᠩ ᠪᠦᠷᠢᠨ | ᠪᠤᠯᠭᠠᠪᠠ᠃ ᠡᠩ ᠤᠨ ᠦᠢᠯᠡᠳᠪᠦᠷᠢ ᠬᠤᠳᠠᠯᠳᠤᠭᠠᠨ ᠳᠤ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠨᠡᠯᠢᠶᠡᠳ | ᠥᠨᠳᠥᠷ ᠪᠠᠶᠢᠬᠤ ᠠᠰᠠᠭᠤᠳᠠᠯ ᠳᠤ ᠴᠢᠭᠯᠡᠭᠦᠯᠦᠨ᠂ ᠨᠥᠬᠦᠴᠡᠯ ᠲᠠᠢ ᠬᠤᠳᠠᠯᠳᠤᠭᠠᠨ ᠤ ᠠᠵᠤ ᠠᠬᠤᠶᠢᠯᠠᠯ ᠤᠳ | ᠴᠠᠬᠢᠯᠭᠠᠨ ᠪᠣᠷᠣᠯᠠᠭᠤᠯᠬᠤ ᠺᠣᠮᠫᠠᠨᠢ ᠳᠤ ᠨᠠᠶᠢᠳᠠᠨ ᠤᠷᠤᠯᠴᠠᠬᠤ ᠴᠠᠬᠢᠯᠭᠠᠨ ᠬᠦᠴᠦᠨ ᠢ ᠰᠢᠭᠤᠳ ᠠᠷᠠᠯᠵᠢᠶᠠᠯᠠᠬᠤ ᠳᠤ | ᠰᠢᠭᠤᠳ ᠤᠷᠤᠯᠴᠠᠬᠤ ᠵᠡᠷᠭᠡ ᠠᠷᠭ᠎ᠠ ᠬᠡᠮᠵᠢᠶ᠎ᠡ ᠠᠪᠴᠤ ᠨᠠᠮᠳᠠᠭᠤᠯᠬᠤ ᠶᠢ ᠨᠢ ᠵᠤᠷᠢᠭᠵᠢᠭᠤᠯᠪᠠ᠃ | ︽ᠲᠥᠰᠦᠯ︾ ᠠᠴᠠ ᠦᠵᠡᠪᠡᠯ᠂ ᠵᠠᠰᠠᠭ ᠤᠨ ᠣᠷᠳᠣᠨ ᠤ ᠬᠠᠩᠭᠠᠯᠭ᠎ᠠ ᠶᠢᠨ ᠲᠠᠯ᠎ᠠ ᠪᠦᠲᠦᠴᠡ ᠶᠢᠨ | ᠥᠭᠡᠷᠡᠴᠢᠯᠡᠯᠲᠡ ᠳᠤ ᠬᠦᠴᠦ ᠲᠠᠯᠪᠢᠵᠤ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠦᠷᠳᠡᠭ ᠢ | ᠪᠠᠭᠤᠷᠠᠭᠤᠯᠬᠤ ᠠᠷᠭ᠎ᠠ ᠨᠢ ᠶᠡᠷᠦ ᠶᠢᠨ ᠤᠳᠬ᠎ᠠ ᠶᠢᠨ ᠲᠠᠯ᠎ᠠ ᠪᠠᠷ ᠬᠢ ︽ᠪᠠᠭᠤᠷᠠᠭᠤᠯᠬᠤ︾ ᠪᠢᠰᠢ ᠬᠠᠷᠢᠨ ᠣᠬᠤᠷ | ᠬᠤᠭᠤᠴᠠᠭᠠᠨ ᠤ ᠦᠷ᠎ᠡ ᠪᠦᠲᠦᠮᠵᠢ ᠶᠢᠨ ᠬᠥᠭᠡᠭᠡᠴᠡᠯᠳᠦᠯ ᠢ ᠤᠷᠲᠤᠪᠲᠤᠷ ᠪᠠ ᠤᠷᠲᠤ ᠬᠤᠭᠤᠴᠠᠭᠠᠨ ᠤ | ᠲᠦᠷᠢᠮ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠠᠢ ᠤᠶᠠᠯᠳᠤᠭᠤᠯᠵᠤ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠪᠠ | ᠵᠠᠰᠠᠭ ᠵᠠᠬᠢᠷᠭᠠᠨ ᠤ ᠠᠷᠭ᠎ᠠ ᠪᠠᠷᠢᠯ ᠢ ᠵᠡᠷᠭᠡ ᠪᠠᠷ ᠬᠡᠷᠡᠭᠯᠡᠬᠦ ᠶᠢᠨ ᠬᠠᠮᠲᠤ ᠡᠨᠧᠷᠭᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠤᠯᠠᠨ ᠡᠰᠢᠲᠦ ᠬᠠᠷᠠᠯᠲᠠᠲᠤ ᠰᠢᠨᠵᠢ ᠴᠢᠨᠠᠷ ᠢ ᠬᠠᠮᠲᠤ ᠳᠤᠨᠢ ᠬᠠᠷᠠᠭᠠᠯᠵᠠᠵᠤ ᠪᠠᠶᠢᠬᠤ ᠶᠢ | ᠬᠠᠷᠠᠭᠤᠯᠵᠤ ᠪᠠᠶᠢᠬᠤ ᠶᠤᠮ᠃ | ᠡᠩ ᠲᠡᠷᠢᠭᠦᠨ ᠳᠤ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠬᠤ ᠨᠢ | ᠣᠳᠣᠬᠠᠨ ᠤ ᠠᠵᠤ ᠠᠬᠤᠶ ᠶᠢᠨ ᠪᠠᠶᠢᠳᠠᠯ ᠪᠣᠯᠤᠨ ᠡ᠊ᠨᠧᠷᠭᠢ ᠶᠢᠨ ᠬᠠᠩᠭᠠᠯᠭ᠎ᠠ ᠬᠡᠷᠡᠭᠴᠡᠭᠡᠨ ᠤ ᠬᠠᠷᠢᠴᠠᠭ᠎ᠠ ᠳᠣᠣᠷᠠᠬᠢ | ᠣᠬᠤᠷ ᠬᠤᠭᠤᠴᠠᠭᠠᠨ ᠤ ᠡᠭᠦᠷᠭᠡ ᠮᠥᠨ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠡᠨᠧᠷᠭᠢ | ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠬᠤ ᠶᠢᠨ ᠬᠠᠮᠲᠤ ᠪᠠᠰᠠ ᠡᠨᠧᠷᠭᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠪᠦᠬᠦ ᠲᠠᠯ᠎ᠠ ᠶᠢ ᠢᠮᠠᠭᠲᠠ ᠪᠣᠳᠣᠯᠬᠢᠯᠠᠵᠤ᠂ ᠡᠨᠧᠷᠭᠢ ᠶᠢ ᠵᠠᠬ᠎ᠠ ᠳᠡᠯᠭᠡᠭᠦᠷᠴᠢᠯᠡᠬᠦ ᠲᠦᠷᠢᠮ ᠤᠨ | ᠪᠠᠶᠢᠭᠤᠯᠤᠯᠲᠠ ᠶᠢ ᠴᠢᠬᠤᠯᠠᠴᠢᠯᠠᠬᠤ ᠬᠡᠷᠡᠭᠲᠡᠶ᠃ ᠵᠢᠷᠤᠮᠵᠢᠭᠰᠠᠨ ᠳᠦᠷᠢᠮ ᠪᠣᠯᠤᠨ ᠢᠯᠡ ᠲᠣᠳᠣ ᠲᠦᠷᠢᠮ ᠢᠶᠠᠷ | ᠳᠠᠮᠵᠢᠭᠤᠯᠤᠨ᠂ ᠦᠨ᠎ᠡ ᠬᠠᠩᠰᠢ ᠶᠢ ᠵᠠᠬᠢᠷᠤᠨ ᠬᠠᠮᠢᠶᠠᠷᠬᠤ ᠪᠠᠷ ᠰᠤᠯᠠᠯᠠᠵᠤ᠂ ᠡᠨᠧᠷᠭᠢ ᠶᠢᠨ ᠦᠨ᠎ᠡ ᠬᠠᠩᠰᠢ ᠪᠠᠷ | ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠲᠤᠰᠬᠠᠵᠤ᠂ ᠦᠨ᠎ᠡ ᠬᠠᠩᠰᠢ ᠶᠢᠨ ᠤᠶᠠᠨ ᠬᠠᠳᠠᠨ ᠴᠢᠨᠠᠷ ᠢ | ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠨᠡᠭᠦᠷᠡᠰᠦᠨ ᠤ ᠦᠨ᠎ᠡ ᠬᠠᠩᠰᠢ ᠶᠢᠨ ᠶᠡᠬᠡᠪᠡᠷ ᠪᠠᠭᠤᠷᠠᠬᠤ᠂ ᠴᠠᠬᠢᠯᠭᠠᠨ | ᠬᠡᠷᠡᠭᠯᠡᠬᠦ ᠦᠨ᠎ᠡ ᠶᠢᠨ ᠪᠠᠭᠤᠷᠠᠯᠲᠠ ᠶᠢᠨ ᠬᠡᠮᠵᠢᠶ᠎ᠡ ᠪᠠᠭ᠎ᠠ ᠪᠠᠶᠢᠬᠤ ᠵᠡᠷᠭᠡ ᠴᠠᠬᠢᠯᠭᠠᠨ ᠤ ᠦᠨ᠎ᠡ ᠶᠢ ᠳᠠᠮ ᠢᠶᠠᠷ | ᠵᠢᠯᠣᠭᠤᠳᠬᠤ ᠲᠣᠭᠲᠠᠴᠠ ᠲᠥᠭᠵᠢᠷᠡᠵᠦ ᠪᠠᠶᠢᠭ᠎ᠠ ᠠᠰᠠᠭᠤᠷᠠᠯ ᠢ ᠦᠨᠳᠦᠰᠦᠨ ᠠᠴᠠ ᠨᠢ ᠨᠠᠮᠳᠠᠭᠤᠯᠬᠤ ᠬᠡᠷᠡᠭᠲᠡᠢ᠃ | ᠣᠳᠣᠬᠠᠨ ᠳᠤ ᠡᠨᠧᠷᠭᠢ ᠶᠢᠨ ᠬᠠᠩᠭᠠᠯᠭ᠎ᠠ ᠨᠢ ᠬᠡᠷᠡᠭᠴᠡᠭᠡ ᠠᠴᠠ ᠪᠠᠨ ᠬᠡᠲᠦᠷᠡᠵᠦ ᠪᠠᠶᠢᠬᠤ ᠶᠡᠷᠦᠩᠬᠡᠶ ᠪᠠᠶᠢᠳᠠᠯ | ᠳᠣᠣᠷ᠎ᠠ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠦᠷᠲᠡᠭ ᠢ ᠪᠠᠭᠤᠷᠠᠭᠤᠯᠬᠤ ᠪᠣᠯ ᠡᠨᠧᠷᠭᠢ ᠶᠢ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠦᠷ᠎ᠡ ᠳ᠋ᠦᠩ ᠮᠥᠨ᠃ ᠪᠢᠳᠡ ᠥᠪᠡᠷ ᠤᠨ ᠦᠷᠲᠡᠭ ᠪᠠᠭᠤᠷᠠᠬᠤ ᠶᠢ ᠣᠯᠵᠤ | ᠦᠵᠡᠬᠦ ᠶᠢᠨ ᠬᠠᠮᠲᠤ᠂ ᠨᠡᠩ ᠴᠤ ᠡᠨᠡ ᠬᠦ ᠶᠠᠪᠤᠴᠠ ᠨᠢ ᠮᠥᠨᠬᠦ ᠵᠠᠬ᠎ᠠ ᠳᠡᠯᠭᠡᠭᠦᠷᠴᠢᠯᠡᠭᠰᠡᠨ ᠬᠡᠮᠵᠢᠶ᠎ᠡ ᠳᠡᠭᠡᠭᠰᠢᠯᠡᠵᠦ᠂ | ᠡᠨᠧᠷᠭᠢ ᠶᠢᠨ ᠲᠠᠸᠠᠷ ᠤᠨ ᠰᠢᠨᠵᠢ ᠴᠢᠨᠠᠷ ᠢ ᠰᠡᠷᠭᠦᠭᠡᠵᠦ᠂ ᠦᠨ᠎ᠡ ᠬᠠᠩᠰᠢ ᠶᠢᠨ ᠲᠤᠭᠢᠶ᠎ᠠ ᠶᠢᠨ ᠦᠢᠯᠡᠳᠦᠯ ᠡᠳᠦᠷ | ᠢᠷᠡᠬᠦᠶ᠎ᠡ ᠢᠯᠡᠷᠬᠡᠶ ᠪᠤᠯᠵᠤ ᠪᠠᠶᠢᠬᠤ ᠶᠠᠪᠤᠴᠠ ᠪᠣᠯᠬᠤ ᠶᠢ ᠣᠯᠵᠤ ᠦᠵᠡᠬᠦ ᠬᠡᠷᠡᠭᠲᠡᠢ᠃ | ᠳᠠᠷᠠᠭ᠎ᠠ ᠳᠤᠨᠢ᠂ ᠵᠠᠰᠠᠭ ᠤᠨ ᠣᠷᠳᠣᠨ ᠤ ᠭᠠᠷ ᠪᠣᠯᠣᠨ ᠵᠠᠬ᠎ᠠ ᠳᠡᠯᠭᠡᠭᠦᠷ ᠤᠨ ᠲᠦᠷᠢᠮ ᠵᠡᠷᠭᠡ ᠳᠤᠨᠢ | ᠬᠡᠷᠡᠭᠯᠡᠵᠦ᠂ ᠴᠢᠬᠤᠯᠠ ᠪᠦᠬᠦᠢ ᠵᠠᠰᠠᠭ ᠵᠠᠬᠢᠷᠭᠠᠨ ᠤ ᠠᠷᠭ᠎ᠠ ᠪᠠᠷᠢᠯ ᠢ ᠬᠡᠷᠡᠭᠯᠡᠬᠦ ᠶᠢᠨ ᠬᠠᠮᠲᠤ ᠵᠠᠬ᠎ᠠ ᠳᠡᠯᠭᠡᠭᠦᠷᠴᠢᠯᠡᠬᠦ | ᠠᠷᠭ᠎ᠠ ᠪᠠᠷᠢᠯ ᠢᠶᠠᠷ ᠳᠠᠮᠵᠢᠭᠤᠯᠤᠨ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠥᠷᠳᠡᠭ ᠢ | ᠪᠠᠭᠤᠷᠠᠭᠤᠯᠬᠤ ᠶᠢ ᠴᠢᠬᠤᠯᠠᠴᠢᠯᠠᠬᠤ ᠬᠡᠷᠡᠭᠲᠡᠢ᠃ ᠡᠨᠧᠷᠭᠢ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠭᠤᠣᠯ | ᠬᠠᠷᠠᠯᠲᠠ ᠪᠣᠯ ᠡᠨᠧᠷᠭᠢ ᠶᠢᠨ ᠲᠠᠸᠠᠷ ᠤᠨ ᠰᠢᠨᠵᠢ ᠴᠢᠨᠠᠷ ᠢ ᠰᠡᠷᠭᠦᠭᠡᠬᠦ ᠶᠠᠪᠤᠳᠠᠯ ᠮᠥᠨ᠂ ︽ᠥᠪᠡᠷ ᠤᠨ ᠥᠷᠲᠡᠭ ᠢ | ᠪᠠᠭᠤᠷᠠᠭᠤᠯᠬᠤ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠡᠨᠧᠷᠭᠢ ᠶᠢᠨ ᠲᠠᠸᠠᠷ ᠤᠨ ᠰᠢᠨᠵᠢ ᠴᠢᠨᠠᠷ ᠢ | ᠪᠡᠶᠡᠯᠡᠭᠦᠯᠬᠦ ᠳᠤ ᠠᠰᠢᠭᠲᠠᠶ ᠪᠠᠶᠢᠬᠤ ᠬᠡᠷᠡᠭᠲᠡᠢ᠂ ᠬᠠᠷᠢᠨ ᠡᠭᠦᠨ ᠤ ᠡᠰᠡᠷᠭᠦ ᠪᠢᠰᠢ ᠶᠤᠮ᠃ ᠥᠷᠢᠰᠦᠯᠳᠦᠵᠦ ᠪᠣᠯᠬᠤ | ᠬᠦᠷᠢᠶ᠎ᠡ ᠪᠣᠯᠤᠨ ᠭᠤᠭᠴᠣᠭᠠᠨ ᠳᠤ ᠥᠷᠢᠰᠥᠯᠳᠦᠭᠡᠨ ᠣᠷᠣᠭᠤᠯᠵᠤ᠂ ᠪᠠᠶᠢᠭᠠᠯᠢ ᠶᠢ ᠭᠠᠭᠴᠠᠭᠠᠷ | ᠡᠵᠡᠷᠬᠡᠬᠦ ᠭᠤᠭᠴᠤᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠦᠨ᠎ᠡ ᠬᠠᠩᠰᠢ ᠶᠢᠨ | ᠲᠣᠭᠲᠠᠴᠠ ᠶᠢ ᠰᠢᠯᠤᠭᠤᠳᠬᠠᠵᠤ᠂ ᠨᠢᠭᠡ ᠤᠴᠢᠷ ᠢ ᠨᠢᠭᠡ ᠵᠥᠪᠯᠡᠬᠦ ᠵᠠᠰᠠᠭ ᠵᠠᠬᠢᠷᠭᠠᠨ ᠤ ᠠᠰᠢᠭ ᠲᠤᠰᠠ ᠶᠢ | ᠰᠠᠯᠭᠠᠬᠤ ᠳᠤ ᠲᠦᠰᠢᠭᠯᠡᠬᠦ ᠪᠢᠰᠢ ᠬᠠᠷᠢᠨ ᠠᠮᠢᠳᠤᠯᠢᠭ ᠡᠨᠧᠷᠭᠢ ᠶᠢᠨ ᠦᠨ᠎ᠡ ᠬᠠᠩᠰᠢ ᠶᠢ ᠢᠯᠡᠭᠦᠦ ᠲᠦᠰᠢᠭᠯᠡᠵᠦ᠂ | ᠠᠵᠤ ᠠᠬᠤᠢᠯᠠᠯ ᠤᠨ ᠡᠨᠧᠷᠭᠢ ᠬᠡᠷᠡᠭᠯᠡᠬᠦ ᠥᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠡᠢ᠃ | ᠬᠠᠮᠤᠭ ᠡᠴᠦᠰ ᠲᠤ᠂ ᠵᠠᠰᠠᠭ ᠤᠨ ᠣᠷᠳᠣᠨ ᠤ ᠲᠦᠷᠦ ᠶᠢᠨ ᠪᠤᠳᠤᠯᠭ᠎ᠠ ᠶᠢᠨ ᠬᠠᠷᠠᠯᠲᠠ ᠶᠢᠨ ᠤᠯᠠᠨ ᠡᠰᠢᠲᠦ | ᠴᠢᠨᠠᠷ ᠢ ᠪᠣᠳᠣᠯᠬᠢᠯᠠᠵᠤ᠂ ᠡᠨᠧᠷᠭᠢ ᠶᠢᠨ ᠪᠠᠶᠢᠭᠤᠯᠤᠯ ᠤᠨ ᠥᠭᠡᠷᠡᠴᠢᠯᠡᠯᠲᠡ ᠳᠤ ᠣᠯᠠᠨ ᠬᠠᠷᠠᠯᠲᠠᠲᠤ ᠰᠢᠨᠵᠢ ᠴᠢᠨᠠᠷ | ᠲᠠᠢ ᠪᠠᠶᠢᠳᠠᠭ᠂ ᠥᠪᠡᠷ ᠤᠨ ᠦᠷᠳᠡᠭ ᠢ ᠪᠠᠭᠤᠷᠠᠭᠤᠯᠬᠤ ᠶᠢᠨ ᠬᠠᠮᠲᠤ ︽ᠲᠥᠰᠦᠯ︾ ᠳᠤ ᠪᠠᠰᠠ ᠠᠯᠢ ᠪᠣᠯᠬᠤ ᠪᠠᠷ | ᠪᠤᠰᠤᠳ ᠬᠠᠷᠠᠯᠲᠠ ᠶᠢ ᠬᠠᠮᠲᠤ ᠳᠤᠨᠢ ᠬᠠᠷᠠᠭᠠᠯᠵᠠᠵᠠᠢ᠃ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ | ᠦᠷᠳᠡᠭ ᠢ ᠪᠠᠭᠤᠷᠠᠭᠤᠯᠬᠤ ᠶᠢᠨ ᠬᠠᠮᠲᠤ ᠪᠠᠰᠠ ᠲᠦᠭᠡᠮᠡᠯ ᠦᠢᠯᠡᠴᠢᠯᠡᠭᠡ᠂ ᠰᠣᠯᠪᠢᠴᠠᠯ ᠤᠨ ᠨᠥᠬᠦᠪᠥᠷᠢ ᠶᠢ ᠲᠣᠬᠢᠲᠠᠶ | ᠰᠢᠢᠳᠪᠦᠷᠢᠯᠡᠬᠦ᠂ ᠳᠠᠬᠢᠠ ᠡᠭᠦᠰᠴᠦ ᠪᠣᠯᠬᠤ ᠡᠨᠧᠷᠭᠢ ᠶᠢᠨ ᠬᠥᠭᠵᠢᠯᠲᠡ ᠶᠢ ᠳᠡᠮᠵᠢᠬᠦ᠂ ᠨᠡᠭᠦᠷᠡᠰᠦ ᠰᠢᠲᠠᠭᠠᠬᠤ | ᠴᠠᠬᠢᠯᠭᠠᠨ ᠦᠢᠯᠡᠳᠪᠦᠷᠢ ᠶᠢᠨ ᠣᠷᠴᠢᠨ ᠲᠣᠭᠤᠷᠢᠨ ᠢ ᠬᠠᠮᠠᠭᠠᠯᠠᠬᠤ ᠨᠡᠩ ᠴᠢᠩᠭ᠎ᠠ ᠪᠠᠷᠢᠮᠵᠢᠶ᠎ᠠ ᠵᠡᠷᠭᠡ ᠣᠯᠠᠨ | ᠳᠠᠪᠬᠤᠷ ᠬᠠᠷᠠᠯᠲᠠ ᠶᠢ ᠬᠠᠷᠠᠭᠠᠯᠵᠠᠭᠰᠠᠨ ᠪᠠᠶᠢᠨ᠎ᠠ᠃ ︽ᠲᠥᠰᠦᠯ︾ ᠳᠤ ᠠᠵᠤ ᠠᠬᠤᠶᠢᠯᠠᠯ ᠤᠨ ᠡᠨᠧᠷᠭᠢ ᠬᠡᠷᠡᠭᠯᠡᠬᠦ | ᠥᠪᠡᠷ ᠤᠨ ᠦᠷᠳᠡᠭ ᠢ ᠪᠠᠭᠤᠷᠠᠭᠤᠯᠬᠤ ᠶᠢ ᠠᠬᠢᠭᠤᠯᠬᠤ ᠶᠠᠪᠤᠴᠠ ᠳᠤ ᠵᠣᠷᠢᠭᠲᠠᠶ ᠪᠠᠷ ᠲᠤᠷᠰᠢᠵᠤ᠂ ᠵᠣᠷᠢᠭᠲᠠᠶ ᠪᠠᠷ | ᠰᠢᠨ᠎ᠡ ᠶᠢ ᠡᠭᠦᠳᠴᠦ᠂ ᠪᠤᠰᠤᠳ ᠬᠠᠷᠠᠯᠲᠠ ᠶᠢ ᠦᠷᠡᠭᠳᠡᠭᠦᠯᠬᠦ ᠪᠠᠷ ᠲᠥᠯᠥᠪᠦᠷᠢ ᠪᠣᠯᠭᠠᠬᠤ ᠦᠭᠡᠢ ᠪᠠᠷ ᠤᠯᠠᠨ | ᠬᠠᠷᠠᠯᠲᠠ ᠶᠢ ᠬᠠᠮᠲᠤ ᠳᠤᠨᠢ ᠬᠠᠷᠠᠭᠠᠯᠵᠠᠬᠤ ᠳᠤᠮᠳᠠ ᠬᠠᠮᠤᠭ ᠤᠨ ᠰᠠᠶᠢᠨ ᠲᠡᠩᠴᠡᠭᠦᠷᠢ ᠴᠡᠭ ᠢ ᠣᠯᠬᠤ ᠬᠡᠷᠡᠭᠲᠡᠢ | ᠭᠡᠵᠡᠢ᠃ |