ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠬᠠᠮᠢᠶᠠᠷᠤᠯᠲᠠ ᠶᠢᠨ ᠱᠠᠲᠤ ᠳᠡᠰ ᠢ ᠳᠣᠷᠣᠭᠰᠢ ᠪᠠᠭᠤᠯᠭᠠᠪᠠ
ᠨᠡᠶᠢᠲᠡᠯᠡᠭᠰᠡᠨ ᠴᠠᠭ᠄
2016/9/29
      ︽ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠬᠠᠮᠢᠶᠠᠷᠤᠯᠲᠠ ᠶᠢᠨ ᠱᠠᠳᠤ ᠳᠡᠰ ᠢ ᠳᠣᠷᠣᠭᠰᠢ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠣᠷᠴᠢᠮᠬᠠᠨ ᠳᠠᠷᠤᠮᠠᠯᠯᠠᠨ ᠲᠠᠷᠬᠠᠭᠠᠪᠠ᠂ ᠲᠤᠰ ︽ᠮᠡᠳᠡᠭᠳᠡᠯ︾᠎ ᠳᠤ᠂ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠬᠠᠮᠢᠶᠠᠷᠤᠯᠲᠠ ᠶᠢᠨ ᠱᠠᠳᠤ ᠲᠠᠰ ᠢ ᠳᠣᠷᠣᠭᠰᠢ ᠪᠠᠭᠤᠯᠭᠠᠬᠤ ᠪᠠᠷ ᠲᠣᠳᠣᠷᠬᠠᠶ ᠲᠤᠭᠲᠠᠭᠠᠪᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠤᠰ ᠲᠤᠰ ᠥᠪᠡᠷᠲᠡᠭᠡᠨ ᠵᠠᠰᠠᠬᠤ ᠣᠷᠣᠨ ᠪᠤᠯᠤᠨ ᠠᠶᠢᠮᠠᠭ ᠬᠤᠲᠠ ᠶᠢᠨ ᠰᠢᠭᠤᠳ ᠬᠠᠷᠢᠶ᠎ᠠ ᠬᠥᠮᠦᠨ ᠬᠡᠷᠡᠭᠯᠡᠬᠦ ᠨᠢᠭᠡᠴᠡ ᠶᠢᠨ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠠᠵᠢᠯ ᠢ ᠬᠠᠷᠢᠭᠤᠴᠠᠵᠤ᠂ ᠲᠥᠪ ᠤᠨ ᠰᠢᠭᠤᠳ ᠬᠠᠷᠢᠶ᠎ᠠ ᠬᠥᠮᠦᠨ ᠬᠡᠷᠡᠭᠯᠡᠬᠦ ᠨᠢᠭᠡᠴᠡ ᠨᠢ ᠮᠦᠨ ᠬᠦ ᠤᠤᠯ ᠤᠨ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠠᠷᠭ᠎ᠠ ᠵᠠᠮ ᠢ ᠬᠡᠷᠡᠭᠵᠢᠬᠦᠯᠵᠤ᠂ ᠪᠤᠰᠤᠳ ᠬᠥᠮᠦᠨ ᠬᠡᠷᠡᠭᠯᠡᠬᠦ ᠨᠢᠭᠡᠴᠡ ᠨᠢ ᠲᠤᠬᠠᠶ ᠶᠢᠨ ᠭᠠᠵᠠᠷ ᠲᠤ ᠪᠠᠨ ᠬᠠᠮᠢᠶᠠᠷᠬᠤ ᠵᠠᠷᠴᠢᠮ ᠤᠨ ᠶᠣᠰᠣᠭᠠᠷ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦᠯᠦᠨ᠎ᠡ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠥᠪᠥᠷ ᠮᠣᠩᠭᠤᠯ ᠤᠨ ᠳᠣᠷᠣᠭᠰᠢ ᠪᠠᠭᠤᠯᠭᠠᠭᠰᠠᠨ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠬᠠᠮᠢᠶᠠᠷᠤᠯᠲᠠ ᠶᠢᠨ ᠱᠠᠳᠤ ᠲᠠᠰ ᠨᠢ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠤᠢᠢᠷ᠎ᠠ ᠬᠠᠪᠢ ᠳᠤᠨᠢ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠭᠦᠯᠬᠦ ᠳᠤ ᠳᠥᠭᠦᠮ ᠪᠣᠯᠭᠠᠬᠤ ᠪᠠ  ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠬᠦᠯᠬᠦ ᠶᠢᠨ ᠲᠦᠯᠦᠭᠡ ᠶᠤᠮ᠃ ︽ᠮᠡᠳᠡᠭᠳᠡᠯ︾᠎ ᠳᠤ ᠪᠠᠰᠠ ᠲᠤᠲᠤᠷᠬᠠᠶᠢᠯᠠᠭᠰᠠᠨ ᠨᠢ᠂ ︽ᠥᠪᠡᠷᠲᠡᠭᠡᠨ ᠵᠠᠰᠠᠬᠤ ᠣᠷᠣᠨ ᠤ ᠤᠯᠤᠰ ᠤᠨ  ᠦᠮᠴᠢᠯᠡᠯᠲᠦ ᠭᠤᠣᠯᠳᠠᠯᠭ᠎ᠠ ᠲᠠᠢ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠮᠤᠵᠢ ᠶᠢᠨ ᠱᠠᠲᠤᠨ ᠤ ᠠᠵᠢᠯ ᠲᠥᠷᠥᠯ ᠢᠶᠠᠷ ᠨᠢᠭᠡᠳᠦᠯᠲᠡᠶ ᠬᠠᠮᠢᠶᠠᠷᠬᠤ ᠶᠢ ᠬᠡᠷᠡᠭᠵᠢᠬᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠦᠰᠦᠭ〔 2005〕335 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶᠎ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ ᠬᠡᠪᠡ᠃ ︽ᠮᠡᠳᠡᠭᠳᠡᠯ︾᠎ ᠳᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ ᠬᠡᠵᠤ ᠱᠠᠭᠠᠷᠳᠠᠪᠠ᠃ ᠡᠭᠦᠨ ᠠᠴᠠ ᠡᠮᠦᠨ᠎ᠡ᠂ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠠᠵᠢᠯ ᠤᠨ ᠲᠥᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶᠎ ᠢ ᠨᠡᠶᠢᠲᠡᠯᠡᠨ ᠬᠡᠷᠡᠭᠵᠢᠭᠦᠯᠦᠭᠰᠡᠨ ᠤ ᠬᠠᠮᠲᠤ᠂ ᠤᠤᠯ ᠤᠨ ︽ᠪᠦᠬᠦ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠲᠤᠬᠠᠶᠢᠯᠠᠭᠰᠠᠨ ᠠᠵᠢᠯ ᠤᠨ ᠴᠤᠪᠤᠷᠠᠯ ᠪᠤᠯᠤᠨ ᠪᠢᠴᠢᠭ ᠢ ᠵᠢᠷᠤᠮᠵᠢᠭᠤᠯᠬᠤ ᠲᠤᠬᠠᠶ ᠮᠡᠳᠡᠭᠳᠡᠯ︾ ︵ᠥᠪᠥᠷ ᠬᠥᠳᠡᠯᠮᠦᠷᠢ ᠨᠡᠶᠢᠭᠡᠮ ᠠᠯᠪᠠᠨ ᠦᠰᠦᠭ ﹇2005﹈ 118 ᠳ᠋ᠤᠭᠠᠷ ᠲᠣᠭᠠᠲᠤ︶᠎ ᠢ ᠬᠦᠴᠦᠨ ᠤᠢᠭᠡᠢ ᠪᠤᠯᠭᠠᠪᠠ᠃ ︽ᠳᠦᠷᠢᠮ︾᠎ ᠳᠤ ᠲᠣᠳᠣᠷᠬᠠᠶ ᠲᠣᠭᠲᠠᠭᠠᠭᠰᠠᠨ ᠨᠢ᠂ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠭᠤᠶᠤᠴᠢᠯᠠᠯ ᠢ ᠣᠯᠤᠭᠰᠠᠨ ᠤ ᠳᠠᠷᠠᠭ᠎ᠠ᠂ ᠮᠠᠲ᠋ᠧᠷᠢᠶᠠᠯ ᠢ ᠴᠠᠭ ᠲᠤᠬᠠᠶ ᠳᠤᠨᠢ ᠬᠢᠨᠠᠨ ᠬᠠᠷᠭᠤᠭᠤᠯᠬᠤ ᠬᠡᠷᠡᠭᠲᠠᠢ᠃ ᠭᠤᠶᠤᠴᠢᠯᠠᠭᠴᠢ ᠶᠢᠨ ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠬᠦᠯᠢᠶᠡᠨ ᠠᠪᠴᠤ ᠰᠢᠢᠳᠪᠦᠷᠢᠯᠡᠬᠦ ᠪᠤᠶᠤ ᠦᠯᠦ ᠬᠦᠯᠢᠶᠡᠨ ᠠᠪᠴᠤ ᠰᠢᠢᠳᠪᠦᠷᠢᠯᠡᠬᠦ ᠲᠣᠭᠲᠠᠭᠠᠯ ᠭᠠᠷᠭᠠᠬᠤ ᠬᠡᠷᠡᠭᠲᠡᠶ᠃ ᠭᠤᠶᠤᠴᠢᠯᠠᠭᠴᠢ ᠶᠢᠨ ᠲᠤᠰᠢᠶᠠᠭᠰᠠᠨ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ 15 ᠠᠵᠢᠯᠯᠠᠬᠤ ᠡᠳᠦᠷ ᠤᠨ ᠳᠣᠲᠣᠷ᠎ᠠ ︽ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠭᠤᠶᠤᠴᠢᠯᠠᠯ ᠤᠨ ᠪᠢᠴᠢᠭ ᠮᠠᠲ᠋ᠧᠷᠢᠶᠠᠯ ᠢ ᠨᠦᠬᠦᠪᠦᠷᠢᠯᠡᠬᠦ ᠲᠤᠬᠠᠢ  ᠮᠡᠳᠡᠭᠳᠡᠯ ᠤᠨ ᠪᠢᠴᠢᠭ︾ ᠭᠠᠷᠭᠠᠵᠤ᠂ ᠨᠦᠬᠦᠪᠦᠷᠢᠯᠡᠨ ᠵᠠᠯᠠᠷᠠᠭᠤᠯᠬᠤ ᠴᠢᠬᠤᠯᠠᠲᠠᠶ ᠪᠦᠬᠦ ᠮᠠᠲ᠋ᠧᠷᠢᠶᠠᠯ ᠢ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦᠯᠬᠦ ᠪᠠᠷ ᠭᠤᠶᠤᠴᠢᠯᠠᠭᠰᠠᠨ ᠬᠦᠮᠦᠨ ᠳᠤ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠶ᠃ ᠭᠤᠶᠤᠴᠢᠯᠠᠭᠴᠢ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠢ ᠲᠤᠭᠲᠠᠭᠰᠠᠨ ᠬᠤᠭᠤᠴᠠᠭᠠᠨ ᠳᠣᠲᠣᠷ᠎ᠠ ᠨᠦᠬᠦᠪᠦᠷᠢᠯᠡᠨ ᠵᠠᠯᠠᠷᠠᠭᠤᠯᠵᠤ ᠳᠡᠶᠢᠯᠬᠦ ᠦᠭᠡᠢ ᠪᠤᠯ᠂ ᠮᠠᠲ᠋ᠧᠷᠢᠶᠠᠯ ᠢ ᠨᠥᠬᠦᠪᠥᠷᠢᠯᠡᠨ ᠵᠠᠯᠠᠷᠠᠭᠤᠯᠬᠤ ᠬᠤᠭᠤᠴᠠᠭ᠎ᠠ ᠶᠢ ᠤᠷᠲᠤᠳᠬᠠᠬᠤ ᠭᠤᠶᠤᠴᠢᠯᠠᠯ ᠳᠤᠷᠠᠳᠴᠤ ᠪᠣᠯᠤᠨ᠎ᠠ᠂ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠰᠠᠨ ᠤ ᠲᠠᠷᠠᠭ᠎ᠠ ᠤᠷᠲᠤᠳᠬᠠᠬᠤ ᠭᠦᠢᠴᠡᠳᠬᠡᠯ ᠬᠢᠵᠤ᠂ ᠬᠠᠮᠤᠭ ᠣᠷᠳᠣ ᠳᠤ ᠪᠠᠨ 30 ᠠᠵᠢᠯᠯᠠᠬᠤ ᠡᠳᠦᠷ ᠠᠴᠠ ᠬᠡᠲᠦᠷᠡᠬᠦᠯᠵᠤ ᠪᠤᠯᠬᠤ ᠦᠭᠡᠢ᠃ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠤᠶᠤᠴᠢᠯᠠᠭᠴᠢ ᠶᠢᠨ ᠨᠥᠬᠦᠪᠥᠷᠢᠯᠡᠨ  ᠵᠠᠯᠠᠷᠠᠭᠤᠯᠤᠭᠰᠠᠨ ᠪᠦᠬᠦ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠬᠦᠯᠢᠶᠡᠨ ᠠᠪᠴᠤ ᠰᠢᠢᠳᠪᠦᠷᠢᠯᠡᠬᠦ ᠪᠤᠶᠤ ᠦᠯᠦ ᠬᠦᠯᠢᠶᠡᠨ ᠠᠪᠴᠤ ᠰᠢᠢᠳᠪᠦᠷᠢᠯᠡᠬᠦ ᠲᠣᠭᠲᠠᠭᠠᠯ ᠭᠠᠷᠭᠠᠬᠤ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠠᠷ ᠲᠣᠭᠲᠠᠭᠠᠭᠰᠠᠨ ᠪᠠᠶᠢᠪᠠᠯ᠂ ︽ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠭᠤᠶᠤᠴᠢᠯᠠᠯ ᠢ ᠦᠯᠦ ᠬᠦᠯᠢᠶᠡᠨ ᠠᠪᠴᠤ ᠰᠢᠢᠳᠪᠦᠷᠢᠯᠡᠬᠦ ᠲᠣᠭᠲᠠᠭᠠᠯ ᠤᠨ ᠪᠢᠴᠢᠭ︾ ᠭᠠᠷᠭᠠᠬᠤ ᠬᠡᠷᠡᠭᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号