2016 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠡᠷᠬᠡ ᠣᠯᠭᠤᠯᠲᠠ ᠪᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠡᠳ᠋ ᠤᠨ ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠲᠠᠷᠬᠠᠭᠠᠬᠤ ᠳᠠᠭᠠᠭᠠᠴᠢᠯᠠᠯᠲᠠ ᠵᠠᠷᠯᠠᠬᠤ ᠪᠠ | ᠳᠠᠭᠠᠭᠠᠴᠢᠯᠠᠯᠲᠠ ᠳᠤ ᠣᠷᠣᠯᠴᠠᠬᠤ ᠰᠢᠰᠲ᠋ᠧᠮ ᠤᠨ ᠳᠠᠭᠠᠭᠠᠨ ᠪᠣᠷᠣᠯᠠᠭᠤᠯᠬᠤ ᠬᠤᠪᠢᠶᠠᠷᠢ ᠰᠢᠰᠲ᠋ᠧᠮ ᠢᠶᠠᠷ | ᠳᠠᠮᠵᠢᠭᠤᠯᠤᠨ᠂ 2016 ᠣᠨ ᠤ ᠭᠤᠷᠪᠠᠳᠤᠭᠠᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠠᠨᠳᠤᠯᠭ᠎ᠠ ᠲᠠᠢ ᠲᠠᠷᠬᠠᠭᠠᠬᠤ ᠳᠠᠭᠠᠭᠠᠨ ᠪᠣᠷᠣᠯᠠᠭᠤᠯᠬᠤ | ᠪᠦᠯᠬᠦᠮ ᠤᠨ ᠪᠦᠷᠢᠯᠳᠦᠬᠦᠨ ᠳᠤ ᠬᠠᠨᠳᠤᠭᠤᠯᠤᠨ᠂ ᠬᠠᠨᠳᠤᠯᠭ᠎ᠠ ᠲᠠᠢ ᠳᠠᠭᠠᠭᠠᠨ ᠪᠣᠷᠣᠯᠠᠭᠤᠯᠬᠤ ᠠᠷᠭ᠎ᠠ ᠪᠠᠷ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 188.6 ᠳ᠋ᠦᠩᠰᠢᠭᠤᠷ | ᠲᠥᠭᠦᠷᠢᠭ ᠲᠠᠷᠬᠠᠭᠠᠪᠠ᠃ ᠲᠤᠰ ᠪᠦᠯᠦᠭ ᠤᠨ ᠵᠢᠭᠡᠯᠡᠯᠭᠡ ᠶᠢᠨ ᠲᠡᠮᠳᠡᠭᠲᠦ ᠳᠤ᠂ ᠡ᠊ᠩ ᠤᠨ ᠵᠢᠭᠡᠯᠡᠯᠭᠡ ᠶᠢᠨ | ᠲᠡᠮᠳᠡᠭᠲᠦ 171.8 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ 3 ᠵᠢᠯ ᠤᠨ ᠬᠤᠭᠤᠴᠠᠭ᠎ᠠ ᠲᠠᠢ | ᠵᠢᠭᠡᠯᠡᠯᠭᠡ ᠶᠢᠨ ᠲᠡᠮᠳᠡᠭᠲᠦ 17.6 ᠳ᠋ᠦᠩᠰᠢᠭᠤᠷ ᠲᠥᠭᠦᠷᠢᠭ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ | ᠲᠡᠮᠳᠡᠭᠲᠦ 51.4 ᠳ᠋ᠦᠩᠰᠢᠭᠤᠷ ᠲᠥᠭᠦᠷᠢᠭ᠂ 7 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 51.4 | ᠳ᠋ᠦᠩᠰᠢᠭᠤᠷ ᠲᠥᠭᠦᠷᠢᠭ᠂ 10 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 51.4 ᠳ᠋ᠦᠩᠰᠢᠭᠤᠷ | ᠲᠥᠭᠦᠷᠢᠭ ᠪᠠᠶᠢᠨ᠎ᠠ᠂ ᠳᠠᠭᠠᠭᠠᠴᠢᠯᠠᠯᠲᠠ ᠣᠯᠤᠭᠰᠠᠨ ᠬᠦᠦ ᠮᠥᠩᠭᠦ ᠶᠢᠨ ᠨᠤᠷᠮ᠎ᠠ ᠨᠢ ᠲᠤᠰ ᠲᠤᠰ 2.8 %᠂ | 3.0 %᠂ 3.2 %᠂ 3.2 % ᠪᠣᠯᠵᠠᠶ︔ ᠲᠤᠰᠬᠠᠶ ᠵᠢᠭᠡᠯᠡᠯᠭᠡ ᠶᠢᠨ ᠲᠡᠮᠳᠡᠭᠲᠦ 16.8 ᠳ᠋ᠦᠩᠰᠢᠭᠤᠷ | ᠲᠥᠭᠦᠷᠢᠭ ᠪᠠᠶᠢᠵᠤ᠂ ᠡᠭᠦᠨ ᠳᠤ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 8.4 ᠳ᠋ᠦᠩᠰᠢᠭᠤᠷ | ᠲᠥᠭᠦᠷᠢᠭ᠂ 10 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 8.4 ᠳ᠋ᠦᠩᠰᠢᠭᠤᠷ ᠲᠥᠭᠦᠷᠢᠭ ᠪᠠᠶᠢᠵᠤ᠂ | ᠳᠠᠭᠠᠭᠠᠴᠢᠯᠠᠯᠲᠠ ᠣᠯᠤᠭᠰᠠᠨ ᠬᠦᠦ ᠮᠥᠩᠭᠦ ᠶᠢᠨ ᠨᠤᠷᠮ᠎ᠠ ᠨᠢ ᠲᠤᠰ ᠲᠤᠰ 3.0 %᠂ 3.2 % ᠪᠣᠯᠤᠨ᠎ᠠ᠃ | ᠲᠤᠰ ᠪᠦᠯᠦᠭ ᠤᠨ ᠵᠢᠭᠡᠯᠡᠯᠭᠡ ᠶᠢᠨ ᠲᠡᠮᠳᠡᠭᠲᠦ ᠶᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ | ᠵᠠᠰᠠᠭ ᠤᠨ ᠣᠷᠳᠣᠨ ᠤ ᠬᠤᠭᠤᠴᠠᠭ᠎ᠠ ᠨᠢ ᠲᠤᠯᠤᠭᠰᠠᠨ ᠪᠠᠩᠬᠢ ᠶᠢᠨ ᠲᠦᠷᠦᠯ ᠤᠨ ᠵᠠᠰᠠᠭ ᠤᠨ ᠣᠷᠳᠣᠨ ᠤ ᠥᠷᠢ | ᠰᠢᠷᠢ ᠶᠢ ᠲᠥᠯᠥᠬᠦ ᠳᠤ ᠬᠡᠷᠡᠭᠯᠡᠨ᠎ᠡ᠃ ᠲᠤᠰ ᠤᠳᠠᠭᠠᠨ ᠤ ᠬᠢ ᠶᠢ ᠲᠠᠷᠬᠠᠭᠠᠵᠤ ᠳᠠᠭᠤᠰᠪᠠᠯ᠂ 2016 ᠣᠨ ᠳᠤ | ᠮᠠᠨ ᠤ ᠣᠷᠣᠨ ᠤ ᠵᠠᠰᠠᠭ ᠤᠨ ᠣᠷᠳᠣᠨ ᠵᠢᠭᠡᠯᠡᠯᠭᠡ ᠶᠢᠨ ᠲᠡᠮᠳᠡᠭᠲᠦ ᠶᠢ ᠨᠢᠭᠡᠨᠲᠡ 1868.8 ᠳ᠋ᠦᠩᠰᠢᠭᠤᠷ | ᠲᠥᠭᠦᠷᠢᠭ ᠲᠠᠷᠬᠠᠭᠠᠵᠤ᠂ ᠪᠦᠬᠦ ᠵᠢᠯ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠬᠡᠪᠴᠢᠶ᠎ᠡ ᠶᠢᠨ ᠳᠡᠭᠡᠳᠦ | ᠬᠢᠵᠠᠭᠠᠷ ᠤᠨ 78.3% ᠶᠢ ᠪᠡᠶᠡᠯᠡᠭᠦᠯᠦᠨ᠎ᠡ᠃ |