ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠣᠷᠴᠢᠮᠬᠠᠨ ᠳᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠢᠷᠢᠶᠠᠨ ᠳᠠᠬᠢ | ᠪᠠᠲᠤᠯᠠᠭ᠎ᠠ ᠶᠢᠨ ᠮᠥᠩᠭᠦ ᠶᠢ ᠢᠯᠭᠠᠷᠠᠭᠤᠯᠤᠨ ᠵᠢᠷᠤᠮᠵᠢᠭᠤᠯᠬᠤ ᠠᠵᠢᠯ ᠤᠨ ᠲᠥᠰᠦᠯ︾ ︵ᠳᠣᠷᠣᠭᠰᠢ ︽ᠠᠵᠢᠯ ᠤᠨ | ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠠᠨ ᠲᠠᠷᠬᠠᠭᠠᠪᠠ᠃ ︽ᠠᠵᠢᠯ ᠤᠨ ᠲᠥᠰᠦᠯ︾ ᠳᠤ᠂ ᠥᠪᠡᠷᠲᠡᠭᠡᠨ | ᠵᠠᠰᠠᠬᠤ ᠣᠷᠣᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠪᠠᠷᠢᠯᠭ᠎ᠠ ᠶᠢᠨ ᠪᠦᠳᠤᠭᠡᠨ ᠪᠠᠶᠢᠭᠤᠯᠤᠯᠲᠠ ᠶᠢᠨ | ᠳᠤᠮᠳᠠ ᠲᠤᠰᠢᠶᠠᠬᠤ ᠴᠢᠬᠤᠯᠠᠲᠠᠢ ᠪᠠᠲᠤᠯᠠᠭ᠎ᠠ ᠶᠢᠨ ᠮᠥᠩᠭᠦ ᠶᠢᠨ ᠲᠠᠯ᠎ᠠ ᠪᠠᠷ ᠬᠠᠤᠯᠢ ᠲᠣᠭᠲᠠᠭᠠᠯ ᠶᠣᠰᠣᠭᠠᠷ | ᠪᠠᠶᠢᠭᠤᠯᠤᠭᠰᠠᠨ ᠳᠠᠭᠠᠭᠠᠴᠢᠯᠠᠯᠲᠠ ᠵᠠᠷᠯᠠᠬᠤ ᠲᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ᠂ ᠪᠣᠯᠵᠣᠯ | ᠭᠦᠢᠴᠡᠳᠬᠡᠬᠦ ᠪᠠᠲᠤᠯᠠᠭ᠎ᠠ ᠶᠢᠨ ᠮᠥᠩᠭᠦ᠂ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠪᠠ ᠬᠥᠯᠥᠰᠥᠨ | ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠯᠡ ᠦᠯᠡᠳᠡᠬᠦ ᠶᠢ ᠭᠠᠷᠭᠠᠪᠠᠯ᠂ ᠪᠤᠰᠤᠳ ᠪᠠᠲᠤᠯᠠᠭ᠎ᠠ ᠶᠢᠨ | ᠮᠥᠩᠭᠦ ᠶᠢ ᠴᠥᠮ ᠬᠦᠴᠦᠨ ᠤᠢᠭᠡᠢ ᠪᠤᠯᠭᠠᠨ᠎ᠠ᠃ ᠬᠦᠴᠦᠨ ᠤᠢᠭᠡᠢ ᠪᠤᠯᠭᠠᠬᠤ ᠪᠠᠲᠤᠯᠠᠭ᠎ᠠ ᠶᠢᠨ ᠮᠥᠩᠭᠦ ᠳᠤ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ 2016 ᠣᠨ ᠤ ᠵᠢᠯ ᠤᠨ ᠡᠴᠦᠰ ᠠᠴᠠ ᠡᠮᠦᠨ᠎ᠡ ᠬᠤᠯᠪᠣᠭᠳᠠᠯ | ᠪᠦᠬᠦᠢ ᠳᠦᠷᠢᠮ ᠳᠤ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠠᠵᠢᠯ ᠢ ᠪᠡᠶᠡᠯᠡᠭᠦᠯᠬᠦ ᠬᠡᠷᠡᠭᠲᠡᠶ᠃ | ᠲᠦᠷᠦ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠦᠭᠡᠢ ᠪᠠᠷ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠳ ᠶᠠᠮᠠᠷᠪᠠ ᠬᠡᠯᠪᠡᠷᠢ ᠪᠠᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠪᠠᠲᠤᠯᠠᠭ᠎ᠠ ᠶᠢᠨ | ᠮᠥᠩᠭᠦ ᠶᠢᠨ ᠳᠦᠷᠦᠯ ᠵᠦᠢᠯ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ ᠭᠡᠵᠦ ᠲᠤᠳᠤᠷᠬᠠᠶᠢᠯᠠᠪᠠ᠃ | ︽ᠠᠵᠢᠯ ᠤᠨ ᠲᠥᠰᠦᠯ︾ ᠳᠤ᠂ ᠬᠦᠴᠦᠨ ᠤᠢᠭᠡᠢ ᠪᠣᠯᠭᠠᠬᠤ ᠪᠠᠲᠤᠯᠠᠭ᠎ᠠ ᠶᠢᠨ ᠮᠥᠩᠭᠦ ᠶᠢ 2016 ᠤᠨ ᠤ | 6 ᠳ᠋ᠤᠭᠠᠷ ᠰᠠᠷ᠎ᠠ ᠶᠢᠨ 24 ᠤ ᠡᠳᠦᠷ ᠠᠴᠠ ᠡᠬᠢᠯᠡᠨ ᠬᠤᠷᠢᠶᠠᠬᠤ ᠶᠢ ᠪᠦᠷ ᠵᠤᠭᠰᠤᠭᠠᠨ᠎ᠠ᠂ ᠡᠯ᠎ᠡ ᠭᠠᠵᠠᠷ | ᠣᠷᠣᠨ ᠦᠨᠡᠨᠬᠦ ᠬᠡᠷᠡᠭᠵᠢᠭᠦᠯᠦᠭᠦᠰᠢᠲᠡᠶ ᠠᠷᠭ᠎ᠠ ᠶᠢ ᠱᠠᠯᠠᠪᠳᠠᠨ ᠲᠣᠭᠲᠠᠭᠠᠵᠤ᠂ 9 ᠳ᠋ᠦ᠋ᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠦᠬᠦᠨ ᠢ ᠪᠤᠴᠠᠭᠠᠵᠤ ᠥᠭᠬᠦ ᠪᠤᠲᠠᠲᠠᠶᠢᠵᠢᠭᠤᠯᠤᠯ ᠤᠨ ᠠᠵᠢᠯ ᠢ ᠦᠨᠡᠨᠬᠦ ᠪᠠᠲᠤᠯᠠᠬᠤ | ᠬᠡᠷᠡᠭᠲᠡᠶ᠃ ᠦᠯᠡᠳᠡᠭᠡᠭᠰᠡᠨ ᠪᠠᠲᠤᠯᠠᠭ᠎ᠠ ᠶᠢᠨ ᠮᠥᠩᠭᠦ ᠶᠢᠨ ᠳᠤᠲᠤᠷᠠᠬᠢ ᠬᠤᠭᠤᠴᠠᠭ᠎ᠠ ᠬᠡᠲᠦᠷᠡᠭᠰᠡᠨ ᠪᠠᠶᠢᠲᠠᠯ᠎ᠠ | ᠪᠤᠴᠠᠭᠠᠳᠤᠢ ᠵᠢᠴᠢ ᠬᠡᠲᠦᠷᠡᠲᠡᠯ᠎ᠡ ᠬᠤᠷᠢᠶᠠᠭᠰᠠᠨ ᠬᠡᠰᠡᠭ ᠢ ᠬᠤᠷᠢᠶᠠᠵᠤ ᠠᠪᠤᠭᠰᠠᠨ ᠨᠢᠭᠡᠴᠡ ᠨᠢ 12 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠤᠴᠠᠭᠠᠵᠤ ᠳᠠᠭᠤᠰᠬᠠᠬᠤ ᠬᠡᠷᠡᠭᠲᠡᠶ ᠪᠦᠭᠡᠳ ᠪᠣᠯᠵᠣᠨ ᠲᠣᠭᠲᠠᠭᠰᠠᠨ ᠶᠣᠰᠣᠭᠠᠷ | ᠬᠤᠭᠤᠴᠠᠭ᠎ᠠ ᠬᠡᠲᠦᠷᠡᠭᠰᠡᠨ ᠬᠡᠰᠡᠭ ᠲᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠳᠤ ᠬᠤᠭᠤᠴᠠᠭ᠎ᠠ | ᠬᠡᠲᠦᠷᠡᠲᠡᠯ᠎ᠡ ᠦᠯᠦ ᠪᠤᠴᠠᠭᠠᠭᠰᠠᠨ ᠭᠡᠷ᠎ᠡ ᠶᠢ ᠵᠥᠷᠢᠴᠡᠭᠰᠡᠨ ᠵᠤᠭᠤᠰ ᠦᠭᠬᠦ ᠬᠡᠷᠡᠭᠲᠡᠶ᠃ ᠦᠯᠡᠳᠡᠭᠡᠭᠰᠡᠨ | ᠪᠠᠲᠤᠯᠠᠭ᠎ᠠ ᠶᠢᠨ ᠮᠥᠩᠭᠦ ᠶᠢᠨ ᠳᠤᠲᠤᠷᠠᠬᠢ ᠪᠤᠴᠠᠭᠠᠬᠤ ᠬᠤᠭᠤᠴᠠᠭ᠎ᠠ ᠨᠢ ᠬᠦᠷᠦᠭᠡᠳᠦᠢ ᠬᠡᠰᠡᠭ ᠲᠤ ᠬᠦᠴᠦᠲᠡᠶ | ᠠᠷᠭ᠎ᠠ ᠬᠡᠮᠵᠢᠶ᠎ᠡ ᠠᠪᠴᠤ᠂ ᠲᠤᠭᠲᠠᠭᠰᠠᠨ ᠴᠠᠭ ᠲᠤᠨᠢ ᠪᠤᠴᠠᠭᠠᠵᠤ ᠥᠭᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠡᠭᠦᠨ ᠠᠴᠠ ᠭᠠᠳᠠᠨ᠎ᠠ᠂ ᠪᠠᠲᠤᠯᠠᠭ᠎ᠠ ᠶᠢᠨ ᠮᠥᠩᠭᠦ ᠲᠤᠰᠢᠶᠠᠬᠤ ᠠᠷᠭ᠎ᠠ ᠬᠡᠯᠪᠡᠷᠢ ᠶᠢ ᠬᠤᠪᠢᠷᠠᠭᠤᠯᠵᠤ᠂ ᠦᠯᠡᠳᠡᠭᠡᠭᠰᠡᠨ | ᠪᠠᠲᠤᠯᠠᠭ᠎ᠠ ᠶᠢᠨ ᠮᠥᠩᠭᠦ ᠳᠤ ᠪᠠᠩᠬᠢ ᠶᠢᠨ ᠪᠠᠲᠤᠯᠠᠭ᠎ᠠ ᠶᠢᠨ ᠪᠢᠴᠢᠭ ᠤᠨ ᠳᠦᠷᠢᠮ ᠪᠤᠶᠤ ᠲᠤᠰᠬᠠᠶ ᠳᠠᠭᠠᠭᠠᠯᠲᠠ ᠬᠢᠬᠦ | ᠺᠣᠮᠫᠠᠨᠢ ᠶᠢᠨ ᠪᠠᠲᠤᠯᠠᠬᠤ ᠳᠠᠭᠠᠭᠠᠯᠲᠠ ᠬᠢᠬᠦ ᠵᠡᠷᠭᠡ ᠠᠷᠭ᠎ᠠ ᠬᠡᠯᠪᠡᠷᠢ ᠶᠢ ᠠᠪᠬᠤ ᠬᠡᠷᠡᠭᠲᠡᠢ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠠ ᠨᠢᠭᠡᠴᠡ ᠨᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠪᠡᠯᠡᠨ ᠵᠣᠭᠤᠰ | ᠲᠤᠰᠢᠶᠠᠯᠭᠠᠬᠤ ᠪᠠᠷ ᠠᠯᠪᠠᠳᠠᠨ ᠱᠠᠭᠠᠷᠳᠠᠵᠤ ᠪᠤᠯᠬᠤ ᠦᠭᠡᠢ ᠭᠡᠵᠦ ᠲᠤᠳᠤᠷᠬᠠᠶᠢᠯᠠᠪᠠ᠃ | ︽ᠠᠵᠢᠯ ᠤᠨ ᠲᠥᠰᠦᠯ︾ ᠳᠤ ᠪᠠᠰᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ | ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤᠷᠠᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ | ᠤᠷᠤᠭᠤᠯᠬᠤ ᠪᠠ ᠪᠦᠷᠢᠨᠰᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠦᠨᠡᠨ | ᠨᠡᠷ᠎ᠡ ᠶᠢᠨ ᠳᠦᠷᠢᠮᠲᠦ ᠬᠠᠮᠢᠶᠠᠷᠤᠯᠲᠠ ᠶᠠᠪᠤᠭᠤᠯᠬᠤ ᠪᠠᠷ ᠳᠠᠮᠵᠢᠭᠤᠯᠤᠨ᠂ ᠪᠠᠷᠢᠯᠭ᠎ᠠ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠨᠢᠭᠡᠴᠡ ᠪᠣᠯᠤᠨ ᠪᠠᠷᠢᠯᠭ᠎ᠠ ᠶᠢᠨ ᠠᠵᠤ ᠠᠬᠤᠶᠢᠯᠠᠯ ᠤᠨ ᠲᠤᠰᠢᠶᠠᠬᠤ ᠪᠠᠲᠤᠯᠠᠭ᠎ᠠ ᠶᠢᠨ | ᠮᠥᠩᠭᠦ ᠳᠤ ᠵᠦᠷᠢᠶᠡᠲᠤ ᠬᠠᠮᠢᠶᠠᠷᠤᠯᠲᠠ ᠶᠢ ᠬᠡᠷᠡᠭᠵᠢᠭᠦᠯᠵᠦ᠂ ᠬᠥᠳᠡᠯᠦᠩᠭᠦᠶ ᠬᠢᠨᠠᠨ ᠬᠠᠮᠢᠶᠠᠷᠬᠤ ᠬᠡᠷᠡᠭᠲᠡᠢ︔ | ᠬᠥᠯᠥᠰᠥᠨ ᠠᠵᠢᠯᠴᠢᠨ ᠤ ᠴᠠᠯᠢᠩ ᠢ ᠭᠤᠷᠪᠠᠨ ᠵᠢᠯ ᠳᠠᠷᠠᠭᠠᠯᠠᠨ ᠥᠷᠢᠲᠦᠭᠰᠡᠨ ᠦᠭᠡᠢ ᠭᠠᠳᠠᠨ᠎ᠠ ᠣᠷᠣᠨ ᠤ ᠠᠵᠤ | ᠠᠬᠤᠶᠢᠯᠠᠯ ᠢ ᠪᠤᠯ᠂ ︽ᠬᠡᠨ ᠬᠢᠨᠠᠨ ᠬᠠᠷᠭᠤᠭᠤᠯᠤᠭᠰᠠᠨ ᠪᠤᠯ᠂ ᠬᠡᠨ ᠭᠠᠷ ᠤᠨ ᠥᠰᠥᠭ ᠵᠢᠷᠤᠵᠤ᠂ ᠬᠡᠨ | ᠬᠠᠷᠢᠭᠤᠴᠠᠬᠤ︾ ᠵᠠᠷᠴᠢᠮ ᠶᠣᠰᠣᠭᠠᠷ᠂ ᠠᠵᠤ ᠠᠬᠤᠶᠢᠯᠠᠯ ᠨᠢ ᠠᠮᠠᠯᠠᠯᠲᠠ ᠶᠢᠨ ᠪᠢᠴᠢᠭ ᠬᠢᠵᠦ᠂ ᠬᠥᠯᠥᠰᠥᠨ | ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠨᠢ ᠬᠡᠯᠲᠦᠷᠢᠭᠦᠯᠵᠦ ᠪᠤᠯᠤᠨ᠎ᠠ︔ ᠬᠥᠯᠥᠰᠥᠨ | ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠦᠷᠢᠲᠦᠵᠦ ᠥᠩᠭᠡᠷᠡᠭᠰᠡᠨ ᠦᠢᠯᠡ ᠠᠵᠢᠯᠯᠠᠭ᠎ᠠ ᠪᠦᠬᠦᠢ ᠠᠵᠤ | ᠠᠬᠤᠶᠢᠯᠠᠯ ᠳᠤ ᠪᠤᠯ᠂ ᠬᠠᠷᠢᠴᠠᠯ ᠢ ᠨᠢ ᠵᠣᠬᠢᠰᠲᠠᠶ ᠪᠠᠷ ᠳᠡᠭᠡᠭᠰᠢᠯᠡᠭᠦᠯᠦᠨ᠎ᠡ︔ ᠬᠠᠰᠤᠵᠤ ᠬᠡᠯᠲᠦᠷᠢᠭᠦᠯᠬᠦ | ᠬᠤᠭᠤᠴᠠᠭᠠᠨ ᠳᠤ ᠬᠥᠯᠥᠰᠥᠨ ᠠᠵᠢᠯᠴᠢᠨ ᠤ ᠴᠠᠯᠢᠩ ᠢ ᠥᠷᠢᠲᠦᠭᠰᠡᠨ ᠦᠢᠯᠡ ᠠᠵᠢᠯᠯᠠᠭ᠎ᠠ ᠭᠠᠷᠤᠭᠰᠠᠨ ᠠᠵᠤ | ᠠᠬᠤᠶᠢᠯᠠᠯ ᠢ ᠪᠤᠯ᠂ ᠵᠠᠷᠯᠢᠭᠳᠠᠵᠤ ᠪᠠᠶᠢᠭᠠᠳ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠦᠩᠭᠦ ᠶᠢ | ᠴᠠᠭ ᠲᠤᠬᠠᠶ ᠳᠤᠨᠢ ᠨᠥᠬᠦᠪᠥᠷᠢᠯᠡᠨ ᠲᠤᠰᠢᠶᠠᠯᠭᠠᠬᠤ ᠬᠡᠷᠡᠭᠲᠡᠢ ᠭᠡᠵᠦ ᠱᠠᠭᠠᠷᠳᠠᠪᠠ᠃ |