ᠦᠪᠡᠷᠳᠡᠬᠡᠨ ᠵᠠᠰᠠᠬᠤ ᠤᠷᠤᠨ ᠤ ᠭᠤᠤᠯ ᠨᠢᠷᠤᠭᠤ ᠶᠢᠨ ᠭᠠᠳᠠᠷ ᠡᠮᠴᠢᠯᠡᠬᠡᠨ ᠤ ᠠᠺᠠᠳᠧᠮᠢᠴᠢ ᠳᠤᠰᠬᠠᠢ ᠮᠡᠷᠬᠡᠵᠢᠯᠳᠡᠨ ᠤ ᠠᠵᠢᠯ ᠤᠨ ᠦᠷᠳᠡᠭᠡ ᠪᠠᠶᠢᠭᠤᠯᠤᠬᠳᠠᠵᠠᠢ
ᠨᠡᠶᠢᠲᠡᠯᠡᠭᠰᠡᠨ ᠴᠠᠭ᠄
2016/9/29
     9 ᠳ᠋ᠤᠭᠡᠷ ᠰᠠᠷ᠎ᠠ ᠶᠢᠨ 27᠎ ᠤ ᠡᠳᠦᠷ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠠᠯᠠᠩ ᠤᠨ ᠠᠺᠠᠳᠧᠮᠢᠴᠢ ᠴᠢᠦ ᠬᠦᠢ ᠰᠢᠩ ᠢᠶᠠᠷ ᠳᠦᠷᠦᠬᠦᠯᠡᠬᠦᠯᠦᠭᠰᠡᠨ ᠦᠪᠡᠷᠳᠡᠬᠡᠨ ᠵᠠᠰᠠᠬᠤ ᠤᠷᠤᠨ ᠤ ᠭᠤᠤᠯ ᠨᠢᠷᠤᠭᠤ ᠶᠢᠨ ᠭᠠᠳᠠᠷ ᠡᠮᠴᠢᠯᠡᠬᠡᠨ ᠤ ᠠᠺᠠᠳᠧᠮᠢᠴᠢ ᠳᠤᠰᠬᠠᠢ ᠮᠡᠷᠬᠡᠵᠢᠯᠳᠡᠨ ᠤ ᠠᠵᠢᠯ ᠤᠨ ᠦᠷᠳᠡᠭᠡ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠡᠮᠨᠡᠯᠬᠡ ᠶᠢᠨ ᠬᠤᠷᠢᠶᠠᠨ ᠳᠤ ᠪᠠᠶᠢᠭᠤᠯᠤᠬᠳᠠᠵᠦ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠰᠢᠨᠵᠢᠯᠡᠬᠦ ᠤᠬᠠᠭᠠᠨ ᠮᠡᠷᠬᠡᠵᠢᠯ ᠤᠨ ᠳᠢᠩᠬᠢᠮ᠂ ᠰᠢᠨᠵᠢᠯᠡᠬᠦ ᠤᠬᠠᠭᠠᠨ ᠮᠡᠷᠬᠡᠵᠢᠯ ᠤᠨ ᠨᠡᠶᠢᠭᠡᠮᠯᠢᠭ᠂ ᠡᠷᠡᠬᠦᠯ ᠬᠠᠮᠠᠭᠠᠯᠠᠯ ᠳᠦᠯᠦᠪᠯᠡᠬᠡᠳᠦ ᠦᠷᠡᠵᠢᠯ ᠤᠨ ᠵᠦᠪᠯᠡᠯ ᠠᠴᠠ ᠬᠠᠮᠳᠤᠷᠠᠨ ᠫᠠᠶᠢᠰᠠ ᠢᠷᠠᠬᠤ ᠶᠤᠰᠤᠯᠠᠯ ᠶᠠᠪᠤᠭᠤᠯᠪᠠ᠃ ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠶᠠᠩ ᠴᠧᠩ ᠸᠠᠩ ᠫᠠᠶᠢᠰᠠ ᠢᠷᠠᠬᠤ ᠶᠤᠰᠤᠯᠠᠯ ᠳᠤ ᠤᠷᠤᠯᠴᠠᠵᠠᠢ᠃      1942 ᠣᠨ ᠳᠤ ᠳᠦᠷᠦᠭᠰᠡᠨ ᠴᠢᠦ ᠬᠦᠢ ᠰᠢᠩ ᠪᠤᠯ ᠵᠢᠶᠠᠩᠰᠦ ᠮᠤᠵᠢ ᠶᠢᠨ ᠦᠰᠢ ᠶᠢᠨ ᠬᠦᠮᠦᠨ᠂ ᠪᠡᠬᠡᠵᠢᠩ ᠤᠨ ᠰᠢᠶᠧ ᠡᡁᠧ ᠡᠮᠨᠡᠯᠬᠡ ᠶᠢᠨ ᠬᠤᠷᠢᠶᠠᠨ ᠤ ᠭᠠᠳᠠᠷ ᠡᠮᠴᠢᠯᠡᠬᠡᠨ ᠤ ᠰᠤᠳᠤᠯᠤᠯ ᠤᠨ ᠰᠠᠯᠪᠤᠷᠢ ᠶᠢᠨ ᠨᠡᠷ᠎ᠠ ᠬᠦᠨᠳᠦᠳᠦ ᠡᠷᠬᠢᠯᠡᠭᠴᠢ᠂ ᠫᠷᠤᠹᠧᠰᠰᠤᠷ᠂ ᠳ᠋ᠤᠺᠲ᠋ᠤᠷ ᠤᠨ ᠵᠢᠯᠤᠭᠤᠳᠤᠬᠴᠢ ᠪᠠᠭᠰᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠡᠷᠳᠡᠮ ᠰᠢᠨᠵᠢᠯᠡᠬᠡᠨ ᠤ ᠬᠡᠯᠳᠡᠰ ᠤᠨ ᠪᠠᠶᠢᠩᠭᠤ ᠶᠢᠨ ᠬᠡᠰᠢᠬᠦᠨ᠂ ᠳᠡᠳ᠋ ᠡᠷᠬᠢᠯᠡᠭᠴᠢ ᠶᠤᠮ᠃ ᠴᠢᠦ ᠬᠦᠢ ᠰᠢᠩ ᠭᠤᠤᠯ ᠨᠢᠷᠤᠭᠤ ᠶᠢᠨ ᠭᠠᠳᠠᠷ ᠡᠮᠴᠢᠯᠡᠭᠡ ᠵᠢᠴᠢ ᠦᠶ᠎ᠠ ᠬᠡᠰᠢᠬᠦᠦ ᠶᠢᠨ ᠭᠠᠳᠠᠷ ᠡᠮᠴᠢᠯᠡᠭᠡ ᠶᠢᠨ ᠡᠪᠡᠳᠴᠢᠨ ᠡᠮᠬᠡᠭ ᠢ ᠡᠮᠨᠡᠨ ᠵᠠᠰᠠᠬᠤ ᠳᠠᠭᠠᠨ ᠴᠢᠳᠠᠮᠠᠭᠠᠢ᠂ ᠳᠡᠬᠦᠨ ᠤ ᠳᠤᠷᠠᠳᠤᠬᠰᠠᠨ ᠭᠤᠤᠯ ᠨᠢᠷᠤᠭᠤ ᠬᠠᠵᠠᠭᠤ ᠳᠡᠰᠢ ᠪᠠᠨ ᠬᠦᠳᠦ᠋ᠢᠬᠦ ᠡᠪᠡᠳᠴᠢᠨ ᠢ ᠡᠮᠨᠡᠨ ᠵᠠᠰᠠᠬᠤ ᠳᠤ ᠳᠤᠮᠳᠠᠳᠤ ᠤᠯᠤᠰ ᠤᠨ ᠳᠦᠷᠦᠯ ᠬᠡᠯᠪᠡᠷᠢ ᠬᠤᠪᠢᠶᠠᠬᠤ ᠠᠷᠭ᠎ᠠ ᠨᠢ ᠭᠤᠤᠯ ᠨᠢᠷᠤᠭᠤ ᠶᠢᠨ ᠬᠠᠵᠠᠭᠤ ᠳᠡᠰᠢ ᠪᠠᠨ ᠬᠦᠳᠦ᠋ᠢᠬᠦ ᠡᠪᠡᠳᠴᠢᠨ ᠢ ᠡᠮᠨᠡᠨ ᠵᠠᠰᠠᠬᠤ  ᠳᠤ ᠴᠢᠬᠤᠯᠠ ᠡᠮᠴᠢᠯᠡᠪᠤᠷᠢ ᠶᠢᠨ ᠵᠢᠯᠤᠭᠤᠳᠬᠤ ᠠᠴᠢ ᠬᠤᠯᠪᠤᠬᠳᠠᠯ ᠲᠠᠢ ᠶᠤᠮ ᠬᠡᠬᠦ ᠦᠵᠡᠯᠳᠡ ᠨᠢ ᠤᠯᠤᠰ ᠤᠨ ᠳᠤᠳᠤᠭᠠᠳᠤ ᠭᠠᠳᠠᠭᠠᠳᠤ ᠶᠢᠨ ᠠᠵᠢᠯ ᠨᠢᠬᠡᠳᠡᠨ ᠳᠤ ᠦᠷᠬᠡᠨ ᠢᠶᠠᠷ ᠠᠩᠬᠠᠷᠤᠬᠳᠠᠬᠰᠠᠨ ᠤ ᠬᠠᠮᠳᠤ᠂ ᠮᠠᠨ ᠤ ᠤᠯᠤᠰ ᠤᠨ ᠭᠤᠤᠯ ᠨᠢᠷᠤᠭᠤ ᠶᠢᠨ ᠬᠠᠵᠠᠭᠤ ᠳᠡᠰᠢ ᠪᠠᠨ ᠬᠦᠳᠦ᠋ᠢᠬᠦ ᠡᠪᠡᠳᠴᠢᠨ ᠢ ᠡᠮᠨᠡᠨ ᠵᠠᠰᠠᠬᠤ ᠮᠡᠷᠬᠡᠵᠢᠯ ᠢ ᠳᠡᠯᠡᠬᠡᠢ ᠶᠢᠨ ᠬᠢᠷᠢ ᠳᠦᠪᠰᠢᠨ ᠳᠤ ᠬᠦᠷᠬᠡᠪᠡ᠃ ᠳᠠᠷᠠᠪᠠᠷ ᠡᠪᠦᠳᠦᠭ᠂ ᠰᠡᠬᠦᠵᠢ ᠶᠢᠨ ᠦᠶ᠎ᠠ ᠬᠡᠰᠢᠬᠦᠦ ᠶᠢᠨ ᠮᠡᠰᠡ ᠵᠠᠰᠠᠯ ᠤᠨ ᠳᠠᠯ᠎ᠠ ᠪᠠᠷ ᠮᠠᠰᠢ ᠶᠡᠭᠡ ᠦᠷ᠎ᠠ ᠪᠦᠳᠦᠮᠵᠢ ᠤᠯᠵᠦ᠂ ᠳᠤᠮᠳᠠ ᠴᠢᠮᠦᠬᠡ ᠨᠢ ᠦᠬᠦᠵᠢᠭᠰᠡᠨ᠂ ᠬᠦᠨᠳᠦ ᠨᠤᠴᠢᠳᠠᠢ ᠬᠡᠷᠦᠬᠦ ᠦᠶ᠎ᠠ ᠬᠡᠰᠢᠬᠦᠦ ᠶᠢᠨ ᠦᠷᠪᠢᠰᠦᠯ ᠳᠤ ᠨᠡᠷᠪᠡᠭᠳᠡᠭᠰᠡᠨ ᠮᠠᠰᠢ ᠤᠯᠠᠨ ᠡᠪᠡᠳᠴᠢᠳᠡᠨ ᠢ ᠠᠪᠤᠷᠠᠨ ᠡᠳᠡᠬᠡᠵᠡᠢ᠃ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠡᠮᠨᠡᠯᠬᠡ ᠶᠢᠨ ᠬᠤᠷᠢᠶᠠᠨ ᠤ ᠳᠠᠷᠤᠭ᠎ᠠ ᠰᠦᠨ ᠳ᠋ᠧ ᠵᠢᠶᠦ᠋ᠨ᠄ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠡᠮᠨᠡᠯᠬᠡ ᠶᠢᠨ ᠬᠤᠷᠢᠶ᠎ᠡ ᠠᠺᠠᠳᠧᠮᠢᠴᠢ ᠴᠢᠦ ᠬᠦᠢ ᠰᠢᠩ ᠤᠨ ᠳᠠᠭᠠᠭᠤᠯᠵᠦ ᠢᠷᠡᠭᠰᠡᠨ ᠳᠤᠰᠬᠠᠢ ᠮᠡᠷᠬᠡᠵᠢᠯᠳᠡᠨ ᠤ ᠪᠦᠯᠬᠦᠮ ᠨᠢᠬᠡᠴᠡ ᠶᠢᠨ ᠡᠷᠳᠡᠮ ᠰᠢᠨᠵᠢᠯᠡᠬᠡᠨ ᠤ ᠬᠦᠴᠦᠨ ᠢ ᠠᠰᠢᠬᠯᠠᠨ᠂ ᠨᠢᠬᠡ ᠪᠦᠯᠦᠭ ᠬᠦᠴᠢᠷ ᠲᠦᠪᠡᠭᠲᠡᠢ ᠭᠤᠤᠯ ᠨᠢᠷᠤᠭᠤ ᠶᠢᠨ ᠭᠠᠳᠠᠷ ᠡᠮᠴᠢᠯᠡᠭᠡ ᠵᠢᠴᠢ ᠦᠶ᠎ᠠ ᠬᠡᠰᠢᠬᠦᠦ ᠶᠢᠨ ᠭᠠᠳᠠᠷ ᠡᠮᠴᠢᠯᠡᠬᠡᠨ ᠤ ᠮᠡᠰᠡ ᠵᠠᠰᠠᠯ ᠢ ᠦᠷᠨᠢᠬᠦᠯᠦᠨ ᠬᠢᠬᠦ ᠶᠢᠨ ᠬᠠᠮᠳᠤ᠂ ᠤᠷᠤᠭᠤᠯᠤᠨ ᠠᠪᠴᠢᠷᠠᠬᠤ ᠪᠡ ᠭᠠᠳᠠᠬᠰᠢ ᠭᠠᠷᠴᠤ ᠰᠤᠷᠤᠯᠴᠠᠬᠤ ᠪᠠᠷ ᠳᠠᠮᠵᠢᠨ᠂ ᠮᠠᠨ ᠤ ᠤᠷᠤᠨ ᠤ ᠮᠠᠰᠠ ᠵᠠᠰᠠᠯ ᠤᠨ ᠡᠮᠴᠢ᠂ ᠮᠢᠨᠴᠤᠷᠠᠬᠦᠯᠬᠦ ᠡᠮᠴᠢ᠂ ᠳᠤᠰᠬᠠᠢ ᠮᠡᠷᠬᠡᠵᠢᠯ ᠤᠨ ᠰᠤᠪᠢᠯᠠᠬᠴᠢ ᠵᠡᠷᠬᠡ ᠶᠢ ᠪᠠᠭᠳᠠᠭᠠᠬᠰᠠᠨ ᠭᠤᠤᠯ ᠨᠢᠷᠤᠭᠤ ᠬᠠᠵᠠᠶᠢᠵᠦ ᠮᠤᠷᠦ᠋ᠢᠬᠤ ᠶᠢ ᠳᠤᠰᠬᠠᠢ ᠮᠡᠷᠬᠡᠵᠢᠯ ᠢᠶᠠᠷ ᠵᠠᠰᠠᠵᠦ ᠳᠡᠭᠰᠢᠷᠡᠬᠦᠯᠬᠦ ᠪᠦᠯᠬᠦᠮ ᠨᠢᠬᠡᠴᠡ ᠶᠢ ᠠᠯᠬᠤᠮ ᠠᠯᠬᠤᠮ ᠢᠶᠠᠷ ᠴᠤᠬᠴᠠᠯᠠᠨ ᠪᠠᠶᠢᠭᠤᠯᠵᠦ᠂ ᠮᠠᠨ ᠤ ᠤᠷᠤᠨ ᠤ ᠡᠪᠡᠳᠴᠢᠳᠡᠳ ᠲᠤ ᠪᠣᠶᠠᠨ ᠦᠢᠯᠡᠳᠦᠨ᠎ᠡ︾ ᠬᠡᠵᠦ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号