ᠮᠠᠨ ᠤ ᠣᠷᠣᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠲᠦᠷᠢᠮ ᠤᠨ ᠪᠣᠷᠣ ᠲᠥᠯᠥᠪ ᠦᠨᠳᠦᠰᠦᠨ ᠳᠡᠭᠡᠨ ᠲᠤᠭᠲᠠᠪᠠ
ᠨᠡᠶᠢᠲᠡᠯᠡᠭᠰᠡᠨ ᠴᠠᠭ᠄
2016/9/30
      2013 ᠣᠨ ᠳᠤ ᠤᠯᠤᠰ ᠠᠴᠠ ᠲᠠᠷᠢᠶᠠᠴᠢᠳ ᠤᠨ ᠪᠣᠯᠪᠠᠰᠤᠷᠠᠭᠤᠯᠤᠯ ᠢ ᠰᠢᠯᠵᠢᠭᠦᠯᠦᠨ ᠪᠣᠯᠪᠠᠰᠤᠷᠠᠭᠤᠯᠬᠤ ᠠᠴᠠ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠳ ᠢ ᠬᠦᠮᠦᠵᠢᠬᠦᠯᠬᠦ ᠲᠡᠰᠢ ᠰᠢᠯᠵᠢᠬᠦᠯᠦᠭᠰᠡᠨ ᠠᠴᠠ ᠨᠠᠰᠢ᠂ ᠮᠠᠨ ᠤ ᠣᠷᠣᠨ 20 ᠬᠤᠰᠢᠭᠤ ᠰᠢᠶᠠᠨ ᠳᠤ ᠲᠤᠷᠰᠢᠯᠲᠠ ᠬᠢᠵᠤ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠳᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠲᠤᠭᠲᠠᠭᠠᠵᠤ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ᠨᠢᠭᠡ ᠪᠦᠯᠦᠭ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠴᠣᠯᠭᠤᠷᠠᠨ ᠭᠠᠷᠤᠭᠰᠠᠨ ᠪᠠᠶᠢᠨ᠎ᠠ᠃ ᠮᠠᠨ ᠤ ᠣᠷᠣᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠲᠤᠷᠰᠢᠯᠲᠠ ᠶᠢᠨ ᠠᠵᠢᠯ 2013 ᠣᠨ ᠠᠴᠠ ᠡᠬᠢᠯᠡᠵᠤ᠂ ᠤᠷᠢᠳ ᠬᠤᠵᠢᠳ 20 ᠭᠠᠷᠤᠶ ᠬᠤᠰᠢᠭᠤ ᠰᠢᠶᠠᠨ ᠳᠤ ᠦᠷᠨᠢᠪᠡ᠃ 2015 ᠣᠨ ᠪᠣᠯᠲᠠᠯ᠎ᠠ᠂ ᠪᠦᠬᠦ ᠣᠷᠣᠨ ᠳᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠨᠡᠶᠢᠳᠡ 1.2 ᠲᠦᠮᠡ ᠬᠦᠮᠦᠵᠢᠬᠦᠯᠪᠡ᠃ 3 ᠵᠢᠯ ᠰᠢᠬᠠᠮ ᠤᠨ ᠬᠠᠶᠢᠨ ᠰᠦᠪᠡᠭᠴᠢᠯᠡᠯᠲᠡ ᠪᠤᠯᠤᠨ ᠦᠢᠯᠡᠳᠦᠯᠭᠡ ᠪᠠᠷ ᠳᠠᠮᠵᠢᠨ᠂ ᠮᠠᠨ ᠤ ᠣᠷᠣᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ᠂ ᠵᠢᠷᠤᠮᠵᠢᠭᠤᠯᠤᠭᠰᠠᠨ ᠬᠠᠮᠢᠶᠠᠷᠤᠯᠲᠠ᠂ ᠲᠥᠷᠥ ᠶᠢᠨ ᠪᠤᠳᠤᠯᠭ᠎ᠠ ᠶᠢᠨ ᠳᠡᠮᠵᠢᠯᠭᠡ ᠶᠢᠨ ︽ᠭᠤᠷᠪᠠ ᠶᠢ ᠨᠢᠭᠡ ᠴᠤᠭᠴᠠᠵᠢᠭᠤᠯᠤᠭᠰᠠᠨ︾᠂ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠬᠡᠯᠪᠡᠷᠢ᠂ ᠲᠤᠰᠬᠠᠶ ᠮᠡᠷᠭᠡᠵᠢᠯ ᠤᠨ ᠦᠢᠯᠡᠴᠢᠯᠡᠬᠦ ᠬᠡᠯᠪᠡᠷᠢ ᠶᠢᠨ ︽ᠭᠤᠷᠪᠠᠨ ᠲᠥᠷᠥᠯ ᠢ ᠬᠠᠮᠵᠢᠯᠴᠠᠭᠤᠯᠤᠭᠰᠠᠨ︾᠂ ᠠᠩᠬ᠎ᠠ ᠵᠡᠷᠭᠡ᠂ ᠳᠤᠮᠳᠠ ᠵᠡᠷᠭᠡ᠂ ᠳᠡᠭᠡᠳᠦ ᠵᠡᠷᠭᠡ ᠶᠢᠨ ︽ᠭᠤᠷᠪᠠᠨ ᠵᠡᠷᠭᠡ ᠶᠢ ᠨᠡᠪᠲᠡᠷᠡᠭᠦᠯᠦᠭᠰᠡᠨ︾ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠳᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠲᠣᠭᠲᠠᠭᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号