︽2016 ᠣᠨ ᠤ ᠳᠤᠮᠳᠠᠳᠤ ᠤᠯᠤᠰ ᠤᠨ ᠡᠷᠢᠶᠡᠨ ᠬᠤᠲᠠ ᠳᠠᠬᠢ ᠵᠦᠪᠳᠡᠯᠴᠡᠭᠡᠷ ᠤᠨ ᠬᠤᠷᠠᠯ︾᠎ ᠤᠨ ᠪᠡᠯᠡ ᠤᠷᠤᠭᠤᠯᠬᠤ ᠣᠷᠴᠢᠨ ᠲᠣᠭᠤᠷᠢᠨ ᠤ ᠲᠣᠳᠤᠷᠬᠠᠶᠢᠯᠠᠯᠲᠠ ᠶᠢᠨ ᠬᠤᠷᠠᠯ ᠤᠨ ᠠᠬᠤᠢ ᠲᠠᠯᠠᠪᠠᠢ ᠳᠤ 65.35 ᠳ᠋ᠦᠩᠰᠢᠭᠤᠷ ᠳᠦᠭᠦᠷᠢᠭ ᠤᠨ ᠵᠦᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2016/9/5
     9 ᠳ᠋ᠦ᠋ᠭᠡᠷ ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨ᠎ᠡ᠂ ︽2016 ᠣᠨ ᠤ ᠳᠤᠮᠳᠠᠳᠤ ᠤᠯᠤᠰ ᠤᠨ ᠡᠷᠢᠶᠡᠨ ᠬᠤᠲᠠ ᠳᠠᠬᠢ ᠵᠦᠪᠳᠡᠯᠴᠡᠭᠡᠷ ᠤᠨ ᠬᠤᠷᠠᠯ︾᠎ ᠤᠨ ᠪᠡᠯᠡ ᠤᠷᠤᠭᠤᠯᠬᠤ ᠣᠷᠴᠢᠨ ᠲᠣᠭᠤᠷᠢᠨ ᠤ ᠲᠣᠳᠤᠷᠬᠠᠶᠢᠯᠠᠯᠲᠠ ᠶᠢᠨ ᠬᠤᠷᠠᠯ ᠤᠨ ᠠᠬᠤᠢ ᠲᠠᠯᠠᠪᠠᠢ ᠳᠤ ᠲᠦᠷᠦᠯ ᠵᠦᠢᠯ ᠤᠨ ᠭᠡᠷ᠎ᠡ ᠲᠣᠭᠲᠠᠬᠤ ᠶᠣᠰᠤᠯᠠᠯ ᠬᠢᠵᠦ᠂ ᠰᠢᠯᠢ ᠶᠢᠨ ᠭᠤᠣᠯ ᠠᠶᠢᠮᠠᠭ ᠤᠨ ᠭᠤᠣᠯᠳᠠᠯᠭ᠎ᠠ ᠲᠠᠢ ᠭᠠᠳᠠᠭᠠᠳᠤ ᠠᠷᠠᠯᠵᠢᠶ᠎ᠠ᠂ ᠡᠨᠧᠷᠬᠢ ᠪᠣᠯᠪᠠᠰᠤᠷᠠᠭᠤᠯᠬᠤ ᠠᠵᠤ ᠠᠬᠤᠶᠢᠯᠠᠯ ᠬᠢᠭᠡᠳ ᠳᠤᠮᠳᠠᠳᠤ ᠮᠣᠩᠭᠤᠯ ᠬᠤᠶᠠᠷ ᠤᠯᠤᠰ ᠤᠨ ᠠᠵᠤ ᠠᠬᠤᠶᠢᠯᠠᠯ ᠬᠠᠮᠲᠤᠷᠠᠯᠴᠠᠭᠠᠨ ᠤ ᠵᠦᠪᠯᠡᠯᠴᠡᠭᠡᠷ ᠲᠣᠭᠲᠠᠨ᠂ ᠨᠡᠶᠢᠲᠡ 16 ᠲᠦᠷᠦᠯ ᠵᠦᠢᠯ ᠪᠠᠶᠢᠵᠤ᠂ ᠬᠡᠯᠡᠯᠴᠡᠭᠡᠷ ᠤᠨ ᠪᠡᠯᠡ ᠮᠦᠩᠭᠦ ᠨᠢ 65.35 ᠳ᠋ᠦᠩᠰᠢᠭᠤᠷ ᠳᠦᠭᠦᠷᠢᠭ ᠲᠤ ᠬᠦᠷᠪᠡ᠃ ᠪᠡᠯᠡ ᠤᠷᠤᠭᠤᠯᠬᠤ ᠣᠷᠴᠢᠨ ᠲᠣᠭᠤᠷᠢᠨ ᠤ ᠲᠣᠳᠤᠷᠬᠠᠶᠢᠯᠠᠯᠲᠠ ᠶᠢᠨ ᠬᠤᠷᠠᠯ ᠪᠣᠯ ᠲᠤᠰ ᠬᠤᠭᠤᠴᠠᠭᠠᠨ ᠤ ︽2016 ᠣᠨ ᠤ ᠳᠤᠮᠳᠠᠳᠤ ᠤᠯᠤᠰ ᠤᠨ ᠡᠷᠢᠶᠡᠨ ᠬᠤᠲᠠ ᠳᠠᠬᠢ ᠵᠦᠪᠳᠡᠯᠴᠡᠭᠡᠷ ᠤᠨ ᠬᠤᠷᠠᠯ︾᠎ ᠤᠨ ᠨᠢᠭᠡᠨ ᠴᠢᠬᠤᠯᠠ ᠠᠭᠤᠯᠭ᠎ᠠ ᠪᠠᠶᠢᠵᠤ᠂ ᠮᠣᠩᠭᠤᠯ ᠤᠷᠤᠰ ᠬᠤᠶᠠᠷ ᠤᠯᠤᠰ ᠠᠴᠠ ᠢᠷᠡᠭᠰᠡᠨ ᠨᠡᠷᠡᠲᠦ ᠠᠵᠤ ᠠᠬᠤᠶᠢᠯᠠᠯ ᠪᠣᠯᠤᠨ ᠲᠢᠶᠠᠨᠵᠢᠨ᠂ ᠱᠠᠨᠰᠢ᠂ ᠾᠧᠪᠸᠢ ᠶᠢᠨ ᠨᠡᠶᠢᠲᠡ 150 ᠰᠢᠬᠠᠮ ᠠᠵᠤ ᠠᠬᠤᠶᠢᠯᠠᠯ᠂ ᠬᠤᠳᠠᠯᠳᠤᠭᠠᠨ ᠤ ᠬᠤᠯᠪᠤᠭ᠎ᠠ ᠶᠢᠨ ᠬᠢᠨ 230 ᠭᠠᠷᠤᠢ ᠬᠦᠮᠦᠨ ᠬᠤᠷᠠᠯ ᠳᠤ ᠣᠷᠤᠯᠴᠠᠪᠠ᠃ ᠰᠢᠯᠢ ᠶᠢᠨ ᠭᠤᠣᠯ ᠠᠶᠢᠮᠠᠭ ᠪᠣᠯᠤᠨ ᠮᠣᠩᠭᠤᠯ ᠤᠷᠤᠰ ᠬᠤᠶᠠᠷ ᠤᠯᠤᠰ ᠤᠨ ᠬᠤᠭᠤᠷᠤᠨᠳᠤᠬᠢ ᠬᠥᠭᠵᠢᠯᠲᠡ ᠶᠢᠨ ᠳᠠᠯᠳᠠ ᠬᠦᠴᠦᠨ ᠪᠠ ᠬᠠᠮᠲᠤᠷᠠᠯᠴᠠᠭᠠᠨ ᠤ ᠤᠷᠤᠨ ᠵᠠᠢ ᠪᠠᠶᠢᠬᠤ ᠰᠣᠶᠣᠯ ᠵᠢᠭᠤᠯᠴᠢᠯᠠᠯ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠴᠡᠪᠡᠷ ᠡᠨᠧᠷᠬᠢ ᠵᠡᠷᠭᠡ 3 ᠵᠦᠢᠯ ᠤᠨ ᠭᠤᠣᠯᠳᠠᠯᠭ᠎ᠠ ᠲᠠᠢ ᠪᠡᠯᠡ ᠤᠷᠤᠭᠤᠯᠤᠯᠲᠠ ᠶᠢᠨ ᠬᠦᠷᠢᠶᠠᠨ ᠤ ᠲᠣᠭᠤᠷᠢᠨ ᠳᠤ᠂ ᠰᠢᠯᠢ ᠶᠢᠨ ᠭᠤᠣᠯ ᠠᠶᠢᠮᠠᠭ ᠤᠨ ᠤᠳᠤᠷᠢᠳᠤᠯᠭ᠎ᠠ ᠠᠴᠠ ᠬᠤᠷᠠᠯ ᠳᠤ ᠤᠷᠤᠯᠴᠠᠭᠰᠠᠨ ᠲᠦᠯᠦᠭᠡᠯᠡᠭᠴᠢᠳ ᠲᠤ ᠲᠠᠨᠢᠯᠴᠠᠭᠤᠯᠭ᠎ᠠ ᠬᠢᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号