ᠳᠤᠮᠳᠠᠳᠤ ᠤᠯᠤᠰ · ᠦᠬᠠᠢ ᠶᠢᠨ 2016 ︽ᠲᠤᠷᠭᠠᠨ ᠵᠠᠮ︾᠎ ᠤᠨ ᠲᠡᠯᠡᠬᠡᠢ ᠶᠢᠨ ᠡᠯᠡᠰᠤᠨ ᠴᠦᠯ ᠎ ᠤᠨ ᠦᠵᠤᠮ ᠤᠨ ᠠᠷᠢᠬᠢᠨ ᠤ ᠰᠤᠶᠤᠯ ᠤᠨ ᠨᠠᠶᠢᠷ ᠡᠬᠢᠯᠡᠪᠡ          ᠸᠠᠩ ᠢᠤᠢ ᠮᠢᠩ ᠤᠷᠤᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2016/9/5
     9 ᠳ᠋ᠦ᠋ᠭᠡᠷ ᠰᠠᠷ᠎ᠠ ᠶᠢᠨ 3᠎ ᠤ ᠡᠳᠤᠷ᠂ ᠳᠤᠮᠳᠠᠳᠤ ᠤᠯᠤᠰ · ᠦᠬᠠᠢ ᠶᠢᠨ 2016 ︽ᠲᠤᠷᠭᠠᠨ ᠵᠠᠮ︾᠎ ᠤᠨ ᠲᠡᠯᠡᠬᠡᠢ ᠶᠢᠨ ᠡᠯᠡᠰᠤᠨ ᠴᠦᠯ ᠤᠨ ᠦᠵᠤᠮ ᠤᠨ ᠠᠷᠢᠬᠢᠨ ᠤ ᠰᠤᠶᠤᠯ ᠤᠨ ᠨᠠᠶᠢᠷ ᠵᠢᠴᠢ 22 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠦᠵᠤᠮ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠦᠬᠠᠢ ᠳᠤ ᠡᠬᠢᠯᠠᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠢᠤᠢ ᠮᠢᠩ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃      ᠸᠠᠩ ᠢᠤᠢ ᠮᠢᠩ ᠶᠠᠷᠢᠶᠠᠨ ᠳᠠᠭᠠᠨ᠂ ᠦᠪᠤᠷ ᠮᠤᠩᠭᠤᠯ ᠤᠨ ᠬᠢᠯᠢ ᠳᠤᠳᠤᠷᠡᠬᠢ ᠬᠡᠰᠡᠭ ᠭᠠᠵᠠᠷ ᠤᠷᠤᠨ ᠤᠮᠠᠷᠠᠳᠤ ᠤᠷᠳᠤᠷᠢᠬ ᠤᠨ 30 ᠭᠷᠡᠳᠦ᠋ᠰ ᠠᠴᠠ 40 ᠭᠷᠡᠳᠦ᠋ᠰ ᠤᠨ ᠬᠤᠭᠤᠷᠤᠨᠳᠤ ᠪᠠᠶᠢᠵᠤ᠂ ᠠᠭᠤᠷ ᠠᠮᠢᠰᠬᠤᠯ᠂ ᠬᠦᠷᠤᠰᠤ ᠰᠢᠷᠤᠢ ᠶᠢᠨ ᠨᠦᠬᠦᠴᠠᠯ ᠦᠵᠤᠮ ᠲᠠᠷᠢᠬᠤ ᠳᠤ ᠲᠤᠬᠢᠷᠠᠮᠵᠢᠳᠠᠢ᠂ ᠡᠶᠢᠮᠤᠷᠬᠦ ᠠᠭᠤᠷ ᠠᠮᠢᠰᠬᠤᠯ ᠤᠨ ᠨᠦᠬᠦᠴᠠᠯ ᠳᠤ ᠵᠤᠬᠢᠴᠠᠭᠤᠯᠵᠤ᠂ ᠡᠳᠡᠬᠡᠷ ᠵᠢᠯ ᠤᠳ ᠲᠤ ᠦᠵᠤᠮ ᠤᠨ ᠲᠠᠷᠢᠮᠠᠯ ᠤᠨ ᠲᠠᠯᠠᠪᠠᠢ ᠲᠠᠰᠤᠷᠠᠯᠳᠠ ᠦᠬᠡᠢ ᠦᠷᠬᠡᠵᠢᠨ᠂ ᠦᠵᠤᠮ ᠤᠨ ᠠᠷᠢᠬᠢᠨ ᠤ ᠤᠢᠢᠯᠡᠰ ᠴᠤ ᠲᠠᠭᠠᠯᠳᠤᠨ ᠨᠡᠯᠢᠶᠡᠳ ᠲᠦᠷᠬᠡᠨ ᠬᠦᠭᠵᠢᠪᠠ᠃ ᠡᠨᠡ ᠤᠳᠠᠭ᠎ᠠ ᠦᠬᠠᠢ ᠳᠤ ᠦᠪᠡᠳᠡᠭᠰᠢ ᠶᠡᠭᠡ ᠨᠡᠶᠢᠷ ᠬᠢᠵᠤ᠂ ᠲᠡᠯᠡᠬᠡᠢ ᠶᠢᠨ ᠡᠯ᠎ᠠ ᠡᠯᠡᠰᠤᠨ ᠴᠦᠯ ᠤᠨ ᠦᠵᠤᠮ ᠤᠨ ᠠᠷᠢᠬᠢᠨ ᠤ ᠭᠠᠷᠤᠯᠳᠠ ᠶᠢᠨ ᠭᠠᠵᠠᠷ ᠠᠴᠠ ᠢᠷᠡᠭᠰᠡᠨ ᠲᠦᠯᠤᠬᠡᠯᠡᠭᠴᠢᠳ ᠪᠤᠯᠤᠨ ᠪᠦᠬᠦ ᠤᠯᠤᠰ ᠤᠨ ᠦᠵᠤᠮ ᠤᠨ ᠡᠷᠳᠡᠮ ᠰᠢᠨᠵᠢᠯᠡᠬᠡᠨ ᠤ ᠡᠳᠡᠬᠡᠳ ᠤᠨ ᠲᠤᠰᠬᠠᠢ ᠮᠡᠷᠬᠡᠵᠢᠯᠳᠠᠨ ᠠᠳᠡ ᠴᠤᠬᠯᠠᠷᠠᠨ᠂ ᠡᠯᠡᠰᠤᠨ ᠴᠦᠯ ᠤᠨ ᠦᠵᠤᠮ ᠎ ᠤᠨ ᠠᠷᠢᠬᠢᠨ ᠤ ᠰᠤᠶᠤᠯ ᠪᠤᠯᠤᠨ ᠦᠵᠤᠮ ᠤᠨ ᠠᠷᠢᠬᠢᠨ ᠤ ᠤᠢᠢᠯᠡᠰ ᠤᠨ ᠬᠦᠭᠵᠢᠯᠳᠠ ᠶᠢ ᠬᠠᠮᠳᠤᠪᠡᠷ ᠰᠤᠳᠤᠯᠤᠨ ᠶᠠᠷᠢᠯᠴᠠᠵᠤ᠂ ᠦᠪᠡᠷᠳᠡᠬᠡᠨ ᠵᠠᠰᠠᠬᠤ ᠤᠷᠤᠨ ᠤ ᠦᠵᠤᠮ ᠤᠨ ᠲᠠᠷᠢᠮᠠᠯ ᠪᠤᠯᠤᠨ ᠦᠵᠤᠮ ᠤᠨ ᠠᠷᠢᠬᠢᠨ ᠤ ᠤᠢᠢᠯᠡᠰ ᠎ ᠤᠨ ᠬᠦᠭᠵᠢᠯᠳᠠ ᠶᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠵᠤ᠂ ᠪᠦᠬᠦ ᠤᠯᠤᠰ ᠴᠢᠨᠠᠬᠰᠢᠯᠠᠪᠠᠯ ᠲᠡᠯᠡᠬᠡᠢ ᠶᠢᠨ ᠦᠵᠤᠮ ᠤᠨ ᠠᠷᠢᠬᠢᠨ ᠤ ᠤᠢᠢᠯᠡᠰ ᠤᠨ ᠬᠦᠭᠵᠢᠯᠳᠠ ᠳᠤ ᠰᠢᠨ᠎ᠠ ᠬᠤᠪᠢ ᠨᠡᠮᠡᠷᠢ ᠦᠵᠡᠬᠦᠯᠬᠦ ᠶᠢ ᠬᠦᠰᠡᠵᠤ ᠪᠠᠶᠢᠨ᠎ᠠ ᠬᠡᠵᠤ ᠬᠡᠯᠡᠪᠡ᠃      ᠲᠤᠰ ᠤᠳᠠᠭ᠎ᠠ ᠶᠢᠨ ᠰᠤᠶᠤᠯ ᠤᠨ ᠨᠠᠶᠢᠷ ᠨᠢ 9 ᠳ᠋ᠦ᠋ᠭᠡᠷ ᠰᠠᠷ᠎ᠠ ᠶᠢᠨ 5᠎ ᠤ ᠡᠳᠤᠷ ᠲᠡᠬᠦᠰᠤᠨ᠎ᠠ᠂ ᠠᠵᠢᠯᠯᠠᠭ᠎ᠠ ᠶᠢᠨ ᠬᠤᠭᠤᠴᠠᠭᠠᠨ ᠳᠤ᠂ 22 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠦᠵᠤᠮ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠬᠢᠬᠦ ᠠᠴᠠ ᠭᠠᠳᠠᠨ᠎ᠠ᠂ ᠪᠠᠰᠠ ᠲᠡᠯᠡᠬᠡᠢ ᠶᠢᠨ ᠡᠯᠡᠰᠤᠨ ᠴᠦᠯ ᠤᠨ ᠦᠵᠤᠮ ᠤᠨ ᠠᠷᠢᠬᠢᠨ ᠤ ᠶᠠᠷᠢᠶᠠᠨ ᠤ ᠲᠠᠪᠴᠠᠩ᠂ ᠲᠡᠯᠡᠬᠡᠢ ᠶᠢᠨ ᠦᠵᠤᠮ ᠤᠨ ᠠᠷᠢᠬᠢᠨ ᠤ ᠶᠡᠭᠡ ᠤᠷᠤᠯᠳᠤᠭᠠᠨ᠂ ᠲᠡᠯᠡᠬᠡᠢ ᠶᠢᠨ ᠡᠯᠡᠰᠤᠨ ᠴᠦᠯ ᠤᠨ ᠦᠵᠤᠮ ᠤᠨ ᠠᠷᠢᠬᠢᠨ ᠤ ᠬᠤᠯᠪᠤᠭ᠎ᠠ ᠪᠠᠶᠢᠭᠤᠯᠬᠤ ᠭᠠᠷ ᠤᠨ ᠦᠰᠦᠭ ᠵᠢᠷᠤᠬᠤ ᠶᠤᠰᠤᠯᠠᠯ ᠵᠢᠴᠢ ᠲᠤᠩᠬᠠᠬ ᠤᠨ ᠭᠡᠷᠡᠮ ᠤᠨ ᠬᠦᠰᠢᠬᠡ ᠶᠢ ᠢᠷᠡᠬᠤ ᠶᠤᠰᠤᠯᠠᠯ ᠵᠡᠷᠬᠡ ᠭᠤᠤᠯ ᠰᠡᠳᠤᠪᠳᠤ ᠠᠵᠢᠯᠯᠠᠭ᠎ᠠ ᠦᠷᠨᠢᠬᠦᠯᠵᠦ᠂ ᠤᠯᠤᠰ ᠤᠨ ᠳᠤᠳᠤᠭᠠᠳᠤ ᠭᠠᠳᠠᠭᠠᠳᠤ ᠠᠴᠠ ᠢᠷᠡᠭᠰᠡᠨ ᠬᠦᠨᠳᠤᠳᠤ ᠵᠤᠴᠢᠳ ᠪᠠᠰᠠ ᠦᠬᠠᠢ ᠬᠤᠳᠠ ᠎ ᠶᠢᠨ ᠡᠯᠡᠰᠤᠨ ᠴᠦᠯ ᠤᠨ ᠦᠵᠤᠮ ᠤᠨ ᠡᠳᠡᠯᠠᠩ ᠢᠶᠠᠷ ᠲᠣᠭᠤᠷᠢᠨ ᠦᠵᠡᠬᠦ ᠪᠤᠯᠤᠨ᠎ᠠ᠃      ᠦᠬᠠᠢ ᠬᠤᠳᠠ ᠤᠳᠤᠬᠠᠨ ᠳᠤ 3.3 ᠲᠦᠮᠡᠨ ᠮᠤ᠋ ᠦᠵᠤᠮ ᠤᠨ ᠰᠠᠭᠤᠷᠢᠨ ᠲᠠᠢ ᠪᠠᠶᠢᠵᠤ᠂ ᠵᠢᠯ ᠤᠨ ᠭᠠᠷᠤᠯᠳᠠ ᠨᠢ 1 ᠲᠦᠮᠨ ᠭᠠᠷᠤᠢ ᠲᠤᠨ ᠳᠤ ᠬᠦᠷᠴᠤ᠂ ᠮᠠᠨ ᠤ ᠤᠷᠤᠨ ᠤ ᠬᠡᠪᠴᠢᠶ᠎ᠠ ᠪᠠᠷ ᠬᠠᠮᠤᠬ ᠤᠨ ᠶᠡᠭᠡ ᠦᠵᠤᠮ ᠤᠨ ᠲᠠᠸᠠᠷ ᠤᠨ ᠤᠢᠢᠯᠡᠳᠪᠤᠷᠢᠯᠠᠯ ᠤᠨ ᠰᠠᠭᠤᠷᠢᠨ ᠪᠤᠯᠤᠨ᠎ᠠ᠃ ᠡᠬᠦᠨ ᠤ ᠬᠠᠮᠳᠤ᠂ ᠲᠤᠰ ᠬᠤᠳᠠ ᠳᠤ ᠨᠡᠶᠢᠳᠠ 4 ᠦᠵᠤᠮ ᠤᠨ ᠠᠷᠢᠬᠢ ᠨᠡᠷᠡᠬᠦ ᠠᠵᠤ ᠠᠬᠤᠢᠢᠯᠠᠯ ᠲᠠᠢ᠂ ᠵᠢᠯ ᠳᠤ 1.1 ᠲᠦᠮᠡᠨ ᠲᠤᠨ ᠦᠵᠤᠮ ᠤᠢᠢᠯᠡᠳᠪᠤᠷᠢᠯᠠᠵᠤ᠂ ᠵᠢᠯ ᠤᠨ ᠪᠤᠷᠤᠯᠠᠭᠤᠯᠭ᠎ᠠ ᠶᠢᠨ ᠤᠷᠤᠯᠭ᠎ᠠ ᠨᠢ 2 ᠳ᠋ᠦᠩᠰᠢᠭᠤᠷ ᠲᠦᠬᠦᠷᠢᠭ ᠲᠤ ᠬᠦᠷᠴᠤ᠂ ᠨᠡᠷᠡᠭᠰᠡᠨ ᠦᠵᠤᠮ ᠤᠨ ᠠᠷᠢᠬᠢ ᠪᠠᠨ ᠪᠦᠬᠦ ᠤᠯᠤᠰ ᠵᠢᠴᠢ ᠡᠸᠦ᠋ᠷᠤᠫᠠ ᠠᠮᠧᠷᠢᠺᠠ ᠲᠢᠪ ᠢᠶᠠᠷ ᠪᠤᠷᠤᠯᠠᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号