ᠠᠩᠬᠠᠳᠤᠭᠠᠷ ᠬᠤᠭᠤᠴᠠᠭᠠᠨ ᠤ ᠲᠤᠮᠳᠠᠳᠤ ᠤᠯᠤᠰ · ᠪᠤᠭᠤᠲᠤ ᠶᠢᠨ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠡᠷᠡᠭᠦᠯ ᠡᠩᠬᠡ ᠶᠢᠨ ᠠᠵᠤ ᠦᠢᠯᠡᠰ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/9/5
      9 ᠳ᠋ᠤᠭᠡᠷ ᠰᠠᠷ᠎ᠠ ᠶᠢᠨ 3᠎ ᠤ ᠡᠳᠦᠷ᠂ ᠠᠩᠬᠠᠳᠤᠭᠠᠷ ᠬᠤᠭᠤᠴᠠᠭᠠᠨ ᠤ ᠲᠤᠮᠳᠠᠳᠤ ᠤᠯᠤᠰ · ᠪᠤᠭᠤᠲᠤ ᠶᠢᠨ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠡᠷᠡᠭᠦᠯ ᠡᠩᠬᠡ ᠶᠢᠨ ᠠᠵᠤ ᠦᠢᠯᠡᠰ ᠤᠨ ᠶᠡᠭᠡ ᠬᠤᠷᠠᠯ ᠪᠤᠭᠤᠲᠤ ᠬᠤᠳᠠ ᠳᠤ ᠡᠬᠢᠯᠡᠵᠦ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠦᠩ ᠡᠾᠧ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠴᠠᠩ ᠵᠢᠶᠦ᠋ᠨ ᠵᠧᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠶᠠᠩ ᠴᠧᠩ ᠸᠠᠩ ᠬᠤᠷᠠᠯ ᠳᠤ ᠤᠷᠤᠯᠴᠠᠵᠠᠢ᠃ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ ᠤ ᠤᠤᠯ ᠤᠨ ᠲᠡᠳ᠋ ᠰᠠᠶᠢᠳ᠂ ᠲᠤᠮᠳᠠᠳᠤ ᠤᠯᠤᠰ ᠤᠨ ᠡᠮᠨᠡᠯᠭᠡ ᠶᠢᠨ ᠬᠤᠷᠢᠶ᠎ᠠ ᠶᠢᠨ ᠨᠡᠶᠢᠭᠡᠮᠯᠢᠭ ᠤᠨ ᠨᠠᠰᠤᠨ ᠲᠤᠷᠰᠢᠳᠠ ᠶᠢᠨ ᠨᠡᠷ᠎ᠠ ᠬᠦᠨᠳᠦᠳᠦ ᠲᠠᠷᠤᠭ᠎ᠠ ᠼᠤᠤ ᠭᠦᠢ ᠷᠦᠩ ᠬᠤᠷᠠᠯ ᠲᠡᠭᠡᠷ᠎ᠠ ᠶᠠᠷᠢᠶ᠎ᠠ ᠲᠠᠯᠪᠢᠪᠠ᠃      ᠬᠤᠷᠠᠯ ᠲᠡᠭᠡᠷ᠎ᠠ᠂ ᠤᠯᠠᠨ ᠤᠯᠤᠰ ᠤᠨ ᠡᠷᠡᠭᠦᠯ ᠡᠩᠬᠡ ᠶᠢᠨ ᠠᠵᠤ ᠦᠢᠯᠡᠰ ᠤᠨ ᠲᠤᠮᠳᠠᠳᠤ ᠤᠯᠤᠰ ᠤᠨ ᠪᠤᠭᠤᠲᠤ ᠶᠢᠨ ᠲᠤᠩᠬᠠᠭ ᠢ ᠨᠡᠶᠢᠳᠡᠯᠡᠵᠦ᠂ ᠲᠡᠯᠡᠭᠡᠢ ᠶᠢᠨ ᠡᠯ᠎ᠠ ᠤᠯᠤᠰ ᠢ ᠢᠷᠭᠡᠳ ᠤᠨ ᠡᠷᠡᠭᠦᠯ ᠡᠩᠬᠡ ᠶᠢᠨ ᠡᠷᠭᠡ ᠶᠢ ᠪᠠᠳᠤᠯᠠᠨ᠂ ᠠᠮᠢ ᠠᠬᠤᠢ ᠶᠢᠨ ᠲᠡᠩᠴᠡᠭᠦᠷᠢ ᠪᠤᠯᠤᠨ ᠲᠠᠭᠠᠭᠠᠮᠠᠭᠠᠢ ᠬᠦᠭᠵᠢᠯᠳᠡ ᠶᠢ ᠬᠠᠮᠠᠭᠠᠯᠠᠬᠤ ᠶᠢ ᠤᠷᠢᠶᠠᠯᠠᠭᠰᠠᠨ ᠪᠠᠶᠢᠨ᠎ᠠ᠃ ︽ᠨᠢᠭᠡ ᠪᠦᠰᠡ ᠨᠢᠭᠡ ᠵᠠᠮ︾᠎ ᠤᠨ ᠵᠠᠮ ᠲᠠᠭᠠᠤ ᠤᠯᠤᠰ ᠤᠨ ᠵᠠᠰᠠᠭ ᠤᠨ ᠤᠷᠳᠤᠨ᠂ ᠤᠯᠠᠨ ᠤᠯᠤᠰ ᠤᠨ ᠵᠤᠬᠢᠶᠠᠨ ᠪᠠᠶᠢᠭᠤᠯᠤᠯᠳᠠ᠂ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ ᠤᠳᠤᠷᠢᠳᠤᠯᠭ᠎ᠠ᠂ ᠲᠤᠰᠬᠠᠢ ᠮᠡᠷᠭᠡᠵᠢᠯᠳᠡᠨ᠂ ᠠᠵᠤ ᠠᠬᠤᠢᠢᠯᠠᠯᠳᠠᠠ ᠨᠡᠶᠢᠲᠡ 1000 ᠭᠠᠷᠤᠢ ᠬᠦᠮᠦᠨ ᠬᠤᠷᠠᠯ ᠳᠤ ᠤᠷᠤᠯᠴᠠᠵᠠᠢ᠃      ᠬᠤᠷᠠᠯ ᠲᠡᠭᠡᠷ᠎ᠠ᠂ ᠪᠤᠭᠤᠲᠤ ᠬᠤᠳᠠ ᠶᠢᠨ ᠡᠷᠡᠭᠦᠯ ᠡᠩᠬᠡ ᠶᠢᠨ ᠬᠤᠳᠠ ᠶᠢᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠵᠦ᠂ ᠲᠤᠰ ᠬᠤᠳᠠ ᠶᠢᠨ ᠵᠠᠰᠠᠭ ᠤᠨ ᠤᠷᠳᠤᠨ ᠴᠢᠩᠬᠤᠸᠠ ᠴᠢ ᠳ᠋ᠢ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠦᠯᠦᠭᠯᠡᠯ᠂ ᠲᠤᠮᠳᠠᠳᠤ ᠤᠯᠤᠰ ᠤᠨ ᠵᠢᠷᠦᠭᠡ ᠴᠡᠭᠡᠵᠢᠨ ᠤ ᠴᠢᠰᠤᠨ ᠰᠤᠳᠠᠯ ᠤᠨ ᠮᠢᠨᠴᠤᠬᠦᠷᠡᠭᠦᠯᠦᠯᠳᠡ ᠶᠢᠨ ᠰᠤᠳᠤᠯᠭᠠᠨ ᠤ ᠬᠤᠷᠠᠯ ᠤᠨ ᠡᠷᠡᠭᠦᠯ ᠡᠩᠬᠡ ᠶᠢᠨ ᠠᠵᠤ ᠦᠢᠯᠡᠰ ᠤᠨ ᠬᠤᠪᠢᠶᠠᠷᠢ ᠬᠤᠷᠠᠯ ᠲᠠᠢ ︽ᠪᠤᠭᠤᠲᠤ ᠶᠢᠨ ᠲᠤᠮᠤ ᠡᠷᠡᠭᠦᠯ ᠡᠩᠬᠡ ᠶᠢᠨ ᠠᠵᠤ ᠦᠢᠯᠡᠰ ᠤᠨ ᠰᠠᠭᠤᠷᠢ ᠮᠦᠩᠬᠦ ᠶᠢᠨ ᠪᠦᠳᠦᠭᠦᠪᠴᠢ ᠵᠦᠪᠳᠡᠯᠴᠡᠭᠡᠷ︾᠎ ᠲᠤ ᠭᠠᠷ ᠤᠨ ᠦᠰᠦᠭ ᠵᠢᠷᠦᠵᠦ᠂ ᠪᠤᠭᠤᠲᠤ ᠶᠢᠨ ᠬᠤᠪᠤᠷ ᠰᠢᠷᠤᠢ ᠶᠢᠨ ᠲᠡᠭᠡᠳᠦ ᠰᠢᠨ᠎ᠠ ᠮᠡᠷᠭᠡᠵᠢᠯ ᠤᠨ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠲᠤᠮᠳᠠᠳᠤ ᠤᠯᠤᠰ ᠤᠨ ᠵᠢᠷᠦᠭᠡ ᠴᠡᠭᠡᠵᠢᠨ ᠤ ᠴᠢᠰᠤᠨ ᠰᠤᠳᠠᠯ ᠤᠨ ᠮᠢᠨᠴᠤᠬᠦᠷᠡᠭᠦᠯᠦᠯᠳᠡ ᠶᠢᠨ ᠰᠤᠳᠤᠯᠭᠠᠨ ᠤ ᠬᠤᠷᠠᠯ ᠤᠨ ᠡᠷᠡᠭᠦᠯ ᠡᠩᠬᠡ ᠶᠢᠨ ᠠᠵᠤ ᠦᠢᠯᠡᠰ ᠤᠨ ᠬᠤᠪᠢᠶᠠᠷᠢ ᠬᠤᠷᠠᠯ ᠲᠠᠢ ︽ᠪᠤᠭᠤᠲᠤ ᠶᠢᠨ ᠲᠤᠮᠤ ᠡᠷᠡᠭᠦᠯ ᠡᠩᠬᠡ ᠶᠢᠨ ᠠᠵᠤ ᠦᠢᠯᠡᠰ ᠤᠨ ᠬᠦᠷᠢᠶᠡᠯᠡᠩ ᠤᠨ ᠬᠦᠭᠵᠢᠯᠳᠡ ᠶᠢᠨ ᠪᠦᠳᠦᠭᠦᠪᠴᠢ ᠬᠠᠮᠵᠢᠯᠴᠠᠭᠠᠨ ᠤ ᠰᠠᠨᠠᠮᠵᠢ︾᠎ ᠳᠤ ᠭᠠᠷ ᠤᠨ ᠦᠰᠦᠭ ᠵᠢᠷᠤᠪᠠ᠃      ᠬᠤᠷᠠᠯ ᠤᠨ ᠬᠤᠭᠤᠴᠠᠭᠠᠨ ᠳᠤ᠂ ᠡᠷᠡᠭᠦᠯ ᠡᠩᠬᠡ ᠶᠢᠨ ᠠᠵᠤ ᠦᠢᠯᠡᠰ ᠤᠨ ᠦᠵᠡᠰᠭᠦᠯᠡᠩ ᠶᠠᠪᠤᠭᠳᠠᠵᠦ᠂ ᠪᠠᠰᠠ 10 ᠲᠠᠯᠠᠪᠤᠷ ᠡᠷᠡᠭᠦᠯ ᠡᠩᠬᠡ ᠶᠢᠨ ᠬᠠᠮᠢᠶᠠᠳᠠᠢ ᠬᠢᠴᠢᠶᠡᠯᠯᠡᠭᠡ ᠪᠤᠯᠤᠨ ᠶᠠᠷᠢᠶᠠᠨ ᠤ ᠲᠠᠪᠴᠠᠩ ᠶᠠᠪᠤᠭᠳᠠᠨ᠂ ᠠᠷᠠᠳ ᠤᠯᠠᠨ ᠳᠤ ᠡᠷᠡᠭᠦᠯ ᠡᠩᠬᠡ ᠶᠢᠨ ᠰᠢᠨ᠎ᠠ ᠤᠨᠤᠯᠵᠢᠬᠤᠨ᠂ ᠪᠠᠴᠢᠮ ᠠᠪᠤᠷᠠᠯᠳᠠ ᠶᠢᠨ ᠮᠡᠳᠡᠯᠭᠡ ᠮᠡᠷᠭᠡᠵᠢᠯ᠂ ᠪᠡᠶ᠎ᠠ ᠰᠤᠪᠢᠯᠠᠯᠳᠠ ᠶᠢᠨ ᠠᠷᠭ᠎ᠠ ᠵᠡᠷᠭᠡ ᠶᠢ ᠰᠤᠷᠳᠠᠯᠴᠢᠯᠠᠨ᠂ ᠠᠯᠢ ᠤᠯᠠᠨ ᠡᠩᠬᠡ ᠵᠢᠷᠭᠠᠯ ᠢ ᠡᠷᠬᠢᠮᠯᠡᠨ ᠰᠤᠷᠳᠠᠯᠴᠢᠯᠠᠬᠰᠠᠨ ᠠᠵᠢᠯᠯᠠᠭ᠎ᠠ ᠡᠷᠴᠢᠮᠳᠠᠢ ᠶᠠᠪᠤᠭᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号