ᠴᠠᠩ ᠵᠢᠶᠦ᠋ᠨ ᠵᠧᠩ ᠪᠤᠭᠤᠲᠤ ᠬᠤᠲᠠ ᠳᠤ ᠬᠦᠷᠴᠦ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2016/9/5
      9 ᠳ᠋ᠦ᠋ᠭᠡᠷ ᠰᠠᠷ᠎ᠠ ᠶᠢᠨ 2᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠲᠤᠪᠴᠢᠶ᠎ᠠ ᠶᠢᠨ ᠳᠠᠷᠤᠭ᠎ᠠ ᠴᠸᠡᠨ ᠵᠢᠶᠧ ᠲᠠᠢ ᠬᠠᠮᠲᠤ ᠪᠤᠭᠤᠲᠤ ᠬᠤᠲᠠ ᠳᠤ ᠬᠦᠷᠴᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠵᠢᠴᠢ ᠬᠤᠳᠠᠯᠳᠤᠭᠠᠨ ᠤ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠪᠠ᠃ ᠴᠠᠩ ᠵᠢᠶᠦ᠋ᠨ ᠵᠧᠩ ᠨᠠᠷ ᠲᠦᠮᠡᠳ ᠪᠠᠷᠠᠭᠤᠨ ᠬᠤᠰᠢᠭᠤ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠦᠮᠡᠳ ᠪᠠᠷᠠᠭᠤᠨ ᠬᠤᠰᠢᠭᠤ ᠶᠢᠨ ᠭᠧᠦ ᠮᠧᠨ ᠵᠸᠡᠨ ᠪᠠᠯᠭᠠᠰᠤ᠂ ᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠤᠪᠴᠢᠶ᠎ᠠ ᠵᠡᠷᠭᠡ ᠭᠠᠵᠠᠷ ᠢᠶᠠᠷ ᠪᠤᠳᠠᠲᠠᠢ ᠪᠠᠶᠢᠴᠠᠭᠠᠯᠲᠠ ᠬᠢᠭᠰᠡᠨ ᠪᠦᠭᠡᠳ ᠪᠤᠭᠤᠲᠤ ᠬᠤᠲᠠ ᠶᠢᠨ ᠬᠠᠮᠢᠶ᠎ᠠ ᠪᠦᠬᠦᠢ ᠠᠵᠢᠯ ᠤᠨ ᠮᠡᠳᠡᠭᠦᠯᠦᠯᠲᠡ ᠶᠢ ᠰᠣᠨᠣᠰᠪᠠ᠃ ᠴᠠᠩ ᠵᠢᠶᠦ᠋ᠨ ᠵᠧᠩ ᠪᠤᠭᠤᠲᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠦᠨᠡᠯᠡᠵᠦ᠂ ᠪᠤᠭᠤᠲᠤ ᠬᠤᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠳᠤ ᠭᠦᠢᠴᠡᠳ ᠨᠤᠲᠠᠯᠠᠯᠲᠠ ᠥᠭᠴᠦ᠂ ᠪᠤᠭᠤᠲᠤ ᠬᠤᠲᠠ ᠶᠢᠨ ᠥᠭᠡᠷᠡᠴᠢᠯᠡᠯᠲᠡ ᠶᠢᠨ ᠠᠵᠢᠯ ᠤᠨ ᠦᠵᠡᠯᠲᠡ ᠲᠠᠨᠢᠯᠲᠠ ᠪᠦᠷᠢᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠦᠷᠢᠨ᠂ ᠵᠢᠯᠤᠭᠤᠳᠤᠯᠭ᠎ᠠ ᠶᠢᠨ ᠦᠢᠯᠡᠴᠢᠯᠡᠭᠡ ᠪᠦᠷᠢᠨ᠂ ᠨᠠᠶᠢᠳᠠᠪᠤᠷᠢᠵᠢᠭᠤᠯᠤᠯᠲᠠ ᠶᠢᠨ ᠠᠬᠢᠯᠲᠠ ᠪᠦᠷᠢᠨ᠂ ᠦᠷ᠎ᠡ ᠪᠦᠲᠦᠮᠵᠢ ᠢᠯᠡᠷᠬᠡᠢ ᠭᠡᠵᠦ ᠦᠵᠡᠪᠡ᠃ ᠪᠤᠭᠤᠲᠤ ᠬᠤᠲᠠ ᠶᠢ ᠬᠦᠰᠡᠬᠦ ᠨᠢ ᠳᠠᠷᠠᠭᠠᠴᠢ ᠶᠢᠨ ᠠᠵᠢᠯ ᠳᠠᠭᠠᠨ ᠰᠡᠳᠬᠢᠮᠵᠢ ᠪᠠᠨ ᠦᠷᠭᠦᠯᠵᠢᠯᠡᠨ ᠥᠷᠭᠡᠳᠬᠡᠵᠦ᠂ ᠵᠤᠷᠢᠭᠲᠠᠢ ᠪᠠᠷ ᠰᠦᠪᠡᠭᠴᠢᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠵᠢᠯ ᠢ ᠡᠮᠬᠢ ᠴᠡᠭᠴᠡ ᠲᠠᠢ ᠭᠦᠨᠵᠡᠭᠡᠢ ᠠᠬᠢᠭᠤᠯᠤᠨ ᠥᠷᠨᠢᠭᠦᠯᠵᠦ᠂ ᠦᠷᠭᠦᠯᠵᠢᠯᠡᠬᠦᠶᠢᠴᠡ᠂ ᠰᠢᠯᠭᠠᠨ ᠪᠠᠶᠢᠴᠠᠭᠠᠵᠤ ᠪᠤᠯᠠᠬᠤᠶᠢᠴᠠ᠂ ᠪᠠᠭᠤᠯᠭᠠᠨ ᠬᠡᠷᠡᠭᠯᠡᠵᠦ ᠪᠤᠯᠠᠬᠤᠶᠢᠴᠠ᠂ ᠥᠷᠭᠡᠳᠬᠡᠨ ᠠᠬᠢᠭᠤᠯᠵᠤ ᠪᠤᠯᠠᠬᠤᠶᠢᠴᠠ ᠲᠤᠷᠰᠢᠯᠭ᠎ᠠ ᠶᠢ ᠴᠢᠷᠮᠠᠶᠢᠨ ᠡᠭᠦᠳᠴᠦ᠂ ᠪᠦᠬᠦ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠪᠤᠯᠪᠠᠤ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号