2020 ᠤᠨ ᠳᠤ ᠮᠠᠨ ᠤ ᠤᠷᠤᠨ ᠴᠢᠬᠤᠯᠠ ᠪᠦᠲᠦᠭᠡᠭᠲᠡᠬᠦᠨ ᠤ ᠨᠡᠬᠡᠮᠵᠢᠯᠡᠬᠦ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ
ᠨᠡᠶᠢᠲᠡᠯᠡᠭᠰᠡᠨ ᠴᠠᠭ᠄
2016/9/5
     ᠤᠶᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠠᠷᠠᠳ ᠤᠨ ᠤᠷᠳᠤᠨ ᠤ ᠠᠯᠪᠠᠨ ᠲᠢᠩᠬᠢᠮ ︽ ᠴᠢᠬᠤᠯᠠ ᠪᠦᠲᠦᠭᠡᠭᠲᠡᠬᠦᠨ ᠤ ᠨᠡᠬᠡᠮᠵᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠦᠰᠦᠯ ᠤᠨ ᠮᠡᠳᠡᠭᠳᠡᠯ︾ ︵ᠳᠤᠷᠤᠭᠰᠢ ︽ᠮᠡᠳᠡᠭᠳᠡᠯ︾ ᠭᠡᠵᠦ ᠲᠤᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ 2020 ᠤᠨ ᠪᠤᠯᠬᠤ ᠳᠤ᠂ ᠪᠦᠬᠦ ᠤᠷᠤᠨ ᠤ ᠴᠢᠬᠤᠯᠠ ᠪᠦᠲᠦᠭᠡᠭᠲᠡᠬᠦᠨ ᠤ ᠨᠡᠬᠡᠮᠵᠢᠯᠡᠬᠦ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠭᠠᠵᠠᠷ ᠤᠷᠤᠨ᠂ ᠠᠵᠢᠯ ᠲᠦᠷᠦᠯ ᠪᠤᠯᠤᠨ ᠠᠵᠤ ᠠᠬᠤᠶᠢᠯᠠᠯ ᠤᠨ ᠨᠡᠬᠡᠮᠵᠢᠯᠡᠬᠦ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠨ ᠬᠠᠮᠲᠣ ᠪᠠᠷ ᠬᠦᠷᠲᠡᠬᠦ ᠶᠢ ᠠᠩᠬ᠎ᠠ ᠠᠯᠬᠤᠮ ᠪᠡᠶᠡᠯᠡᠭᠦᠯᠵᠦ᠂ ᠵᠠᠷᠢᠮ ᠴᠢᠬᠤᠯᠠ ᠪᠦᠲᠦᠭᠡᠭᠲᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠨᠡᠬᠡᠮᠵᠢᠯᠡᠬᠦ ᠤᠬᠠᠮᠰᠠᠷ ᠢ ᠨᠢ ᠢᠯᠡᠳᠲᠡ ᠴᠢᠩᠭᠠᠷᠠᠭᠤᠯᠵᠤ᠂ ᠨᠠᠶᠢᠭᠡᠮ ᠤᠨ ᠤᠯᠠᠨ ᠲᠦᠮᠡᠨ ᠤ ᠨᠡᠬᠡᠮᠵᠢᠯᠡᠬᠦ ᠪᠦᠲᠦᠭᠡᠭᠲᠡᠬᠦᠨ ᠤ ᠲᠤᠬᠠᠢ ᠲᠠᠨᠢᠯᠲᠠ ᠶᠢᠨ ᠬᠡᠮᠵᠢᠶ᠎ᠡ ᠪᠤᠯᠤᠨ ᠬᠦᠯᠢᠶᠡᠨ ᠠᠪᠬᠤ ᠬᠡᠮᠵᠢᠶ᠎ᠡ ᠢ ᠠᠭᠠᠵᠢᠮ ᠢᠶᠠᠷ ᠨᠡᠮᠡᠭᠳᠡᠭᠦᠯᠵᠦ᠂ ᠪᠦᠲᠦᠭᠡᠭᠲᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠨᠡᠬᠡᠮᠵᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠤᠷᠴᠢᠨ ᠲᠤᠭᠤᠷᠢᠨ ᠢ ᠮᠡᠳᠡᠭᠳᠡᠬᠦᠶᠢᠴᠡ ᠦᠭᠡᠷᠡᠴᠢᠯᠡᠨ ᠰᠠᠶᠢᠵᠢᠷᠠᠭᠤᠯᠤᠨ᠎ᠠ ᠭᠡᠵᠦ ᠲᠤᠳᠤᠷᠬᠠᠶᠢᠯᠠᠪᠠ᠃      ︽ᠮᠡᠳᠡᠭᠳᠡᠯ︾᠎ ᠳᠤ ᠵᠢᠭᠠᠵᠤ ᠭᠠᠷᠭᠠᠭᠰᠠᠨ ᠨᠢ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠤᠯᠠᠨ ᠨᠡᠶᠢᠲᠡ ᠶᠢᠨ ᠠᠮᠤᠷ ᠲᠦᠪᠰᠢᠨ ᠳᠤ ᠴᠢᠬᠤᠯᠠ ᠨᠦᠯᠦᠭᠡ ᠲᠠᠢ ᠪᠦᠲᠦᠭᠡᠭᠲᠡᠬᠦᠨ ᠲᠠᠢ ᠤᠶᠠᠯᠳᠤᠭᠤᠯᠤᠨ᠂ ᠢᠳᠡᠰᠢᠨ ᠲᠠᠷᠢᠶᠠᠯᠠᠩ ᠤᠨ ᠪᠦᠲᠦᠭᠡᠭᠲᠡᠬᠦᠨ ᠪᠠ ᠮᠠᠯ ᠤᠨ ᠠᠰᠢᠭ ᠰᠢᠮ᠎ᠡ᠂ ᠢᠳᠡᠭᠡᠨ᠂ ᠡᠮ ᠪᠠ ᠡᠮᠴᠢᠯᠡᠭᠡ ᠶᠢᠨ ᠮᠠᠲ᠋ᠧᠷᠢᠶᠠᠯ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠠᠲ᠋ᠧᠷᠢᠶᠠᠯ᠂ ᠤᠨᠴᠠᠭᠠᠢ ᠲᠦᠬᠦᠭᠡᠷᠦᠮᠵᠢ᠂ ᠠᠶᠤᠯ ᠲᠠᠢ ᠪᠤᠳᠠᠰ᠂ ᠬᠤᠪᠤᠷ ᠰᠢᠷᠤᠢ ᠶᠢᠨ ᠪᠦᠲᠦᠭᠡᠭᠲᠡᠬᠦᠨ ᠵᠡᠷᠭᠡ ᠪᠠᠷ ᠭᠤᠤᠯᠳᠠᠯᠭ᠎ᠠ ᠪᠤᠯᠭᠠᠨ᠂ ᠲᠦᠷᠦᠯ ᠬᠤᠪᠢᠶᠠᠨ ᠵᠢᠯᠤᠭᠤᠳᠴᠦ᠂ ᠠᠯᠬᠤᠮ ᠬᠤᠪᠢᠶᠠᠨ ᠬᠡᠷᠡᠭᠵᠢᠭᠦᠯᠦᠨ᠎ᠡ᠃ ᠨᠦᠭᠦᠴᠡᠯ ᠲᠠᠢ ᠭᠠᠵᠠᠷ ᠤᠷᠤᠨ ᠨᠢ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠶᠡᠭᠡ᠂ ᠨᠡᠶᠢᠭᠡᠮ ᠤᠨ ᠲᠤᠰᠬᠠᠯ ᠴᠢᠩᠭ᠎ᠠ ᠪᠦᠲᠦᠭᠡᠭᠲᠡᠬᠦᠨ ᠳᠤ ᠴᠢᠭᠯᠡᠭᠦᠯᠦᠨ᠂ ᠲᠤᠰ ᠵᠠᠰᠠᠭ  ᠵᠠᠬᠢᠷᠭᠠᠨ ᠤ ᠤᠷᠤᠨ ᠤ ᠬᠡᠪᠴᠢᠶᠡᠨ ᠳᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠬᠠᠤᠯᠢ ᠶᠤᠰᠤᠭᠠᠷ ᠠᠯᠪᠠᠳᠠᠯᠭ᠎ᠠ ᠪᠠᠷ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠬᠤ ᠪᠠᠷ ᠱᠠᠭᠠᠷᠳᠠᠨ᠎ᠠ ᠭᠡᠪᠡ᠃      ︽ᠮᠡᠳᠡᠭᠳᠡᠯ︾᠎ ᠳᠤ᠂ ᠡᠨᠡ ᠵᠢᠯ ᠤᠨ ᠵᠢᠯ ᠤᠨ ᠡᠴᠦᠰ ᠪᠤᠯᠲᠠᠯ᠎ᠠ᠂ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠤᠲᠠᠲᠠᠢ ᠬᠡᠷᠡᠭᠵᠢᠭᠦᠯᠬᠦ ᠲᠦᠰᠦᠯ ᠲᠤᠭᠲᠠᠭᠠᠵᠤ᠂ ᠨᠡᠬᠡᠮᠵᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠦᠲᠦᠭᠡᠭᠲᠡᠬᠦᠨ ᠤ ᠨᠡᠷᠡᠰ ᠢ ᠲᠤᠭᠲᠠᠭᠠᠵᠤ᠂ ᠪᠠᠶᠢᠭᠤᠯᠬᠤ ᠬᠠᠷᠠᠯᠲᠠ᠂ ᠠᠵᠢᠯ ᠤᠨ ᠡᠭᠦᠷᠭᠡ᠂ ᠴᠠᠭ ᠤᠨ ᠠᠬᠢᠴᠠ ᠪᠠ ᠪᠤᠲᠠᠲᠠᠢ ᠠᠷᠭ᠎ᠠ ᠠᠪᠴᠠᠯ ᠢ ᠲᠤᠳᠤᠷᠬᠠᠶᠢᠯᠠᠬᠤ ᠬᠡᠷᠡᠭᠲᠡᠢ᠃ 2020 ᠤᠨ ᠤ 12 ᠳ᠋ᠤᠭᠠᠷ ᠰᠠᠷ᠎ᠠ ᠶᠢᠨ ᠡᠴᠦᠰ ᠪᠤᠯᠲᠠᠯ᠎ᠠ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠡᠭᠦᠯᠡᠨ ᠳᠤ ᠲᠦᠰᠢᠭᠯᠡᠨ᠂ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ ᠪᠠ ᠴᠤᠪᠤᠷᠠᠯ ᠤᠨ ᠬᠠᠷᠢᠯᠴᠠᠨ ᠨᠡᠪᠲᠡᠷᠡᠯᠴᠡᠬᠦ ᠶᠢ ᠶᠡᠭᠡ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠲᠤᠭ᠎ᠠ ᠪᠠᠷᠢᠮᠲᠠ ᠪᠠ ᠰᠢᠰᠲ᠋ᠧᠮ ᠢᠶᠠᠷ ᠵᠤᠯᠭᠠᠭᠤᠯᠬᠤ ᠶᠢ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠪᠤᠯᠤᠨ ᠨᠡᠶᠢᠭᠡᠮ ᠤᠨ ᠨᠡᠬᠡᠮᠵᠢᠯᠡᠬᠦ ᠲᠤᠭ᠎ᠠ ᠪᠠᠷᠢᠮᠲᠠ ᠶᠢᠨ ᠨᠡᠶᠢᠯᠡᠯ ᠢ ᠪᠡᠶᠡᠯᠡᠭᠦᠯᠬᠦ ᠬᠡᠷᠡᠭᠲᠡᠢ᠃ ᠨᠢᠭᠡᠳᠦᠯᠲᠡᠢ ᠤᠯᠠᠨ ᠨᠡᠶᠢᠲᠡ ᠶᠢᠨ ᠦᠢᠯᠡᠴᠢᠯᠡᠭᠡᠨ ᠤ ᠴᠤᠩᠬᠤ ᠭᠠᠷᠭᠠᠵᠤ᠂ ᠨᠡᠶᠢᠭᠡᠮ ᠤᠨ ᠤᠯᠠᠨ ᠲᠦᠮᠡᠨ ᠳᠤ ᠬᠠᠨᠳᠤᠭᠤᠯᠤᠨ ᠨᠡᠬᠡᠮᠵᠢᠯᠡᠬᠦ ᠮᠡᠳᠡᠭᠡ ᠵᠠᠩᠭᠢ ᠶᠢᠨ ᠨᠢᠭᠡ ᠦᠷᠲᠡᠭᠡᠨ ᠤ ᠮᠠᠶ᠋ᠢᠭ ᠤᠨ ᠪᠠᠶᠢᠴᠠᠭᠠᠨ ᠠᠰᠠᠭᠤᠬᠤ ᠦᠢᠯᠡᠴᠢᠯᠡᠭᠡ ᠬᠠᠩᠭᠠᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠴᠤᠭᠯᠠᠷᠠᠬᠤ ᠲᠠᠪᠴᠠᠩ ᠳᠤ ᠲᠦᠰᠢᠭᠯᠡᠨ᠂ ᠪᠦᠲᠦᠭᠡᠭᠲᠡᠬᠦᠨ ᠤ ᠨᠡᠬᠡᠮᠵᠢᠯᠡᠬᠦ ᠶᠡᠭᠡ ᠲᠤᠭ᠎ᠠ ᠪᠠᠷᠢᠮᠲᠠ ᠶᠢᠨ ᠲᠠᠪᠴᠠᠩ ᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号