ᠣᠷᠴᠢᠮᠬᠠᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠢᠳᠡᠭᠡᠨ ᠤ ᠵᠦᠢᠯ ᠤᠨ ᠠᠮᠤᠷ | ᠲᠦᠪᠰᠢᠨ ᠤ ᠠᠵᠢᠯ ᠤᠨ ᠬᠢᠨᠠᠨ ᠲᠣᠭᠲᠠᠭᠠᠵᠤ ᠬᠢᠨᠠᠨ ᠰᠢᠯᠭᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠡᠯ᠎ᠡ | ᠮᠤᠵᠢ ︵ᠣᠷᠣᠨ᠂ ᠬᠤᠳᠠ︶ ᠶᠢᠨ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠠᠵᠢᠯ ᠢ | ᠬᠢᠨᠠᠨ ᠲᠣᠭᠲᠠᠭᠠᠵᠤ ᠬᠢᠨᠠᠨ ᠰᠢᠯᠭᠠᠬᠤ ᠶᠢ ᠲᠣᠳᠣᠷᠬᠠᠶᠢᠯᠠᠪᠠ᠃ ᠠᠷᠭ᠎ᠠ ᠶᠢ ᠨᠡᠶᠢᠲᠡᠯᠡᠭᠰᠡᠨ ᠠᠬᠤᠶ ᠪᠠᠶᠢᠳᠠᠯ ᠪᠣᠯᠣᠨ | ᠠᠴᠢ ᠬᠤᠯᠪᠣᠭᠳᠠᠯ ᠨᠢ ᠶᠠᠭᠤ ᠪᠤᠢ︖ ᠬᠢᠨᠠᠨ ᠲᠣᠭᠲᠠᠭᠠᠵᠤ ᠬᠢᠨᠠᠨ ᠰᠢᠯᠭᠠᠬᠤ ᠶᠢ ᠬᠡᠷᠬᠢᠨ ᠵᠣᠬᠢᠶᠠᠨ ᠪᠠᠶᠢᠭᠤᠯᠵᠤ | ᠬᠡᠷᠡᠭᠵᠢᠭᠦᠯᠬᠦ ᠪᠤᠢ︖ ᠬᠢᠨᠠᠨ ᠰᠢᠯᠭᠠᠭᠰᠠᠨ ᠦᠷ᠎ᠡ ᠳ᠋ᠦᠩ ᠢ ᠬᠡᠷᠬᠢᠨ ᠠᠰᠢᠭᠯᠠᠬᠤ ᠪᠤᠢ︖ ᠡᠳᠡᠭᠡᠷ | ᠠᠰᠠᠭᠤᠳᠠᠯ ᠤᠨ ᠲᠣᠭᠤᠷᠢᠨ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠵᠦᠢᠯ ᠤᠨ ᠠᠮᠤᠷ | ᠲᠦᠪᠰᠢᠨ ᠤ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠲᠠᠶᠢᠯᠤᠮᠵᠢ ᠬᠢᠪᠡ᠃ | ᠠᠰᠠᠭᠤᠯᠲᠠ᠄ ᠠᠷᠭ᠎ᠠ ᠶᠢ ᠨᠡᠶᠢᠲᠡᠯᠡᠭᠰᠡᠨ ᠠᠬᠤᠶ ᠪᠠᠶᠢᠳᠠᠯ ᠪᠣᠯᠣᠨ ᠠᠴᠢ ᠬᠤᠯᠪᠣᠭᠳᠠᠯ ᠨᠢ ᠶᠠᠭᠤ ᠪᠤᠢ︖ | ᠬᠠᠷᠢᠭᠤᠯᠲᠠ᠄ ᠢᠳᠡᠭᠡᠨ ᠤ ᠠᠮᠤᠷ ᠲᠦᠪᠰᠢᠨ ᠤ ᠬᠠᠤᠯᠢ ᠶᠢ ᠨᠡᠩ ᠰᠠᠶᠢᠲᠤᠷ ᠲᠤᠤᠱᠯᠠᠭᠤᠯᠵᠤ᠂ ᠢᠳᠡᠭᠡᠨ ᠤ | ᠵᠦᠢᠯ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠨ | ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠰᠡᠷᠭᠡᠶᠢᠯᠡᠯᠲᠡ ᠶᠢᠨ ᠱᠤᠭᠤᠮ ᠨᠢᠭᠡᠪᠦᠷᠢ ᠶᠢ ᠴᠢᠩᠭ᠎ᠠ ᠠᠳᠬᠤᠵᠤ᠂ | ᠠᠷᠠᠳ ᠨᠡᠶᠢᠲᠡ ᠶᠢᠨ ᠡᠷᠡᠭᠦᠯ ᠮᠡᠨᠳᠥ ᠶᠢ ᠬᠠᠮᠠᠭᠠᠯᠠᠨ ᠰᠠᠶᠢᠵᠢᠷᠠᠭᠤᠯᠬᠤ ᠶᠢᠨ ᠲᠥᠯᠥᠭᠡ ᠲᠤᠰ ᠠᠷᠭ᠎ᠠ ᠶᠢ ᠨᠡᠶᠢᠲᠡᠯᠡᠪᠡ᠃ | | ᠠᠷᠭ᠎ᠠ ᠨᠡᠶᠢᠲᠡᠯᠡᠭᠳᠡᠭᠰᠡᠨ ᠤ ᠳᠠᠷᠠᠭ᠎ᠠ᠂ ᠬᠢᠨᠠᠨ ᠰᠢᠯᠭᠠᠬᠤ ᠶᠢᠨ ᠵᠢᠷᠣᠮᠵᠢᠭᠤᠨ ᠴᠢᠨᠠᠷ᠂ ᠡᠷᠬᠡ ᠰᠦᠷᠲᠦ ᠴᠢᠨᠠᠷ᠂ | ᠤᠳᠤᠷᠢᠳᠤᠮᠵᠢᠲᠤ ᠴᠢᠨᠠᠷ ᠨᠢ ᠴᠥᠮ ᠳᠡᠭᠡᠭᠰᠢᠯᠡᠬᠦ ᠪᠣᠯᠣᠨ᠎ᠠ᠃ ᠠᠷᠭ᠎ᠠ ᠨᠢ ᠬᠢᠨᠠᠨ ᠰᠢᠯᠭᠠᠬᠤ ᠵᠣᠷᠢᠯᠭ᠎ᠠ᠂ ᠬᠢᠨᠠᠨ | ᠰᠢᠯᠭᠠᠭᠤᠯᠤᠭᠰᠠᠳ᠂ ᠠᠭᠤᠯᠭ᠎ᠠ᠂ ᠠᠯᠬᠤᠮ ᠲᠡᠷᠠᠭ᠎ᠠ ᠵᠡᠷᠭᠡ ᠲᠠᠯ᠎ᠠ ᠪᠠᠷ ᠲᠣᠭᠲᠠᠭᠠᠯ ᠭᠠᠷᠭᠠᠪᠠ᠃ | ᠠᠷᠭ᠎ᠠ ᠳᠤ ᠱᠠᠩᠨᠠᠵᠤ ᠲᠣᠷᠭᠠᠬᠤ ᠶᠢ ᠲᠣᠳᠣᠷᠬᠠᠶ ᠪᠠᠶᠢᠯᠭᠠᠬᠤ ᠵᠠᠷᠴᠢᠮ ᠢ ᠢᠯᠡᠷᠡᠭᠦᠯᠵᠦ᠂ ᠡᠭᠦᠨ ᠤ | ᠤᠯᠠᠮ ᠢᠶᠠᠷ ᠬᠢᠨᠠᠨ ᠰᠢᠯᠭᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠢᠳᠡᠭᠡᠨ ᠤ ᠠᠮᠤᠷ ᠲᠥᠪᠰᠢᠨ ᠤ | ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠪᠠ᠃ | ᠠᠰᠠᠭᠤᠯᠲᠠ᠄ ᠢᠳᠡᠭᠡᠨ ᠤ ᠠᠮᠤᠷ ᠲᠦᠪᠰᠢᠨ ᠤ ᠠᠵᠢᠯ ᠢ ᠬᠢᠨᠠᠨ ᠲᠣᠭᠲᠠᠭᠠᠵᠤ ᠬᠢᠨᠠᠨ ᠰᠢᠯᠭᠠᠬᠤ ᠶᠢ ᠬᠡᠷᠬᠢᠨ | ᠵᠣᠬᠢᠶᠠᠨ ᠪᠠᠢᠭᠤᠯᠵᠤ ᠬᠡᠷᠡᠭᠵᠢᠭᠦᠯᠬᠦ ᠪᠣᠢ︖ | ᠬᠠᠷᠢᠭᠤᠯᠲᠠ᠄ ᠠᠷᠭ᠎ᠠ ᠶᠢ ᠦᠨᠳᠦᠰᠦᠯᠡᠪᠡᠯ᠂ ᠬᠢᠨᠠᠨ ᠰᠢᠯᠭᠠᠬᠤ ᠠᠵᠢᠯ ᠢ ᠳᠦᠷᠤ ᠶᠢᠨ ᠶᠠᠪᠤᠳᠠᠯ ᠤᠨ | ᠬᠤᠷᠢᠶ᠎ᠠ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠵᠦᠪᠯᠡᠯ ᠨᠢᠭᠡᠳᠦᠯᠲᠡᠶ ᠤᠳᠤᠷᠢᠳᠤᠨ᠎ᠠ᠃ ᠲᠦᠷᠦ ᠶᠢᠨ | ᠶᠠᠪᠤᠳᠠᠯ ᠤᠨ ᠬᠤᠷᠢᠶᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ ᠨᠢ ᠳᠦᠷᠤ ᠶᠢᠨ | ᠶᠠᠪᠤᠳᠠᠯ ᠤᠨ ᠬᠤᠷᠢᠶᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠵᠦᠪᠯᠡᠯ ᠤᠨ ᠨᠠᠶᠢᠳᠠᠯᠭ᠎ᠠ ᠶᠢ ᠬᠦᠯᠢᠶᠡᠵᠦ᠂ | ᠲᠦᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ | ᠨᠢᠭᠡᠴᠡ ᠲᠠᠢ ᠬᠠᠮᠲᠤ ᠬᠢᠨᠠᠨ ᠰᠢᠯᠭᠠᠬᠤ ᠠᠵᠢᠯ ᠢ ᠬᠡᠷᠡᠭᠵᠢᠭᠦᠯᠦᠨ᠎ᠡ᠃ ᠳᠦᠷᠤ ᠶᠢᠨ ᠶᠠᠪᠤᠳᠠᠯ ᠤᠨ ᠬᠤᠷᠢᠶᠠᠨ ᠤ | ᠢᠳᠡᠭᠡᠨ ᠤ ᠵᠦᠢᠯ ᠤᠨ ᠠᠮᠤᠷ ᠲᠦᠪᠰᠢᠨ ᠤ ᠵᠦᠪᠯᠡᠯ ᠤᠨ ᠪᠦᠷᠢᠯᠳᠦᠬᠦᠨ ᠨᠢᠭᠡᠴᠡ ᠨᠦᠭᠦᠳ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠦᠨᠳᠦᠰᠦᠯᠡᠵᠦ᠂ ᠡᠯ᠎ᠡ ᠮᠤᠵᠢ ︵ᠣᠷᠣᠨ᠂ ᠬᠤᠳᠠ︶ ᠶᠢᠨ ᠠᠷᠠᠳ ᠤᠨ | ᠵᠠᠰᠠᠭ ᠤᠨ ᠣᠷᠳᠣᠨ ᠤ ᠢᠳᠡᠭᠡᠨ ᠤ ᠵᠦᠢᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠵᠢᠯ | ᠪᠦᠷᠢ ᠶᠢᠨ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠨᠢᠭᠡ | ᠬᠢᠨᠠᠨ ᠰᠢᠯᠭᠠᠬᠤ ᠣᠨ ᠪᠣᠯᠣᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠵᠦᠢᠯ ᠤᠨ ᠠᠮᠤᠷ | ᠲᠦᠪᠰᠢᠨ ᠤ ᠵᠥᠪᠯᠡᠯ ᠤᠨ ᠠᠯᠪᠠᠨ ᠭᠡᠷ ᠵᠢᠯ ᠪᠦᠷᠢ ᠶᠢᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠠᠮᠢᠶ᠎ᠡ | ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢ ᠵᠣᠬᠢᠶᠠᠨ ᠪᠠᠶᠢᠭᠤᠯᠵᠤ ᠲᠣᠰ ᠵᠢᠯ ᠤᠨ ᠣᠨ ᠤ ᠬᠢᠨᠠᠨ ᠰᠢᠯᠭᠠᠬᠤ | ᠲᠥᠰᠦᠯ ᠵᠢᠴᠢ ᠨᠠᠷᠢᠨ ᠳᠦᠷᠢᠮ ᠢ ᠲᠣᠭᠲᠠᠭᠠᠵᠤ ᠨᠡᠶᠢᠲᠡᠯᠡᠨ᠎ᠡ᠃ | ᠠᠰᠠᠭᠤᠯᠲᠠ᠄ ᠬᠢᠨᠠᠨ ᠰᠢᠯᠭᠠᠭᠰᠠᠨ ᠦᠷ᠎ᠡ ᠳ᠋ᠦᠩ ᠢ ᠬᠡᠷᠬᠢᠨ ᠬᠡᠷᠡᠭᠯᠡᠬᠦ ᠪᠤᠢ︖ | ᠬᠠᠷᠢᠭᠤᠯᠲᠠ᠄ ᠠᠷᠭ᠎ᠠ ᠳᠤ ᠲᠣᠭᠲᠠᠭᠠᠭᠰᠠᠨ ᠨᠢ᠂ ᠬᠢᠨᠠᠨ ᠰᠢᠯᠭᠠᠬᠤ ᠳᠤ ᠬᠤᠪᠢ ᠣᠯᠭᠤᠬᠤ ᠠᠷᠭ᠎ᠠ ᠠᠪᠴᠤ᠂ | ᠪᠠᠷᠢᠮᠵᠢᠶ᠎ᠠ ᠬᠤᠪᠢ ᠨᠢ 100 ᠬᠤᠪᠢ ᠪᠣᠯᠤᠨ᠎ᠠ᠃ ᠬᠢᠨᠠᠨ ᠰᠢᠯᠭᠠᠭᠰᠠᠨ ᠦᠷ᠎ᠡ ᠳ᠋ᠦᠩ ᠢ A᠂ B᠂ C ᠵᠡᠷᠭᠡ | ᠭᠤᠷᠪᠠᠨ ᠳᠡᠰ ᠬᠤᠪᠢᠶᠠᠨ᠎ᠠ᠃ | ᠠᠷᠭ᠎ᠠ ᠳᠤ ᠲᠣᠭᠲᠠᠭᠠᠭᠰᠠᠨ ᠢᠶᠠᠷ ᠪᠣᠯ᠂ ᠬᠢᠨᠠᠨ ᠰᠢᠯᠭᠠᠭᠰᠠᠨ ᠦᠷ᠎ᠡ ᠳ᠋ᠦᠩ ᠢ ᠺᠠᠳ᠋ᠷ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ ᠮᠤᠵᠢ ︵ᠣᠷᠣᠨ᠂ ᠬᠤᠳᠠ︶ ᠶᠢᠨ ᠠᠷᠠᠳ ᠤᠨ ᠵᠠᠰᠠᠭ ᠤᠨ | ᠣᠷᠳᠣᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ ᠵᠢᠴᠢ | ᠱᠠᠩᠨᠠᠵᠤ ᠲᠣᠷᠭᠠᠬᠤ ᠶᠢᠨ ᠴᠢᠬᠤᠯᠠ ᠯᠠᠪᠯᠠᠯᠲᠠ ᠪᠣᠯᠭᠠᠵᠤ᠂ ᠬᠢᠨᠠᠨ ᠲᠣᠭᠲᠠᠭᠠᠵᠤ ᠬᠢᠨᠠᠨ ᠰᠢᠯᠭᠠᠬᠤ ᠳᠤᠮᠳᠠ | ᠬᠠᠷᠢᠭᠤᠴᠠᠯᠭ᠎ᠠ ᠲᠤᠯᠭᠠᠬᠤ ᠴᠢᠬᠤᠯᠠᠲᠠᠢ ᠠᠰᠠᠭᠤᠳᠠᠯ ᠤᠨᠰᠦ᠋ᠪᠡᠭᠴᠢ ᠶᠢ ᠣᠯᠵᠤ ᠮᠡᠳᠡᠪᠡᠯ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠨ᠎ᠠ᠃ ᠬᠢᠨᠠᠨ ᠰᠢᠯᠭᠠᠭᠰᠠᠨ ᠦᠷ᠎ᠡ | ᠳ᠋ᠦᠩ ᠨᠢ A ᠳᠡᠰ ᠤᠨ ᠮᠤᠵᠢ ︵ᠣᠷᠣᠨ᠂ ᠬᠤᠳᠠ︶ ᠶᠢᠨ ᠠᠷᠠᠳ ᠤᠨ ᠵᠠᠰᠠᠭ ᠤᠨ ᠣᠷᠳᠣᠨ ᠢ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠵᠦᠪᠯᠡᠯ ᠤᠯᠠᠨ ᠳᠤ ᠨᠡᠶᠢᠲᠡᠯᠡᠨ | ᠰᠠᠶᠢᠰᠢᠶᠠᠵᠤ᠂ ᠢᠳᠡᠭᠡᠨ ᠤ ᠵᠦᠢᠯ ᠤᠨ ᠠᠮᠤᠷ ᠲᠥᠪᠰᠢᠨ ᠤ ᠠᠵᠢᠯ ᠳᠤᠮᠳᠠ ᠲᠤᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠨᠢᠭᠡᠴᠡ ᠪᠣᠯᠤᠨ ᠬᠤᠪᠢ ᠬᠥᠮᠦᠨ ᠢ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠥᠬᠢᠭᠦᠯᠦᠨ ᠰᠠᠶᠢᠰᠢᠶᠠᠬᠤ ᠪᠠ ᠱᠠᠩᠨᠠᠯ ᠣᠯᠭᠤᠨ᠎ᠠ᠃ ᠬᠢᠨᠠᠨ ᠰᠢᠯᠭᠠᠭᠰᠠᠨ ᠦᠷ᠎ᠡ ᠳ᠋ᠦᠩ ᠨᠢ C ᠳᠡᠰ ᠤᠨ ᠮᠤᠵᠢ | ︵ᠣᠷᠣᠨ᠂ ᠬᠤᠳᠠ︶ ᠶᠢᠨ ᠠᠷᠠᠳ ᠤᠨ ᠵᠠᠰᠠᠭ ᠤᠨ ᠣᠷᠳᠣᠨ ᠪᠣᠯ ᠳᠦᠷᠤ ᠶᠢᠨ ᠶᠠᠪᠤᠳᠠᠯ ᠤᠨ ᠬᠤᠷᠢᠶ᠎ᠠ ᠶᠢᠨ | ᠢᠳᠡᠭᠡᠨ ᠤ ᠵᠦᠢᠯ ᠤᠨ ᠠᠮᠤᠷ ᠲᠥᠪᠰᠢᠨ ᠤ ᠵᠦᠪᠯᠡᠯ ᠠᠴᠠ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ | ᠵᠦᠢᠯ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ ᠲᠤ ᠨᠠᠶᠢᠳᠠᠵᠤ ᠬᠠᠮᠢᠶ᠎ᠠ ᠪᠦᠬᠦᠢ ᠰᠠᠯᠠᠭ᠎ᠠ ᠮᠥᠴᠢᠷ ᠪᠠ | ᠨᠢᠭᠡᠴᠡ ᠲᠠᠢ ᠬᠠᠮᠲᠤᠷᠠᠨ ᠲᠤᠰ ᠮᠤᠵᠢ ︵ᠣᠷᠣᠨ᠂ ᠬᠤᠲᠠ︶ ᠶᠢᠨ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠴᠢᠬᠤᠯᠠᠲᠠᠶ ᠦᠶ᠎ᠡ ᠳᠤ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠥᠬᠦᠳ ᠲᠤᠰ ᠮᠤᠵᠢ ︵ᠣᠷᠣᠨ᠂ ᠬᠤᠳᠠ︶ ᠶᠢᠨ ᠠᠷᠠᠳ ᠤᠨ | ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠲᠤᠰ ᠮᠤᠵᠢ ︵ᠣᠷᠣᠨ᠂ ᠬᠤᠳᠠ︶ | ᠶᠢᠨ ᠬᠤᠯᠪᠣᠭᠳᠠᠯ ᠪᠦᠬᠦᠢ ᠤᠳᠤᠷᠢᠳᠬᠤ ᠺᠠᠳ᠋ᠷ ᠨᠢ ᠣᠨ ᠤ ᠱᠠᠩᠨᠠᠯ ᠲᠣᠭᠲᠠᠭᠠᠬᠤ᠂ ᠢᠷᠠᠭᠤ ᠠᠯᠳᠠᠷ ᠤᠨ ᠴᠣᠯᠠ | ᠣᠯᠭᠤᠬᠤ ᠵᠡᠷᠭᠡ ᠳᠤ ᠣᠷᠣᠯᠴᠠᠵᠤ ᠪᠣᠯᠬᠤ ᠦᠭᠡᠢ᠃ | ᠠᠷᠭ᠎ᠠ ᠠᠴᠠ ᠪᠠᠰᠠ ᠡᠯ᠎ᠡ ᠮᠤᠵᠢ ︵ᠣᠷᠣᠨ᠂ ᠬᠤᠲᠠ︶ ᠶᠢᠨ ᠠᠷᠠᠳ ᠤᠨ ᠵᠠᠰᠠᠭ ᠤᠨ ᠣᠷᠳᠣᠨ ᠨᠢ ᠬᠢᠨᠠᠨ | ᠰᠢᠯᠭᠠᠭᠰᠠᠨ ᠦᠷ᠎ᠡ ᠳ᠋ᠦᠩ ᠢ ᠨᠡᠶᠢᠲᠡᠯᠡᠭᠰᠡᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠢᠳᠡᠭᠡᠨ ᠤ ᠵᠦᠢᠯ ᠤᠨ ᠠᠮᠤᠷ ᠲᠥᠪᠰᠢᠨ ᠤ ᠵᠦᠪᠯᠡᠯ ᠳᠤ ᠪᠢᠴᠢᠭ ᠤᠨ ᠮᠡᠳᠡᠭᠦᠯᠦᠯᠲᠡ ᠬᠢᠵᠦ᠂ | ᠨᠡᠶᠢᠲᠡᠯᠡᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠴᠠᠭ ᠬᠤᠭᠤᠴᠠᠭ᠎ᠠ | ᠳᠤᠷᠠᠳᠤᠨ ᠭᠠᠷᠭᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠵᠦᠢᠯ ᠤᠨ ᠠᠮᠤᠷ | ᠲᠦᠪᠰᠢᠨ ᠤ ᠵᠦᠪᠯᠡᠯ ᠤᠨ ᠠᠯᠪᠠᠨ ᠭᠡᠷ ᠤᠨ ᠬᠠᠭᠤᠯᠤᠨ ᠬᠦᠷᠭᠡᠬᠦ ᠬᠡᠷᠡᠭᠲᠡᠶ ᠭᠡᠵᠦ ᠱᠠᠭᠠᠷᠳᠠᠵᠠᠢ᠃ |