| 9 ᠳ᠋ᠤᠭᠡᠷ ᠰᠠᠷ᠎ᠠ ᠶᠢᠨ 5 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ | ᠵᠢᠢ ᠡᡁᠧᠩ ᠬᠦᠬᠡᠬᠤᠳᠠ ᠳᠤ ᠪᠦᠬᠦ ᠤᠯᠤᠰ ᠤᠨ ︽ᠱᠠᠯᠢᠭ ᠵᠠᠪᠬᠠᠢ ᠵᠦᠢᠯ ᠢ ᠠᠷᠢᠯᠭᠠᠵᠥ ᠬᠠᠤᠯᠢ ᠪᠤᠰᠤ | ᠬᠡᠪᠯᠡᠭᠳᠡᠬᠦᠨ ᠳᠤ ᠴᠤᠬᠢᠯᠳᠠ ᠦᠭᠬᠦ︾ ᠠᠵᠢᠯ ᠤᠨ ᠲᠤᠭᠤᠢᠢᠯᠠᠩ ᠤᠨ ᠲᠤᠰᠬᠠᠢ ᠲᠤᠰᠢᠶᠠᠯᠳᠤ ᠲᠡᠳ᠋ ᠲᠠᠷᠤᠭ᠎ᠠ ᠯᠢ | ᠴᠠᠩ ᠵᠢᠶᠠᠩ ᠨᠠᠷ ᠲᠠᠢ ᠠᠭᠤᠯᠵᠠᠪᠠ᠃ | | 9 ᠳ᠋ᠤᠭᠡᠷ ᠰᠠᠷ᠎ᠠ ᠶᠢᠨ 5 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ | ᠵᠢᠢ ᠡᡁᠧᠩ ᠬᠦᠬᠡᠬᠤᠳᠠ ᠳᠤ ᠪᠦᠬᠦ ᠤᠯᠤᠰ ᠤᠨ ︽ᠱᠠᠯᠢᠭ ᠵᠠᠪᠬᠠᠢ ᠵᠦᠢᠯ ᠢ ᠠᠷᠢᠯᠭᠠᠵᠥ ᠬᠠᠤᠯᠢ ᠪᠤᠰᠤ | ᠬᠡᠪᠯᠡᠭᠳᠡᠬᠦᠨ ᠳᠤ ᠴᠤᠬᠢᠯᠳᠠ ᠦᠭᠬᠦ︾ ᠠᠵᠢᠯ ᠤᠨ ᠲᠤᠭᠤᠢᠢᠯᠠᠩ ᠤᠨ ᠲᠤᠰᠬᠠᠢ ᠲᠤᠰᠢᠶᠠᠯᠳᠤ ᠲᠡᠳ᠋ ᠲᠠᠷᠤᠭ᠎ᠠ ᠯᠢ | ᠴᠠᠩ ᠵᠢᠶᠠᠩ ᠨᠠᠷ ᠲᠠᠢ ᠠᠭᠤᠯᠵᠠᠵᠥ᠂ ᠬᠤᠶᠠᠷ ᠲᠠᠯ᠎ᠠ ᠪᠠᠷ ᠢᠶᠠᠨ ︽ᠱᠠᠯᠢᠭ ᠵᠠᠪᠬᠠᠢ ᠵᠦᠢᠯ ᠢ ᠠᠷᠢᠯᠭᠠᠵᠥ ᠬᠠᠤᠯᠢ | ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠰᠠᠶᠢᠳᠤᠷ ᠬᠢᠬᠦ ᠲᠤᠬᠠᠢ ᠰᠠᠨᠠᠯ ᠢᠶᠠᠨ ᠰᠤᠯᠢᠯᠴᠠᠪᠠ᠃ | ᠯᠢ ᠵᠢᠢ ᠡᡁᠧᠩ ᠪᠦᠬᠦ ᠤᠯᠤᠰ ᠤᠨ ︽ᠱᠠᠯᠢᠭ ᠵᠠᠪᠬᠠᠢ ᠵᠦᠢᠯ ᠢ ᠠᠷᠢᠯᠭᠠᠵᠥ ᠬᠠᠤᠯᠢ ᠪᠤᠰᠤ | ᠬᠡᠪᠯᠡᠭᠳᠡᠬᠦᠨ ᠳᠤ ᠴᠤᠬᠢᠯᠳᠠ ᠦᠭᠬᠦ︾ ᠠᠵᠢᠯ ᠤᠨ ᠲᠤᠭᠤᠢᠢᠯᠠᠩ ᠤᠨ ᠤᠷᠳᠤ ᠬᠤᠭᠤᠴᠠᠭᠠᠨ ᠤ ᠲᠤᠷᠰᠢ ᠦᠪᠤᠷ | ᠮᠤᠩᠭᠤᠯ ᠳᠤ ᠬᠦᠴᠦᠳᠠᠢ ᠲᠡᠮᠵᠢᠯᠬᠡ ᠦᠵᠡᠬᠦᠯᠥᠭᠰᠡᠡ ᠳᠤ ᠲᠠᠯᠠᠷᠬᠠᠵᠥ ᠪᠠᠶᠢᠬᠤ ᠪᠠᠨ ᠢᠯᠡᠳᠬᠡᠪᠡ᠃ ᠲᠡᠷᠡ᠂ ᠦᠪᠤᠷ | ᠮᠤᠩᠭᠤᠯ ᠡᠬᠡ ᠤᠯᠤᠰ ᠤᠨ ᠤᠮᠠᠷᠠᠳᠤ ᠤᠷᠤᠨ ᠳᠤ ᠪᠠᠶᠢᠷᠢᠯᠠᠵᠥ᠂ ᠨᠠᠶᠢᠰᠯᠠᠯ ᠪᠡᠭᠡᠵᠢᠩ ᠤᠨ ︽ᠤᠨᠠᠭᠤᠯᠢ ᠭᠤᠤᠯ︾ | ᠪᠤᠯᠵᠥ ᠪᠠᠶᠢᠨ᠎ᠠ᠂ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠤᠬᠢᠯᠲᠠ ᠦᠭᠬᠦ︾ | ᠠᠵᠢᠯ ᠢ ᠰᠠᠶᠢᠳᠤᠷ ᠬᠢᠵᠦ᠂ ᠡᠬᠡ ᠤᠯᠤᠰ ᠤᠨ ᠤᠮᠠᠷᠠᠲᠤ ᠶᠢᠨ ᠬᠠᠭᠠᠯᠭ᠎ᠠ ᠪᠠᠨ ᠰᠠᠶᠢᠳᠤᠷ ᠰᠠᠬᠢᠵᠤ᠂ ᠦᠪᠦᠷ | ᠮᠤᠩᠭᠤᠯ ᠤᠨ 2500 ᠭᠠᠷᠤᠢ ᠲᠦᠮᠡᠨ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠶᠤᠨ ᠤᠬᠠᠭᠠᠨ ᠤ | ᠬᠦᠰᠡᠯᠡᠩ ᠤᠨ ᠤᠷᠤᠨ ᠢ ᠰᠠᠶᠢᠳᠤᠷ ᠰᠠᠬᠢᠵᠤ᠂ ᠤᠳᠤᠬᠠᠨ ᠳᠤ ᠠᠰᠢᠭᠲᠠᠢ ᠪᠦᠭᠡᠳ ᠦᠷ᠎ᠡ ᠬᠤᠶᠢᠴᠢᠰ ᠲᠠᠭᠠᠨ | ᠠᠰᠢᠭ ᠬᠦᠷᠲᠡᠭᠡᠵᠦ᠂ ᠨᠡᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠤᠯᠤᠰ | ᠤᠷᠤᠨ ᠤ ᠰᠤᠶᠤᠯ ᠤᠨ ᠠᠮᠤᠷ ᠲᠦᠪᠰᠢᠨ ᠢ ᠬᠠᠮᠠᠭᠠᠯᠠᠬᠤ᠂ ᠪᠦᠬᠦ ᠤᠷᠤᠨ ᠤ ᠡᠯ᠎ᠡ ᠦᠨᠳᠦᠰᠦᠲᠡᠨ ᠤ ᠠᠷᠠᠳ | ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠪᠠ ᠡᠶ᠎ᠡ ᠨᠠᠶᠢᠷᠠᠮᠳᠠᠭᠤ ᠪᠠᠷ ᠬᠠᠮᠲᠤᠷᠠᠨ ᠤᠷᠤᠰᠢᠬᠤ | ᠤᠯᠤᠰ ᠲᠦᠷᠦ ᠶᠢᠨ ᠪᠠᠶᠢᠳᠠᠯ ᠢ ᠬᠠᠮᠠᠭᠠᠯᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠶᠡᠷᠦᠩᠬᠡᠢ ᠱᠦᠵᠢ ᠰᠢ ᠶᠢᠨ ᠫᠢᠩ ᠤᠨ ︽ᠡᠬᠡ ᠤᠯᠤᠰ ᠤᠨ | ᠤᠮᠠᠷᠠᠲᠤ ᠶᠢᠨ ᠦᠵᠡᠮᠵᠢᠲᠦ ᠤᠷᠤᠨ ᠢ ᠨᠡᠩ ᠦᠵᠡᠰᠬᠦᠯᠡᠩᠲᠤ ᠰᠠᠶᠢᠬᠠᠨ ᠪᠤᠯᠭᠠᠨ ᠪᠦᠲᠦᠭᠡᠨ ᠪᠠᠶᠢᠭᠤᠯᠤᠶ᠎ᠠ︾ ᠭᠡᠬᠦ | ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠡᠵᠢᠶᠡᠲᠡ ᠪᠠᠲᠤ ᠴᠡᠭᠡᠵᠢᠯᠡᠵᠦ᠂ ︽ᠱᠠᠯᠢᠭ ᠵᠠᠪᠬᠠᠢ ᠵᠦᠢᠯ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠤᠬᠢᠯᠲᠠ ᠦᠭᠬᠦ︾ ᠠᠵᠢᠯ ᠳᠤ ᠶᠡᠷᠤᠩᠬᠡᠢ ᠪᠠᠶᠢᠷᠢᠯᠠᠭᠤᠯᠤᠯᠳᠠ ᠬᠢᠵᠥ᠂ | ᠨᠢᠭᠡᠳᠦᠯᠲᠡᠢ ᠲᠦᠯᠦᠪᠵᠢᠭᠦᠯᠦᠨ ᠳᠤᠬᠢᠷᠠᠭᠤᠯᠵᠤ᠂ ᠬᠦᠴᠦ ᠪᠠᠨ ᠬᠠᠮᠲᠤᠳᠬᠠᠵᠤ᠂ ᠲᠦᠪ ᠤᠨ ᠵᠤᠷᠢᠭ ᠰᠠᠨᠠᠭ᠎ᠠ ᠪᠠ | ᠪᠦᠬᠦ ᠤᠯᠤᠰ ᠤᠨ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠤᠬᠢᠯᠲᠠ ᠦᠭᠬᠦ︾ | ᠠᠵᠢᠯ ᠤᠨ ᠳᠤᠭᠤᠢᠢᠯᠠᠩ ᠤᠨ ᠱᠠᠭᠠᠷᠳᠠᠯᠭ᠎ᠠ ᠶᠢ ᠰᠡᠳᠬᠢᠯ ᠳᠡᠭᠡᠨ ᠪᠤᠳᠤᠵᠥ᠂ ᠭᠠᠷ ᠲᠠᠭᠠᠨ ᠠᠳᠬᠤᠵᠤ᠂ ᠠᠵᠢᠯᠯᠠᠭ᠎ᠠ | ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠳᠡᠭᠡᠷ᠎ᠡ ᠳᠤᠤᠷ᠎ᠠ ᠱᠠᠲᠤᠨ ᠳᠤ ᠡᠷᠡᠰ ᠭᠤᠶᠢᠪᠢᠰᠢ ᠦᠭᠡᠢ᠂ | ᠤᠷᠲᠤ ᠤᠳᠠᠭᠠᠨ ᠢᠶᠠᠷ ᠪᠠᠷᠢᠮᠲᠠᠯᠠᠬᠤ ᠰᠢᠯᠢᠳᠡᠭ ᠰᠠᠶᠢᠨ ᠪᠠᠶᠢᠳᠠᠯ ᠢ ᠪᠦᠷᠢᠯᠳᠦᠭᠦᠯᠦᠨ᠎ᠡ ᠭᠡᠵᠦ ᠬᠡᠯᠡᠪᠡ᠃ | ᠯᠢ ᠴᠠᠩ ᠵᠢᠶᠠᠩ ᠦᠪᠦᠷ ᠮᠤᠩᠭᠤᠯ ᠤᠨ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ | ᠬᠡᠪᠯᠡᠭᠳᠡᠭᠦᠨ ᠳᠤ ᠴᠤᠬᠢᠯᠲᠠ ᠦᠭᠬᠦ︾ ᠠᠵᠢᠯ ᠤᠨ ᠤᠯᠤᠭᠰᠠᠨ ᠠᠮᠵᠢᠯᠲᠠ ᠶᠢ ᠭᠦᠢᠴᠡᠳ ᠨᠤᠳᠠᠯᠠᠵᠠᠢ᠃ ᠲᠡᠷᠡ᠂ | ᠦᠪᠦᠷ ᠮᠤᠩᠭᠤᠯ ᠤᠨ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠭᠦᠨ ᠳᠤ ᠴᠤᠬᠢᠯᠲᠠ ᠦᠭᠬᠦ︾ | ᠠᠵᠢᠯ ᠢ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠭᠰᠡᠨ ᠠᠴᠠ | ᠲᠦᠷᠭᠡᠨ ᠳᠠᠪᠰᠢᠯᠲᠠ ᠪᠠᠨ ᠤᠯᠵᠤ᠂ ᠪᠦᠬᠦ ᠤᠯᠤᠰ ᠤᠨ ᠶᠡᠷᠤᠩᠬᠡᠢ ᠳ᠋ᠤᠭᠠᠷᠯᠠᠯ 5 ᠵᠢᠯ ᠤᠨ ᠡᠮᠦᠨᠡᠬᠢ 62 | ᠳ᠋ᠤᠭᠠᠷ ᠲᠤ ᠤᠷᠤᠵᠥ ᠪᠠᠶᠢᠭᠰᠠᠠ ᠠᠴᠠ ᠳᠡᠭᠡᠭᠰᠢᠯᠡᠭᠡᠳ ᠨᠢᠳᠤᠨᠤᠨ 7 ᠳ᠋ᠤᠭᠠᠷ ᠲᠤ ᠤᠷᠤᠵᠤ᠂ ᠦᠪᠡᠷᠲᠡᠭᠡᠨ ᠵᠠᠰᠠᠬᠤ | ᠤᠷᠤᠨ ᠤ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ᠂ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠢ | ᠬᠠᠮᠠᠭᠠᠯᠠᠬᠤ ᠳᠤ ᠢᠳᠡᠪᠬᠢ ᠬᠤᠪᠢ ᠨᠡᠮᠡᠷᠢ ᠦᠵᠡᠭᠦᠯᠵᠠᠢ᠃ ᠦᠪᠦᠷ ᠮᠤᠩᠭᠤᠯ ︽ᠱᠠᠯᠢᠭ ᠵᠠᠪᠬᠠᠢ ᠵᠦᠢᠯ ᠢ | ᠠᠷᠢᠯᠭᠠᠵᠤ ᠬᠠᠤᠯᠢ ᠪᠤᠰᠤ ᠬᠡᠪᠯᠡᠭᠳᠡᠭᠦᠨ ᠳᠤ ᠴᠤᠬᠢᠯᠲᠠ ᠦᠭᠬᠦ︾ ᠠᠵᠢᠯ ᠤᠨ ᠡᠷᠴᠢᠮ ᠢᠶᠠᠨ ᠤᠯᠠᠮ ᠴᠢᠨᠠᠭᠰᠢᠳᠠ | ᠴᠢᠩᠭᠠᠷᠠᠭᠤᠯᠵᠥ᠂ ᠠᠵᠢᠯ ᠤᠨ ᠦᠷ᠎ᠡ ᠪᠦᠲᠦᠮᠵᠢ ᠪᠠᠨ ᠦᠷᠭᠡᠳᠭᠡᠵᠤ᠂ ᠤᠳᠤᠬᠠᠨ ᠤ ᠶᠡᠭᠡ ᠰᠠᠶᠢᠬᠠᠨ ᠪᠠᠶᠢᠳᠠᠯ ᠢ | ᠪᠠᠬᠢᠵᠢᠭᠦᠯᠦᠨ ᠬᠦᠭᠵᠢᠭᠦᠯᠬᠦ ᠶᠢ ᠬᠦᠰᠡᠵᠤ ᠪᠠᠶᠢᠨ᠎ᠠ᠃ ᠪᠦᠬᠦ ᠤᠯᠤᠰ ᠤᠨ ︽ᠱᠠᠯᠢᠭ ᠵᠠᠪᠬᠠᠢ ᠵᠦᠢᠯ ᠢ ᠠᠷᠢᠯᠭᠠᠵᠤ | ᠬᠠᠤᠯᠢ ᠪᠤᠰᠤ ᠬᠡᠪᠯᠡᠭᠳᠡᠭᠦᠨ ᠳᠤ ᠴᠤᠬᠢᠯᠲᠠ ᠦᠭᠬᠦ︾ ᠠᠵᠢᠯ ᠤᠨ ᠳᠤᠭᠤᠢᠢᠯᠠᠩ ᠦᠪᠦᠷ ᠮᠤᠩᠭᠤᠯ ᠤᠨ ᠠᠵᠢᠯ ᠢ | ᠦᠷᠭᠦᠯᠵᠢᠯᠡᠨ ᠬᠠᠯᠠᠮᠵᠢᠯᠠᠵᠤ᠂ ᠬᠦᠴᠦᠳᠠᠢ ᠳᠡᠮᠵᠢᠨ᠎ᠠ ᠭᠡᠪᠡ᠃ ᠤᠯᠤᠰ ᠤᠨ ᠰᠤᠨᠢᠨ ᠮᠡᠳᠡᠭᠡ ᠬᠡᠪᠯᠡᠯ ᠷᠠᠳᠢᠣ᠋ | ᠲᠧᠯᠸᠢᠰ ᠤᠨ ᠶᠡᠷᠤᠩᠬᠡᠢ ᠲᠤᠪᠴᠢᠶ᠎ᠠ ᠶᠢᠨ ᠳᠡᠳ᠋ ᠳᠠᠷᠤᠭ᠎ᠠ᠂ ᠪᠦᠬᠦ ᠤᠯᠤᠰ ᠤᠨ ︽ᠱᠠᠯᠢᠭ ᠵᠠᠪᠬᠠᠢ ᠵᠦᠢᠯ ᠢ | ᠠᠷᠢᠯᠭᠠᠵᠤ ᠬᠠᠤᠯᠢ ᠪᠤᠰᠤ ᠬᠡᠪᠯᠡᠭᠳᠡᠭᠦᠨ ᠳᠤ ᠴᠤᠬᠢᠯᠲᠠ ᠦᠭᠬᠦ︾ ᠠᠵᠢᠯ ᠤᠨ ᠳᠤᠭᠤᠢᠢᠯᠠᠩ ᠤᠨ ᠳᠡᠳ᠋ ᠳᠠᠷᠤᠭ᠎ᠠ᠂ | ᠠᠯᠪᠠᠨ ᠭᠡᠷ ᠤᠨ ᠡᠷᠬᠢᠯᠡᠭᠴᠢ ᠦ᠋ ᠱᠠᠩ ᡁᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ︽ᠱᠠᠯᠢᠭ | ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠭᠦᠨ ᠳᠤ ᠴᠤᠬᠢᠯᠲᠠ ᠦᠭᠬᠦ︾ ᠠᠵᠢᠯ ᠤᠨ ᠤᠳᠤᠷᠢᠳᠬᠤ | ᠳᠤᠭᠤᠢᠢᠯᠠᠩ ᠤᠨ ᠳᠠᠷᠤᠭ᠎ᠠ ᠤᠯᠠᠭᠠᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠶᠤᠸᠠᠨ ᠵᠦᠩ ᠠᠭᠤᠯᠵᠠᠯᠲᠠ ᠳᠤ ᠤᠷᠤᠯᠴᠠᠵᠠᠢ᠃ |