ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ︽ᠵᠡᠭᠦᠨ ᠬᠤᠶᠢᠲᠤ ᠣᠷᠣᠨ | ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ | ᠠᠬᠢᠭᠤᠯᠬᠤ ᠭᠤᠷᠪᠠᠨ ᠵᠢᠯ ᠤᠨ ᠡᠷᠭᠢᠯᠳᠦᠭᠦᠯᠬᠦ ᠬᠡᠷᠡᠭᠵᠢᠭᠦᠯᠦᠯᠲᠡ ᠶᠢᠨ ᠲᠥᠰᠦᠯ ︵2016-2018 ᠤᠨ︶︾ | ᠪᠣᠯᠤᠨ ︽ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ | ᠮᠠᠨᠳᠤᠭᠤᠯᠬᠤ ᠶᠢ ᠲᠦᠯᠬᠢᠨ ᠠᠬᠢᠭᠤᠯᠬᠤ ᠭᠤᠷᠪᠠᠨ ᠵᠢᠯ ᠤᠨ ᠡᠷᠭᠢᠯᠳᠦᠭᠦᠯᠬᠦ ᠭᠤᠣᠯᠳᠠᠯᠭ᠎ᠠ ᠲᠠᠢ ᠲᠦᠯᠬᠢᠨ | ᠠᠬᠢᠭᠤᠯᠬᠤ ᠲᠦᠷᠦᠯ ᠵᠦᠢᠯ ︵2016-2018 ᠤᠨ︶︾ ᠢ ᠳᠠᠷᠤᠮᠠᠯᠯᠠᠨ ᠲᠠᠷᠬᠠᠭᠠᠪᠠ᠃ ᠭᠤᠷᠪᠠᠨ ᠵᠢᠯ ᠤᠨ | ᠡᠷᠭᠢᠯᠳᠦᠭᠦᠯᠬᠦ ᠭᠤᠣᠯᠳᠠᠯᠭ᠎ᠠ ᠲᠠᠢ ᠲᠦᠯᠬᠢᠨ ᠠᠬᠢᠭᠤᠯᠬᠤ ᠲᠦᠷᠦᠯ ᠵᠦᠢᠯ ᠳᠤ ᠵᠡᠭᠦᠨ ᠬᠤᠶᠢᠲᠤ ᠣᠷᠣᠨ ᠤ | ᠤᠶᠢᠷ᠎ᠠ ᠶᠢᠨ 3 ᠵᠢᠯ ᠳᠤ ᠭᠤᠣᠯᠳᠠᠯᠭ᠎ᠠ ᠲᠠᠢ ᠲᠦᠯᠬᠢᠨ ᠠᠬᠢᠭᠤᠯᠬᠤ ᠲᠦᠷᠦᠯ ᠵᠦᠢᠯ ᠢ ᠨᠡᠶᠢᠲᠡ 127 ᠶᠢ | ᠵᠢᠭᠰᠠᠭᠠᠵᠤ᠂ ᠡᠭᠦᠨ ᠳᠤ ᠮᠠᠨ ᠤ ᠤᠷᠤᠨ ᠲᠠᠢ ᠬᠤᠯᠪᠣᠭᠳᠠᠬᠤ ᠲᠦᠷᠦᠯ ᠵᠦᠢᠯ ᠨᠡᠶᠢᠲᠡ 29 ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠡᠨᠡ ᠬᠦ 29 ᠲᠥᠷᠥᠯ ᠵᠦᠢᠯ ᠢ ᠵᠢᠯ ᠤᠨ ᠡᠭᠦᠷᠭᠡ ᠪᠠᠷ ᠨᠢ ᠬᠤᠪᠢᠶᠠᠷᠢᠯᠠᠪᠠᠯ᠄ | 2016 ᠣᠨ ᠳᠤ 8 ᠲᠦᠷᠦᠯ ᠵᠦᠢᠯ ᠢ ᠲᠦᠯᠬᠢᠨ ᠠᠬᠢᠭᠤᠯᠵᠤ᠂ 2017 ᠣᠨ ᠳᠤ 13 ᠲᠦᠷᠦᠯ ᠵᠦᠢᠯ ᠢ | ᠲᠦᠯᠬᠢᠨ ᠠᠬᠢᠭᠤᠯᠵᠤ᠂ 2018 ᠣᠨ ᠳᠤ 8 ᠲᠦᠷᠦᠯ ᠵᠦᠢᠯ ᠢ ᠲᠦᠯᠬᠢᠨ ᠠᠬᠢᠭᠤᠯᠤᠨ᠎ᠠ᠃ ᠬᠦᠷᠢᠶ᠎ᠡ | ᠬᠡᠪᠴᠢᠶ᠎ᠡ ᠪᠠᠷ ᠨᠢ ᠬᠤᠪᠢᠶᠠᠷᠢᠯᠠᠪᠠᠯ᠄ ᠲᠡᠮᠦᠷ ᠵᠠᠮ ᠤᠨ ᠲᠦᠷᠦᠯ ᠵᠦᠢᠯ 10᠂ ᠵᠠᠰᠠᠮᠠᠯ ᠵᠠᠮ ᠤᠨ ᠲᠥᠷᠥᠯ ᠵᠦᠢᠯ | 10᠂ ᠨᠢᠰᠬᠡᠯ ᠤᠨ ᠪᠠᠭᠤᠳᠠᠯ ᠤᠨ ᠲᠥᠷᠥᠯ ᠵᠦᠢᠯ 3᠂ ᠡᠨᠧᠷᠭᠢ ᠶᠢᠨ ᠲᠦᠷᠦᠯ ᠵᠦᠢᠯ 5᠂ ᠤᠰᠤᠨ | ᠠᠰᠢᠭᠯᠠᠯᠲᠠ ᠶᠢᠨ ᠲᠥᠷᠥᠯ ᠵᠦᠢᠯ 1 ᠪᠠᠶᠢᠨ᠎ᠠ᠃ 29 ᠲᠦᠷᠦᠯ ᠵᠦᠢᠯ ᠤᠨ ᠬᠤᠯᠪᠣᠭᠳᠠᠬᠤ ᠶᠡᠷᠦᠩᠬᠡᠶ ᠪᠡᠯᠡ | ᠣᠷᠣᠭᠤᠯᠤᠯᠲᠠ ︵ᠥᠪᠥᠷ ᠮᠣᠩᠭᠤᠯ ᠤᠨ ᠬᠢᠯᠢ ᠳᠣᠲᠣᠷᠠᠬᠢ︶ ᠨᠡᠶᠢᠳᠡ 1498.8 ᠳ᠋ᠦᠩᠰᠢᠭᠤᠷ ᠲᠥᠭᠦᠷᠢᠭ | ᠪᠤᠯᠤᠨ᠎ᠠ᠂ ᠲᠦᠷᠦᠯ ᠵᠦᠢᠯ ᠤᠨ ᠠᠬᠢᠭᠤᠯᠤᠯᠲᠠ ᠨᠢ ᠵᠡᠭᠦᠨ ᠬᠡᠰᠡᠭ ᠤᠨ ᠠᠶᠢᠮᠠᠭ ᠬᠤᠳᠠ ᠶᠢᠨ ᠰᠠᠭᠤᠷᠢ | ᠪᠡᠯᠡᠳᠬᠡᠮᠵᠢ ᠶᠢ ᠪᠦᠷᠢᠨᠰᠢᠭᠦᠯᠬᠦ ᠪᠠ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ | ᠦᠵᠡᠭᠦᠯᠬᠦ ᠪᠤᠯᠤᠨ᠎ᠠ᠃ | ᠡᠭᠦᠨ ᠠᠴᠠ ᠭᠠᠳᠠᠨ᠎ᠠ᠂ ᠭᠤᠷᠪᠠᠨ ᠵᠢᠯ ᠤᠨ ᠡᠷᠭᠢᠯᠳᠦᠭᠦᠯᠬᠦ ᠬᠡᠷᠡᠭᠵᠢᠭᠦᠯᠦᠯᠲᠡ ᠶᠢᠨ ᠲᠥᠰᠦᠯ ᠨᠢ ︽ᠵᠡᠭᠦᠨ | ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ ᠲᠦᠷᠦ ᠶᠢᠨ | ᠶᠠᠪᠤᠳᠠᠯ ᠤᠨ ᠬᠤᠷᠢᠶᠠᠨ ᠤ ᠰᠠᠨᠠᠯ ᠤᠳ︾ ᠪᠤᠯᠤᠨ ︽ᠲᠦᠷᠦ ᠶᠢᠨ ᠶᠠᠪᠤᠳᠠᠯ ᠤᠨ ᠬᠤᠷᠢᠶᠠᠨ ᠤ ᠤᠢᠢᠷ᠎ᠠ ᠶᠢᠨ | ᠬᠤᠭᠤᠴᠠᠭᠠᠨ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠴᠢᠬᠤᠯᠠ ᠶᠡᠭᠡ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠶ ᠰᠠᠨᠠᠯ ᠤᠳ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠲᠠᠢ ᠨᠢᠭᠲᠠ ᠤᠶᠠᠯᠳᠤᠭᠤᠯᠵᠤ᠂ ︽ᠪᠠᠶᠢᠭᠤᠯᠤᠯ ᠤᠨ ᠲᠣᠭᠲᠠᠴᠠ ᠶᠢ ᠬᠦᠴᠦᠯᠡᠨ ᠪᠦᠷᠢᠨᠰᠢᠭᠦᠯᠬᠦ᠂ ᠪᠦᠲᠦᠴᠡ ᠶᠢᠨ | ᠲᠤᠬᠢᠷᠠᠭᠤᠯᠤᠯᠲᠠ ᠶᠢ ᠬᠦᠴᠦᠯᠡᠨ ᠠᠬᠢᠭᠤᠯᠬᠤ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠶᠢ ᠬᠦᠴᠦᠯᠡᠨ | ᠵᠤᠷᠢᠭᠵᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠦᠴᠦ ᠲᠠᠯᠪᠢᠨ ᠪᠠᠲᠤᠯᠠᠬᠤ︾ ᠳᠥᠷᠪᠡᠨ ᠶᠡᠭᠡ | ᠭᠤᠤᠯ ᠡᠭᠦᠷᠭᠡ ᠶᠢᠨ ᠲᠤᠭᠤᠷᠢᠨ ᠳᠤ᠂ ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ | ᠰᠠᠭᠤᠷᠢᠨ ᠭᠠᠵᠠᠷ ᠤᠨ ᠬᠥᠭᠵᠢᠭᠦᠯᠦᠨ ᠮᠠᠨᠳᠤᠭᠤᠯᠬᠤ ᠳᠤ ᠲᠦᠯᠬᠢᠨ ᠠᠬᠢᠭᠤᠯᠬᠤ ᠴᠢᠬᠤᠯᠠᠲᠠᠢ 137 | ᠭᠤᠣᠯᠳᠠᠯᠭ᠎ᠠ ᠲᠠᠢ ᠠᠵᠢᠯ ᠢ ᠵᠢᠯ ᠬᠤᠪᠢᠶᠠᠨ ᠲᠤᠳᠤᠷᠬᠠᠶᠢᠯᠠᠵᠡᠢ᠂ ᠡᠭᠦᠨ ᠳᠤ 2016 ᠣᠨ ᠳᠤ 85 ᠵᠦᠢᠯ᠂ | 2017 ᠣᠨ ᠳᠤ 36 ᠵᠦᠢᠯ᠂ 2018 ᠣᠨ ᠤ 16 ᠵᠦᠢᠯ ᠢ ᠠᠬᠢᠭᠤᠯᠬᠤ ᠪᠤᠯᠤᠨ᠎ᠠ᠃ 137 | ᠭᠤᠣᠯᠳᠠᠯᠭ᠎ᠠ ᠲᠠᠢ ᠠᠵᠢᠯ ᠨᠢ ᠵᠡᠭᠦᠨ ᠬᠡᠰᠡᠭ ᠠᠶᠢᠮᠠᠭ ᠬᠤᠳᠠ ᠶᠢᠨ ᠳᠠᠷᠠᠭᠠᠴᠢ ᠶᠢᠨ ᠠᠯᠬᠤᠮ ᠤᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠤᠯᠤᠨ᠎ᠠ᠃ |