ᠥᠪᠥᠷ ᠮᠣᠩᠭᠤᠯ ᠤᠨ ᠡᠳ᠋ ᠤᠨ ᠵᠠᠰᠠᠭ 3.2 ᠳ᠋ᠦᠩᠰᠢᠭᠤᠷ ᠲᠥᠭᠦᠷᠢᠭ ᠪᠡᠯᠡ ᠮᠥᠩᠭᠦ ᠶᠢ ᠪᠠᠴᠢᠮ ᠪᠠᠭᠤᠯᠭᠠᠨ ᠵᠡᠭᠦᠨ ᠬᠡᠰᠡᠭ ᠤᠨ ᠠᠶᠢᠮᠠᠭ ᠬᠤᠲᠠ ᠶᠢᠨ ᠭᠠᠩ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠳᠤ ᠳᠡᠮᠵᠢᠯᠭᠡ ᠦᠵᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2016/9/6
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 3.2 ᠳ᠋ᠦᠩᠰᠢᠭᠤᠷ ᠲᠥᠭᠦᠷᠢᠭ ᠪᠡᠯᠡ ᠮᠥᠩᠭᠦ ᠶᠢ ᠪᠠᠴᠢᠮ ᠪᠠᠭᠤᠯᠭᠠᠨ ᠵᠡᠭᠦᠨ ᠬᠡᠰᠡᠭ ᠤᠨ ᠠᠶᠢᠮᠠᠭ ᠬᠤᠲᠠ ᠶᠢᠨ ᠭᠠᠩ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠳᠤ ᠳᠡᠮᠵᠢᠭᠡ ᠦᠵᠡᠭᠦᠯᠵᠦ ᠪᠠᠶᠢᠨ᠎ᠠ᠃ ᠡᠨᠡ ᠵᠤᠨ ᠠᠴᠠ ᠨᠠᠰᠢ᠂ ᠮᠠᠨ ᠤ ᠤᠷᠤᠨ ᠤ ᠵᠡᠭᠦᠨ ᠬᠡᠰᠡᠭ ᠤᠨ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠲᠤ ᠬᠦᠨᠳᠦ ᠨᠣᠴᠢᠲᠠᠶ ᠠᠭᠠᠬᠢᠮ᠎ᠠ ᠬᠠᠯᠠᠭᠤᠨ ᠪᠣᠯᠤᠭᠰᠠᠨ ᠪᠠ ᠭᠠᠩ ᠬᠠᠭᠰᠠᠷᠠᠭᠠᠨ ᠪᠣᠯᠵᠤ᠂ 1643 ᠲᠦᠮᠡᠨ ᠮᠦ ᠲᠠᠷᠢᠶᠠᠨ ᠭᠠᠵᠠᠷ᠂ 2.25 ᠳ᠋ᠦᠩᠰᠢᠭᠤᠷ ᠮᠦ ᠡᠪᠡᠰᠦ ᠪᠡᠯᠴᠢᠭᠡᠷ ᠭᠠᠮᠰᠢᠭᠳᠠᠵᠤ᠂ ᠤᠶᠢᠷ᠎ᠠ ᠶᠢᠨ ᠵᠢᠯ ᠳᠤ ᠬᠤᠪᠣᠷ ᠲᠣᠬᠢᠶᠠᠯᠳᠤᠭᠰᠠᠨ ᠬᠦᠷᠢᠶ᠎ᠡ ᠬᠡᠪᠴᠢᠶ᠎ᠡ ᠪᠠᠷ ᠥᠷᠭᠡᠨ᠂ ᠬᠦᠨᠦᠭᠡᠯ ᠢᠶᠠᠷ ᠶᠡᠭᠡ ᠭᠠᠮᠰᠢᠭ ᠪᠣᠯᠪᠠ᠃ ᠭᠠᠩ ᠬᠠᠭᠰᠠᠷᠠᠭᠠᠨ ᠤ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠢᠭᠦᠯᠡᠭᠴᠢ ᠶᠢᠨ ᠠᠯᠪᠠᠨ ᠠᠵᠢᠯ ᠤᠨ ᠬᠤᠷᠠᠯ ᠢ ᠪᠠᠴᠢᠮ ᠬᠤᠷᠠᠯᠳᠤᠭᠤᠯᠵᠤ ᠭᠠᠩ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠲᠤᠰᠬᠠᠢ ᠰᠡᠳᠦᠪ ᠢᠶᠠᠷ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠯᠪᠠᠨ ᠠᠵᠢᠯ ᠤᠨ ᠬᠤᠷᠠᠯ ᠤᠨ ᠵᠥᠪᠳᠡᠨ ᠲᠣᠭᠲᠠᠭᠠᠭᠰᠠᠨ ᠶᠣᠰᠣᠭᠠᠷ᠂ ᠪᠠᠴᠢᠮ ᠶᠠᠪᠤᠳᠠᠯ ᠢ ᠪᠠᠴᠢᠮ ᠰᠢᠢᠳᠪᠦᠷᠢᠯᠡᠵᠦ᠂ ᠣᠨᠴᠠᠭᠠᠶ ᠬᠡᠷᠡᠭ ᠢ ᠣᠨᠴᠠᠭᠠᠶ ᠪᠠᠷ ᠰᠢᠢᠳᠪᠦᠷᠢᠯᠡᠬᠦ ᠵᠠᠷᠴᠢᠮ ᠢ ᠪᠠᠷᠢᠮᠳᠠᠯᠠᠨ᠂ ᠲᠡᠷᠢᠭᠦᠯᠡᠭᠴᠢ ᠶᠢᠨ ᠪᠡᠯᠡᠳᠬᠡᠯ ᠵᠠᠷᠤᠳᠠᠯ ᠤᠨ 3.2 ᠳ᠋ᠦᠩᠰᠢᠭᠤᠷ ᠲᠥᠭᠦᠷᠢᠭ ᠢ ᠬᠤᠶᠠᠷ ᠬᠤᠪᠢᠶᠠᠨ ᠪᠠᠴᠢᠮ ᠪᠠᠭᠤᠯᠭᠠᠨ ᠵᠡᠭᠦᠨ ᠬᠡᠰᠡᠭ ᠤᠨ ᠭᠠᠵᠠᠷ ᠣᠷᠣᠨ ᠤ ᠭᠠᠩ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠳᠡᠮᠵᠢᠪᠡ᠃ ᠡᠭᠦᠨ ᠳᠤ᠂ ᠭᠠᠩ ᠲᠠᠢ ᠲᠡᠮᠡᠴᠡᠨ ᠭᠠᠮᠰᠢᠭ ᠠᠴᠠ ᠠᠪᠤᠷᠠᠬᠤ ᠵᠠᠷᠤᠳᠠᠯ ᠢ 2.9 ᠳ᠋ᠦᠩᠰᠢᠭᠤᠷ ᠲᠦᠭᠦᠷᠢᠭ ᠪᠠᠭᠤᠯᠭᠠᠵᠤ ᠬᠦᠨᠳᠦ ᠨᠣᠴᠢᠲᠠᠶ ᠭᠠᠮᠰᠢᠭᠳᠠᠭᠰᠠᠨ ᠬᠥᠯᠥᠨ ᠪᠤᠶᠢᠷ ᠬᠤᠲᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ ᠬᠢᠩᠭᠠᠨ ᠠᠶᠢᠮᠠᠭ᠂ ᠲᠦᠩᠯᠢᠶᠣᠤ ᠬᠤᠳᠠ ᠳᠤ ᠳᠡᠮᠵᠢᠯᠭᠡ ᠦᠵᠡᠭᠦᠯᠵᠦ᠂ ᠭᠤᠣᠯᠳᠠᠭᠤ ᠡᠪᠡᠰᠦ ᠪᠣᠷᠳᠤᠭ᠎ᠠ ᠰᠢᠯᠵᠢᠭᠦᠯᠦᠨ ᠵᠦᠭᠡᠭᠡᠪᠦᠷᠢᠯᠡᠬᠦ᠂ ᠬᠥᠮᠦᠨ ᠮᠠᠯ ᠤᠨ ᠤᠤᠭᠤᠬᠤ ᠤᠰᠤᠨ ᠤ ᠨᠥᠬᠦᠪᠥᠷᠢ ᠪᠠ ᠤᠰᠤᠨ ᠬᠤᠳᠳᠤᠭ ᠢ ᠵᠠᠰᠠᠨ ᠰᠡᠷᠭᠦᠭᠡᠬᠦ ᠨᠦᠬᠦᠪᠦᠷᠢ ᠳᠤ ᠬᠡᠷᠡᠭᠯᠡᠭᠦᠯᠪᠡ︔ ᠠᠷᠠᠳ ᠤᠨ ᠶᠠᠪᠤᠳᠠᠯ ᠤᠨ ᠭᠠᠮᠰᠢᠭ ᠠᠴᠠ ᠠᠪᠤᠷᠠᠬᠤ ᠵᠠᠷᠤᠳᠠᠯ ᠢ 3000 ᠲᠦᠮᠡᠨ ᠲᠥᠭᠦᠷᠢᠭ ᠲᠣᠬᠢᠷᠠᠭᠤᠯᠵᠤ᠂ ᠭᠤᠣᠯᠳᠠᠭᠤ ᠤᠯᠠᠭᠠᠨᠬᠠᠳᠠ ᠬᠤᠳᠠ᠂ ᠬᠥᠯᠥᠨ ᠪᠤᠶᠢᠷ ᠬᠤᠳᠠ᠂ ᠲᠦᠩᠯᠢᠶᠣᠤ ᠬᠤᠳᠠ ᠶᠢᠨ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠨᠦᠬᠦᠪᠦᠷᠢ ᠳᠤ ᠬᠡᠷᠡᠭᠯᠡᠭᠦᠯᠪᠡ᠃ ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠠᠴᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠪᠡᠯᠡ ᠮᠦᠩᠭᠦ ᠶᠢ ᠴᠠᠭ ᠲᠤᠬᠠᠶ ᠳᠤᠨᠢ ᠲᠣᠬᠢᠷᠠᠭᠤᠯᠤᠨ ᠥᠭᠴᠦ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号