ᠪᠦᠬᠦ ᠣᠷᠣᠨ ᠤ ᠳᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ ᠡᠭᠦᠳᠦᠨ ᠪᠠᠶᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠲᠦᠩᠯᠢᠶᠣᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/9/7
     9 ᠳ᠋ᠤᠬᠡᠷ ᠰᠠᠷ᠎ᠠ ᠶᠢᠨ 3᠎ ᠤ ᠡᠳᠦᠷ ᠠᠴᠠ 4᠎ ᠤ ᠡᠳᠦᠷ ᠪᠤᠯᠲᠠᠯ᠎ᠠ᠂ ᠪᠥᠬᠦ ᠣᠷᠣᠨ ᠤ ᠳᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ ᠡᠭᠦᠳᠦᠨ ᠪᠠᠶᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠲᠦᠩᠯᠢᠶᠣᠤ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ    ᠵᠠᠩ ᠷᠦᠢ ᠬᠤᠸᠠᠢ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠤᠪᠴᠢᠶ᠎ᠠ ᠶᠢᠨ ᠳᠠᠷᠤᠭ᠎ᠠ ᠸᠧᠶ ᠬᠦᠸᠧ ᠨᠠᠨ᠂ ᠲᠣᠭᠤᠷᠢᠨ ᠪᠠᠶᠢᠴᠠᠭᠠᠭᠴᠢ ᠪᠠᠢ ᠸᠧᠢ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠹᠸᠡᠭ ᠬᠤᠷᠠᠯ ᠳᠤ ᠣᠷᠣᠯᠴᠠᠪᠠ᠃      9 ᠳ᠋ᠤᠭᠡᠷ ᠰᠠᠷ᠎ᠠ ᠶᠢᠨ 3᠎ ᠤ ᠡᠳᠦᠷ᠂ ᠡᠯ᠎ᠡ ᠠᠶᠢᠮᠠᠭ ᠬᠤᠳᠠ ᠶᠢᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠦᠩᠯᠢᠶᠣᠤ ᠬᠤᠳᠠ ᠶᠢᠨ ᠬᠤᠷᠴᠢᠨ ᠤ 500 ᠺᠢᠯᠣᠮᠧᠲᠷ ᠤᠨ ᠦᠵᠡᠮᠵᠢᠲᠦ ᠳᠠᠷᠳᠠᠩ ᠵᠠᠮ ᠤᠨ ᠬᠤᠪᠢ ᠶᠢᠨ ᠮᠠᠰᠢᠨ ᠢᠶᠠᠷ ᠵᠢᠭᠤᠯᠴᠢᠯᠠᠬᠤ ᠦᠢᠯᠡᠴᠢᠯᠡᠭᠡᠨ ᠤ ᠰᠢᠰᠲ᠋ᠧᠮ ᠳᠠᠬᠢ ᠬᠤᠷᠴᠢᠨ ᠲᠣᠭᠤᠷᠢᠭ ᠤᠨ ᠮᠤᠷᠤᠶ ᠶᠢᠨ ᠰᠦᠮ᠎ᠡ᠂ ᠬᠤᠷᠴᠢᠨ ᠵᠷᠬᠦᠨ ᠭᠠᠷᠤᠨ ᠬᠤᠶᠢᠲᠤ ᠬᠤᠰᠢᠭᠤ ᠶᠢᠨ ᠬᠤᠶᠢᠲᠤ ᠭᠠᠨᠵᠤᠭ᠎ᠠ᠂ ᠬᠦᠷᠢᠶ᠎ᠡ ᠬᠤᠰᠢᠭᠤ ᠶᠢᠨ ᠶᠢᠨ ᠱᠠ ᠸᠠᠨ ᠪᠤᠯᠤᠨ ᠨᠠᠢᠮᠠᠨ ᠬᠤᠰᠢᠭᠤ ᠶᠢᠨ ᠪᠤᠭᠤᠲᠤ ᠵᠡᠷᠭᠡ ᠬᠤᠪᠢ ᠶᠢᠨ ᠮᠠᠰᠢᠨ ᠢᠶᠠᠷ ᠬᠡᠭᠡᠷ᠎ᠡ ᠪᠠᠭᠤᠳᠠᠯᠯᠠᠬᠤ 4 ᠭᠠᠵᠠᠷ ᠲᠤ ᠲᠤᠭᠤᠷᠢᠨ ᠦᠵᠡᠭᠰᠡᠨ ᠤ ᠬᠠᠮᠲᠤ ᠬᠤᠪᠢ ᠶᠢᠨ ᠮᠠᠰᠢᠨ ᠢᠶᠠᠷ ᠬᠡᠭᠡᠷ᠎ᠡ ᠪᠠᠭᠤᠳᠠᠯᠯᠠᠬᠤ ᠭᠠᠵᠠᠷ ᠤᠨ ᠪᠦ᠋ᠳᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠭᠦᠨᠵᠡᠭᠡᠶ ᠰᠤᠯᠢᠯᠴᠠᠪᠠ᠃      ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠤᠪᠴᠢᠶ᠎ᠠ ᠶᠢᠨ ᠳᠠᠷᠤᠭ᠎ᠠ ᠸᠧᠶ ᠬᠦᠸᠧ ᠨᠠᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠲᠦᠩᠯᠢᠶᠣᠤ ᠬᠤᠲᠠ ᠶᠢᠨ ᠦᠵᠡᠮᠵᠢᠲᠤ ᠳᠠᠷᠳᠠᠩ ᠵᠠᠮ ᠤᠨ ᠪᠦᠳᠦᠭᠡᠨ ᠪᠠᠶᠢᠭᠤᠯᠤᠯᠲᠠ ᠨᠢ ᠪᠦᠬᠦ ᠣᠷᠣᠨ ᠤ ᠡᠮᠦᠨ᠎ᠡ ᠡᠩᠨᠡᠭᠡᠨ ᠳᠤ ᠤᠷᠤᠭᠰᠠᠨ ᠶᠠᠪᠤᠳᠠᠯ ᠨᠢ ᠭᠤᠤᠯᠳᠠᠭᠤ ᠳᠣᠣᠷᠠᠬᠢ ᠲᠦᠷᠪᠡᠨ ᠲᠠᠯ᠎ᠠ ᠳᠤ ᠪᠤᠢ᠄ ᠨᠢᠭᠡ ᠳᠤ ᠵᠠᠰᠠᠭ ᠤᠨ ᠣᠷᠳᠣᠨ ᠨᠢ ᠭᠤᠤᠯᠯᠠᠵᠠᠢ᠃ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠨᠠᠷ ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠠᠴᠠ ᠬᠤᠷᠴᠢᠨ ᠤ 500 ᠺᠢᠯᠣᠮᠧᠲᠷ ᠤᠨ ᠦᠵᠡᠮᠵᠢᠲᠦ ᠳᠠᠷᠳᠠᠩ ᠵᠠᠮ ᠤᠨ ᠡᠨᠡᠬᠦ ᠰᠠᠶᠢᠨ ᠲᠥᠯᠥᠪᠵᠢᠭᠦᠯᠭᠡ ᠶᠢ ᠰᠠᠶ᠋ᠢ ᠨᠠᠶᠢᠳᠠᠪᠤᠷᠢᠵᠢᠭᠤᠯᠵᠤ ᠴᠢᠳᠠᠵᠠᠢ᠃ ᠬᠤᠶᠠᠷ ᠲᠤ ᠬᠦᠮᠦᠨ ᠤ ᠭᠠᠷ ᠢᠶᠠᠷ ᠠᠵᠢᠯ ᠪᠦᠲᠦᠳᠡᠭ᠃ ᠲᠦᠩᠯᠢᠶᠣᠤ ᠬᠤᠳᠠ ᠵᠢᠭᠤᠯᠴᠢᠯᠠᠯ ᠤᠨ ᠪᠠᠶᠢᠭᠠᠯᠢᠯᠢᠭ ᠡᠬᠢ ᠪᠠᠶᠠᠯᠢᠭ ᠢᠶᠠᠷ ᠢᠶᠠᠨ ᠪᠥᠬᠦ ᠣᠷᠣᠨ ᠳᠤ ᠬᠠᠷᠢᠴᠠᠩᠭᠤᠶ ᠬᠤᠶᠢᠭᠤᠷ ᠵᠢᠭᠰᠠᠭᠳᠠᠵᠤ ᠪᠠᠶᠢᠭ᠎ᠠ ᠪᠤᠯᠪᠠᠴᠤ ᠬᠤᠷᠴᠢᠨ ᠤ 500 ᠺᠢᠯᠣᠮᠧᠲᠷ ᠤᠨ ᠦᠵᠡᠮᠵᠢᠲᠦ ᠳᠠᠷᠳᠠᠩ ᠵᠠᠮ ᠤᠨ ᠡᠨᠡᠬᠦ ᠲᠦᠷᠦᠯ ᠲᠡᠮᠳᠡᠭᠲᠦ ᠵᠠᠮ ᠱᠤᠭᠤᠮ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠠᠴᠠ ᠬᠤᠴᠣᠷᠤᠩᠭᠤᠶ ᠪᠠᠶᠢᠷᠢᠰᠢᠯ ᠢᠶᠠᠨ ᠬᠤᠪᠢᠷᠠᠭᠤᠯᠤᠭᠰᠠᠨ ᠪᠠᠶᠢᠨ᠎ᠠ᠂ ᠲᠦᠩᠯᠢᠶᠣᠤ ᠶᠢᠨ ᠡᠶᠢᠮᠦᠷᠬᠦ ᠨᠥᠬᠦᠴᠡᠯ ᠳᠤᠤᠷ᠎ᠠ ᠬᠢᠵᠦ ᠴᠢᠳᠠᠭᠰᠠᠨ ᠶᠠᠪᠤᠳᠠᠯ ᠢ ᠪᠤᠰᠤᠳ ᠠᠶᠢᠮᠠᠭ ᠬᠤᠲᠠ ᠴᠤ ᠬᠢᠬᠦ ᠪᠠᠷ ᠬᠦᠴᠦᠯᠡᠨ ᠴᠢᠷᠮᠠᠶᠢᠬᠤ ᠬᠡᠷᠡᠭᠲᠡᠶ᠃ ᠭᠤᠷᠪᠠ ᠳᠤ ᠶᠡᠷᠦᠩᠬᠡᠶᠢᠯᠡᠨ ᠲᠦᠯᠦᠪᠵᠢᠬᠦᠯᠵᠠᠢ᠃ ᠬᠤᠷᠴᠢᠨ ᠤ 500 ᠺᠢᠯᠣᠮᠧᠲᠷ ᠤᠨ ᠦᠵᠡᠮᠵᠢᠲᠦ ᠳᠠᠷᠳᠠᠩ ᠵᠠᠮ ᠨᠢ ᠲᠦᠡᠭᠯᠢᠶᠤᠤ ᠬᠤᠲᠠ ᠶᠢᠨ ᠶᠡᠬᠡᠩᠬᠢ ᠬᠡᠰᠡᠭ ᠵᠢᠭᠤᠯᠴᠢᠯᠠᠯ ᠤᠨ ᠡᠬᠢ ᠪᠠᠶᠠᠯᠢᠭ ᠢ ᠶᠡᠷᠦᠩᠬᠡᠶᠢᠯᠡᠵᠤ᠂ ᠠᠵᠤ ᠠᠬᠤᠶ ᠨᠡᠶᠢᠭᠡᠮ ᠤᠨ ᠡᠯ᠎ᠡ ᠲᠠᠯ᠎ᠠ ᠶᠢᠨ ᠨᠥᠬᠦᠴᠡᠯ ᠢ ᠨᠢᠭᠡᠳᠦᠯᠲᠡᠶ ᠲᠦᠯᠦᠪᠵᠢᠬᠦᠯᠦᠭᠰᠡᠨ ᠢᠶᠠᠷ ᠢᠶᠠᠨ ᠨᠢᠭᠡᠨ ᠶᠡᠷᠦᠩᠬᠡᠶᠢᠯᠡᠭᠰᠡᠨ ᠴᠢᠨᠠᠷᠲᠠᠶ ᠪᠤᠳᠤᠯᠬᠢᠯᠠᠯᠲᠠ ᠪᠤᠯᠵᠠᠢ᠃ ᠲᠦᠷᠪᠡ ᠳᠤ ᠲᠤᠶᠢᠯ ᠤᠨ ᠣᠨᠣᠪᠴᠢᠲᠠᠶ ᠡᠵᠡᠩᠨᠡᠨ ᠪᠤᠷᠤᠯᠠᠭᠤᠯᠵᠠᠢ᠃ ᠵᠡᠭᠦᠨ ᠬᠤᠶᠢᠲᠤ ᠣᠷᠣᠨ ᠤ ᠡᠨᠡ ᠬᠦ ᠵᠢᠭᠤᠯᠴᠢᠯᠠᠯ ᠤᠨ ᠵᠣᠴᠢᠳ ᠤᠨ ᠢᠷᠡᠯᠲᠡ ᠶᠢᠨ ᠲᠤᠮᠤ ᠵᠠᠬ᠎ᠠ ᠳᠡᠯᠭᠡᠭᠦᠷ ᠢ ᠤᠨᠤᠪᠴᠢᠲᠠᠢ ᠤᠨᠢᠯᠠᠵᠤ ᠴᠢᠳᠠᠭᠰᠠᠨ ᠪᠦᠭᠡᠳ ᠳᠦᠷᠦᠯ ᠲᠡᠮᠳᠡᠭᠲᠦ ᠵᠠᠮ ᠱᠤᠭᠤᠮ ᠢ ᠲᠤᠶᠢᠯ ᠤᠨ ᠤᠨᠤᠪᠴᠢᠲᠠᠢ ᠡᠵᠡᠩᠨᠡᠨ ᠪᠤᠷᠤᠯᠠᠭᠤᠯᠵᠤ᠂ ᠮᠠᠰᠢ ᠰᠠᠶᠢᠨ ᠦᠷ᠎ᠡ ᠪᠦᠲᠦᠮᠵᠢ ᠤᠯᠵᠠᠢ᠃ ᠡᠯ᠎ᠡ ᠠᠶᠢᠮᠠᠭ ᠬᠤᠲᠠ ᠨᠤᠭᠤᠳ ᠠᠵᠢᠯ ᠢᠶᠠᠨ ᠠᠬᠢᠭᠤᠯᠬᠤ ᠶᠠᠪᠤᠴᠠ ᠳᠠᠭᠠᠨ ᠲᠦᠩᠯᠢᠶᠣᠤ ᠬᠤᠲᠠ ᠶᠢᠨ ︽ᠵᠠᠰᠠᠭ ᠤᠨ ᠣᠷᠳᠣᠨ ᠭᠤᠤᠯᠯᠠᠬᠤ᠂ ᠬᠦᠮᠦᠨ ᠤ ᠭᠠᠷ ᠢᠶᠠᠷ ᠠᠵᠢᠯ ᠪᠦᠲᠦᠬᠦ᠂ ᠨᠢᠭᠡᠳᠦᠯᠲᠡᠶ ᠲᠥᠯᠥᠪᠯᠡᠨ ᠬᠠᠮᠢᠶᠠᠷᠬᠤ᠂ ᠲᠤᠶᠢᠯ ᠤᠨ ᠤᠨᠤᠪᠴᠢᠲᠠᠢ ᠡᠵᠡᠩᠨᠡᠨ ᠪᠣᠷᠣᠯᠠᠭᠤᠯᠬᠤ︾ ᠵᠡᠷᠭᠡ ᠠᠵᠢᠯ ᠢᠶᠠᠨ ᠳᠥᠯᠭᠢᠨ ᠠᠬᠢᠭᠤᠯᠬᠤ ᠵᠠᠭᠪᠤᠷᠰᠢᠯ ᠢ ᠭᠦᠢᠴᠡᠳ ᠲᠤᠯᠢᠳᠡᠠ᠂ ᠳᠦᠷᠦᠯ  ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠤᠨ ᠲᠦᠰᠦᠭᠡᠯᠡᠬᠦ᠂ ᠪᠦᠲᠦᠭᠡᠨ ᠪᠠᠶᠢᠭᠤᠯᠬᠤ᠂ ᠳᠡᠯᠭᠡᠷᠡᠬᠦᠯᠬᠦ ᠵᠡᠷᠭᠡ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠠᠢ ᠬᠡᠪᠡ᠃      ᠬᠤᠷᠠᠯ ᠨᠢ ᠪᠥᠬᠦ ᠣᠷᠣᠨ ᠤ ᠳᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ ᠡᠭᠦᠳᠦᠨ ᠪᠠᠶᠢᠭᠤᠯᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠴᠤ᠂ ᠡᠯ᠎ᠡ ᠠᠶᠢᠮᠠᠭ ᠬᠤᠳᠠ ᠨᠤᠭᠤᠳ ᠲᠤ ᠲᠠᠨᠢᠯᠲᠠ ᠪᠠᠨ ᠳᠡᠭᠡᠭᠰᠢᠯᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠪᠤᠯᠤᠨ ᠬᠦᠷᠦᠯᠴᠡᠬᠦ ᠦᠭᠡᠢ ᠲᠠᠯ᠎ᠠ ᠳᠠᠭᠠᠨ ᠵᠥᠪ ᠬᠠᠨᠳᠤᠵᠤ᠂ ᠳᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ ᠡᠭᠦᠳᠦᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠪᠤᠯᠤᠨ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠳᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ ᠡᠭᠦᠳᠦᠨ ᠪᠠᠶᠢᠭᠤᠯᠬᠤ ᠠᠵᠢᠯ ᠢ ᠰᠢᠨ᠎ᠡ ᠨᠢᠭᠡ ᠳᠡᠭᠲᠡᠷ ᠲᠤ ᠭᠠᠷᠭᠠᠬᠤ ᠶᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠬᠤ ᠬᠡᠷᠡᠭᠲᠡᠶ ᠬᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号