ᠪᠦᠬᠦ ᠣᠷᠣᠨ ᠤ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠵᠢᠴᠢ ᠲᠥᠷᠥᠯ ᠵᠦᠢᠯ ᠤᠨ ᠵᠣᠯᠭᠠᠯᠲᠠ ᠶᠢ ᠠᠬᠢᠭᠤᠯᠬᠤ ᠵᠥᠪᠳᠡᠨ ᠶᠠᠷᠢᠯᠴᠠᠬᠤ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2016/9/7
     ᠣᠶᠢᠷ᠎ᠠ ᠳᠤ᠂ ᠪᠦᠬᠦ ᠣᠷᠣᠨ ᠤ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠵᠢᠴᠢ ᠲᠥᠷᠥᠯ ᠵᠦᠢᠯ ᠤᠨ ᠵᠣᠯᠭᠠᠯᠲᠠ ᠶᠢ ᠠᠬᠢᠭᠤᠯᠬᠤ ᠵᠥᠪᠳᠡᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠨᠢ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠦᠷᠦᠯ ᠵᠦᠢᠯ ᠢ ᠲᠠᠨᠢᠯᠴᠠᠭᠤᠯᠬᠤ᠂ ᠲᠥᠷᠥᠯ ᠵᠦᠢᠯ ᠢ ᠵᠦᠪᠳᠡᠨ ᠶᠠᠷᠢᠯᠴᠠᠬᠤ ᠪᠠ ᠲᠥᠷᠥᠯ ᠵᠦᠢᠯ ᠤᠨ ᠭᠡᠷ᠎ᠡ ᠲᠤᠭᠲᠠᠬᠤ ᠪᠠᠷ ᠭᠤᠣᠯ ᠠᠭᠤᠯᠭ᠎ᠠ ᠪᠠᠨ ᠪᠤᠯᠭᠠᠵᠤ᠂ ᠨᠡᠶᠢᠭᠡᠮ ᠤᠨ ᠬᠥᠷᠥᠩᠭᠡ ᠶᠢᠨ ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠤᠷᠤᠯᠴᠠᠬᠤ ᠶᠢ ᠲᠦᠯᠬᠢᠨ ᠠᠬᠢᠭᠤᠯᠵᠤ  ᠂ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠤᠷᠤᠭᠤᠯᠬᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠠᠳᠠᠭᠰᠢ ᠨᠡᠭᠡᠭᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠶᠡᠷᠥᠩᠭᠡᠶᠢᠯᠡᠭᠰᠨ ᠳᠠᠭᠠᠭᠠᠬᠤ ᠴᠢᠳᠠᠪᠤᠷᠢ ᠶᠢ ᠨᠡᠮᠡᠭᠳᠡᠭᠦᠯᠬᠦ ᠪᠠᠷ ᠵᠤᠷᠢᠯᠭ᠎ᠠ ᠪᠠᠨ ᠪᠤᠯᠭᠠᠵᠠᠢ᠃      ᠬᠤᠷᠠᠯ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᡁᠢ ᠮᠢᠨ ᠡᠷᠬᠢᠯᠡᠵᠦ᠂ ᠡᠯ᠎ᠡ ᠠᠶᠢᠮᠠᠭ ᠬᠤᠲᠠ ᠶᠢᠨ ᠤᠷᠤᠨ ᠰᠠᠭᠤᠴᠠ ᠪᠤᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠂ ᠤᠷᠢᠯᠭ᠎ᠠ ᠬᠦᠯᠢᠶᠡᠭᠰᠡᠨ ᠣᠷᠣᠨ ᠤ ᠳᠤᠲᠤᠭᠠᠳᠤ ᠭᠠᠳᠠᠭᠠᠳᠤ ᠶᠢᠨ 13 ᠨᠡᠷᠡᠲᠦ ᠠᠵᠤ ᠠᠬᠤᠶᠢᠯᠠᠯ ᠪᠠ 10 ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ ᠨᠠᠷ ᠬᠤᠷᠠᠯ ᠳᠤ ᠣᠷᠣᠯᠴᠠᠵᠠᠶ᠃ ᠬᠤᠷᠠᠯ ᠨᠢ ᠨᠡᠶᠢᠭᠡᠮ ᠨᠡᠶᠢᠲᠡ ᠳᠤ ᠨᠡᠶᠢᠲᠡ 307 ᠲᠦᠷᠦᠯ ᠵᠦᠢᠯ ᠢ ᠲᠠᠨᠢᠯᠴᠠᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ 863 ᠳ᠋ᠦᠩᠰᠢᠭᠤᠷ ᠲᠥᠭᠦᠷᠢᠭ ᠪᠤᠯᠵᠠᠢ᠃      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠢ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃ ᠴᠢᠨ ᠲᠢᠩᠬᠢᠮ ᠤᠨ ᠳᠠᠷᠤᠭ᠎ᠠ ᠪᠤᠰᠤᠳᠴᠢ ᠬᠠᠷᠠᠭᠠᠰᠤ᠂ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠪᠠᠷ ᠮᠠᠨ ᠤ ᠣᠷᠣᠨ ᠤ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ ᠢ ᠰᠢᠰᠲ᠋ᠧᠮ ᠲᠠᠢ ᠪᠠᠷ ᠵᠠᠳᠠᠯᠤᠨ ᠰᠢᠨᠵᠢᠯᠡᠬᠦ ᠶᠢᠨ ᠬᠠᠮᠲᠤ ᠮᠠᠨ ᠤ ᠣᠷᠣᠨ ᠤ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠢᠷᠡᠭᠡᠳᠦᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠴᠠᠶ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠣᠮᠫᠠᠨᠢ ᠵᠡᠷᠭᠡ 13 ᠠᠵᠤ ᠠᠬᠤᠶᠢᠯᠠᠯ᠂ ᠪᠤᠭᠤᠲᠤ ᠬᠤᠳᠠ ᠵᠡᠷᠭᠡ 2 ᠠᠶᠢᠮᠠᠭ ᠬᠤᠲᠠ ᠶᠢᠨ ᠲᠥᠯᠥᠭᠡᠯᠡᠭᠴᠢᠳ ᠲᠤᠰ ᠲᠤᠰ ᠲᠤᠬᠠᠶᠢᠯᠠᠭᠰᠠᠨ ᠠᠵᠢᠯ ᠢᠶᠠᠨ ᠲᠠᠨᠢᠯᠴᠠᠭᠤᠯᠤᠭᠰᠠᠨ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠢᠶᠠᠨ ᠲᠠᠨᠢᠯᠴᠠᠭᠤᠯᠪᠠ᠃ ᠬᠥᠬᠡᠬᠤᠲᠠ᠂ ᠪᠤᠭᠤᠲᠤ ᠬᠤᠳᠠ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ ᠲᠤᠰ ᠲᠤᠰ ᠳᠤᠮᠳᠠᠳᠤ ᠤᠯᠤᠰ ᠤᠨ ᠲᠡᠮᠦᠷᠯᠢᠭ ᠪᠣᠯᠪᠠᠰᠤᠷᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠲᠢᠶᠡᠠ ᠭᠦᠩ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠵᠡᠷᠭᠡ ᠠᠵᠤ ᠠᠬᠤᠶᠢᠯᠠᠯ ᠯᠤᠭ᠎ᠠ ᠬᠠᠮᠲᠤᠷᠠᠨ ᠠᠵᠢᠯᠯᠠᠬᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠤᠰᠤᠯᠠᠯ ᠶᠠᠪᠤᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号