ᠥᠪᠥᠷ ᠮᠣᠩᠭᠤᠯ᠄ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠵᠦᠢ ᠵᠤᠬᠢᠰ ᠦᠭᠡᠢ ᠳᠣᠣᠷ᠎ᠠ ᠦᠨ᠎ᠡ ᠪᠠᠷ ᠵᠢᠭᠤᠯᠴᠢᠯᠠᠭᠤᠯᠬᠤ ᠶᠢ ᠡᠷᠡᠰ ᠬᠤᠷᠢᠭᠯᠠᠵᠤ ᠪᠤᠢ
ᠨᠡᠶᠢᠲᠡᠯᠡᠭᠰᠡᠨ ᠴᠠᠭ᠄
2016/9/7
     ᠣᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠵᠢᠭᠤᠯᠴᠢᠯᠠᠯ ᠤᠨ ᠵᠠᠬ᠎ᠠ ᠳᠡᠯᠭᠡᠭᠦᠷ ᠢ ᠶᠡᠷᠦᠩᠬᠡᠶᠢᠯᠡᠨ ᠬᠢᠨᠠᠠ ᠬᠠᠮᠢᠶᠠᠷᠬᠤ ᠶᠢ ᠴᠢᠩᠭᠠᠳᠬᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠳᠤ ᠳᠤᠷᠠᠳᠤᠭᠰᠠᠨ ᠠᠵᠢᠯ ᠤᠨ ᠬᠠᠷᠠᠯᠲᠠ ᠳᠤ᠄ ︽ᠣᠳᠣᠬᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠢᠳᠪᠦᠷᠢᠯᠡᠵᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠰᠦᠪᠡᠭᠴᠢᠯᠡᠨ ᠰᠢᠢᠳᠪᠦᠷᠢᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠵᠢᠭᠤᠯᠴᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ︿ᠡᠬᠡ ᠤᠯᠤᠰ ᠤᠨ ᠤᠮᠠᠷᠠᠲᠤ ᠶᠢᠨ ᠦᠵᠡᠮᠵᠢᠲᠦ ᠰᠠᠶᠢᠬᠠᠨ ᠥᠪᠥᠷ ᠮᠣᠩᠭᠤᠯ﹀᠎ ᠤᠨ ᠰᠠᠶᠢᠨ ᠰᠠᠶᠢᠬᠠᠨ ᠵᠢᠭᠤᠯᠴᠢᠯᠠᠯ ᠤᠨ ᠲᠦᠷᠢ ᠲᠥᠷᠬᠦ ᠶᠢ ᠪᠦᠲᠦᠭᠡᠬᠦ ᠬᠡᠷᠡᠭᠲᠡᠢ︾ ᠭᠡᠵᠡᠢ᠃      ︽ᠰᠠᠨᠠᠯ︾᠎ ᠳᠤ᠂ ᠡᠯ᠎ᠡ ᠵᠢᠭᠤᠯᠴᠢᠯᠠᠯ ᠤᠨ ᠠᠵᠤ ᠠᠬᠤᠶᠢᠯᠠᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠡᠵᠡᠩᠨᠡᠯᠲᠡ ᠶᠢᠨ ᠦᠢᠯᠡᠴᠢᠯᠡᠭᠡᠨ ᠤ ᠥᠢᠯᠡ ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠵᠢᠷᠤᠮᠵᠢᠭᠤᠯᠬᠤ ᠬᠡᠷᠡᠭᠲᠡᠢ᠃ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ︽ᠵᠦᠢ ᠵᠤᠬᠢᠰ ᠦᠭᠡᠢ ᠳᠣᠣᠷ᠎ᠠ ᠦᠨ᠎ᠡ ᠪᠠᠷ ᠵᠢᠭᠤᠯᠴᠢᠯᠠᠭᠤᠯᠬᠤ︾᠎ ᠂ ᠠᠯᠪᠠᠳᠠᠯᠭ᠎ᠠ ᠪᠠᠷ ᠬᠤᠳᠠᠯᠳᠤᠨ ᠠᠪᠤᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠰᠦᠯᠵᠢᠶᠡᠨ ᠵᠢᠭᠤᠯᠴᠢᠯᠠᠯ ᠤᠨ ᠠᠵᠤ ᠠᠬᠤᠶᠢᠯᠠᠯ ᠤᠳ ᠲᠥᠪ ᠭᠤᠣᠯᠴᠢ ᠥᠷᠢᠰᠥᠯᠳᠦᠭᠡᠨ ᠤ ᠲᠦᠷᠢᠮ ᠢ ᠵᠢᠷᠤᠮᠯᠠᠨ ᠰᠠᠬᠢᠬᠤ ᠬᠡᠷᠡᠭᠲᠡᠶ᠃ ᠪᠠᠷᠠᠭ᠎ᠠ ᠬᠤᠳᠠᠯᠳᠤᠬᠤ ᠳᠡᠯᠭᠡᠭᠦᠷ ᠎ ᠤᠳ ᠬᠤᠳᠠᠯᠳᠤᠭᠠᠨ ᠤ ᠬᠡᠭᠡᠯᠢ ᠬᠠᠭ᠋ᠤᠤᠯᠢ ᠶᠢ ᠤᠬᠠᠮᠰᠠᠷ ᠠᠴᠠ ᠪᠠᠨ ᠬᠤᠷᠢᠭᠯᠠᠬᠤ ᠬᠡᠷᠡᠭᠲᠡᠢ᠃ ᠪᠠᠭᠤᠳᠠᠯ᠂ ᠦᠵᠡᠮᠵᠢ ᠶᠢᠨ ᠣᠷᠣᠨ᠂ ᠵᠠᠮ ᠲᠡᠭᠡᠭᠡᠪᠦᠷᠢ᠂ ᠢᠳᠡᠭᠡᠨ ᠤᠮᠳᠠᠭᠠᠨ ᠵᠡᠷᠭᠡ ᠶᠢᠨ ᠠᠵᠤ ᠠᠬᠤᠶᠢᠯᠠᠯ ᠤᠳ ᠵᠢᠭᠤᠯᠴᠢᠯᠠᠭᠴᠢᠳ ᠤᠨ ᠵᠢᠭᠤᠯᠴᠢᠯᠠᠯ ᠤᠨ ᠠᠮᠤᠷ ᠲᠦᠪᠰᠢᠨ ᠢ ᠪᠠᠲᠤᠯᠠᠵᠤ᠂ ᠦᠢᠯᠡᠴᠢᠯᠡᠭᠡ ᠶᠢᠨ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠵᠠᠬ᠎ᠠ ᠳᠡᠯᠭᠡᠭᠦᠷ ᠤᠨ ᠪᠡᠶᠡᠴᠢ ᠴᠣᠭᠴᠠ ︽ᠵᠢᠭᠤᠯᠴᠢᠯᠠᠭᠴᠢᠳ ᠢᠶᠠᠷ ᠦᠨᠳᠦᠰᠦ ᠪᠣᠯᠭᠠᠵᠤ᠂ ᠦᠨᠡᠨᠴᠢ ᠰᠢᠳᠤᠷᠭᠤ ᠪᠠᠷ ᠦᠢᠯᠡᠴᠢᠯᠡᠬᠦ︾ ᠵᠢᠭᠤᠯᠴᠢᠯᠠᠯ ᠤᠨ ᠠᠵᠢᠯ ᠲᠦᠷᠦᠯ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠶ ᠦᠢᠯᠡᠳᠦᠯᠭᠡᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠠᠵᠢᠯ ᠤᠨ ᠳᠤᠮᠳᠠ ᠦᠨᠡᠨᠴᠢ ᠢᠲᠡᠭᠡᠮᠵᠢᠲᠡᠶ ᠪᠠᠶᠢᠵᠤ᠂ ᠵᠣᠴᠢᠳ ᠲᠤ ᠶᠣᠰᠣ ᠮᠣᠷᠠᠯ ᠲᠠᠢ ᠪᠠᠷ ᠬᠠᠨᠳᠤᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠲᠤ ᠪᠠᠷ ᠬᠠᠮᠠᠭᠠᠯᠠᠵᠤ᠂ ᠵᠢᠭᠤᠯᠴᠢᠯᠠᠭᠴᠢᠳ ᠲᠤ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃      ︽ᠰᠠᠨᠠᠯ︾᠎ ᠳᠤ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠲᠦᠷᠦᠭᠦᠯᠡᠨ ᠬᠠᠷᠢᠭᠤᠴᠠᠭᠰᠠᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠢᠩᠬᠢᠮ ᠤᠳ ᠤᠨ ᠬᠤᠯᠪᠣᠭᠠᠲᠤ ᠬᠤᠷᠠᠯ ᠢ ᠪᠠᠶᠢᠭᠤᠯᠵᠤ᠂ ᠪᠥᠬᠦ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠶᠡᠷᠦᠩᠬᠡᠶᠢᠯᠡᠨ ᠬᠢᠨᠠᠨ ᠬᠠᠮᠢᠶᠠᠷᠬᠤ ᠠᠵᠢᠯ ᠢ ᠨᠢᠭᠡᠳᠦᠯᠲᠡᠶ ᠲᠥᠯᠥᠪᠯᠡᠨ ᠵᠢᠭᠠᠨ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠪᠠᠳᠠᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠯᠭᠡᠵᠦ᠂ ᠵᠢᠭᠤᠯᠴᠢᠯᠠᠯ ᠤᠨ ᠲᠠᠯ᠎ᠠ ᠪᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ︽12301︾ ᠵᠢᠭᠤᠯᠴᠢᠯᠠᠯ ᠤᠨ ᠦᠢᠯᠡᠴᠢᠯᠡᠭᠡᠨ ᠤ ᠰᠢᠭᠤᠳ ᠤᠲᠠᠰᠤ ᠪᠠ ᠵᠢᠭᠤᠯᠴᠢᠯᠠᠯ ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠨᠢᠭᠡᠳᠦᠯᠲᠡᠢ ᠲᠠᠪᠴᠠᠩ ᠢ ᠪᠠᠶᠢᠭᠤᠯᠵᠤ᠂ ᠰᠦᠯᠵᠢᠶ᠎ᠡ ᠪᠠᠷ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠴᠢᠳᠠᠮᠵᠢ ᠶᠢ ᠪᠦᠷᠢᠨᠰᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠢᠭᠤᠯᠴᠢᠯᠠᠯ ᠤᠨ ᠲᠠᠯ᠎ᠠ ᠪᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠬᠠᠩᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号