ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 98%᠎ ᠠᠴᠠ ᠳᠡᠭᠡᠭᠰᠢᠬᠢ ᠭᠠᠴᠠᠭ᠎ᠠ ︵ᠲᠣᠰᠬᠤᠨ︶᠎ ᠳᠤ ᠠᠶᠠᠨᠴᠢᠳ ᠤᠨ ᠮᠠᠰᠢᠨ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2016/9/8
     7 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠥᠪᠥᠷ ᠮᠣᠩᠭᠤᠯ ᠤᠨ ᠵᠡᠭᠡᠯᠢ ᠭᠤᠳᠤᠮ ᠢ ᠬᠠᠲᠠᠭᠤᠷᠠᠭᠤᠯᠬᠤ ᠪᠠᠷᠢᠯᠭ᠎ᠠ ᠨᠢᠭᠡᠨᠲᠡ 320 ᠳ᠋ᠦᠩᠰᠢᠭᠤᠷ ᠲᠦᠬᠦᠷᠢᠭ ᠤᠨ ᠶᠡᠷᠦᠩᠬᠡᠢ ᠪᠡᠯᠡ ᠤᠷᠤᠭᠤᠯᠤᠯᠲᠠ ᠶᠢ ᠪᠡᠶᠡᠯᠡᠭᠦᠯᠵᠦ᠂ 5.2 ᠲᠦᠮᠡ ᠭᠠᠷᠤᠶ ᠺᠢᠯᠣᠮᠧᠲᠷ ᠵᠠᠮ ᠵᠠᠰᠠᠵᠤ᠂ ᠵᠡᠭᠡᠯᠢ ᠭᠤᠳᠤᠮ ᠤᠨ ᠬᠠᠲᠠᠭᠤᠷᠠᠭᠤᠯᠬᠤ ᠪᠠᠷᠢᠯᠭ᠎ᠠ ᠶᠢ ᠪᠡᠶᠡᠯᠡᠭᠦᠯᠦᠭᠰᠡᠨ ᠭᠠᠴᠠᠭ᠎ᠠ ︵ᠲᠣᠰᠬᠤᠨ︶ ᠵᠢᠴᠢ ᠠᠶᠢᠯ ᠲᠣᠰᠬᠤᠨ ᠤ ᠶᠡᠷᠦᠩᠬᠡᠶ ᠲᠤᠭ᠎ᠠ ᠨᠢ 1.6 ᠲᠦᠮᠡ ᠭᠠᠷᠤᠶ ᠎ ᠳᠤ ᠬᠦᠷᠪᠡ᠃ 2014 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ 3 ᠵᠢᠯ ᠤᠨ ᠴᠠᠭ ᠢ ᠠᠰᠢᠭᠯᠠᠨ᠂ ᠨᠤᠷᠠᠬᠤ ᠠᠶᠤᠯᠲᠠᠶ ᠬᠡᠷ ᠪᠠᠶᠢᠰᠢᠩ ᠢ ᠦᠭᠡᠷᠡᠴᠢᠯᠡᠬᠦ᠂ ᠠᠮᠤᠷ ᠲᠦᠪᠰᠢᠨ ᠤᠮᠳᠠ ᠤᠰᠤ᠂ ᠵᠡᠭᠡᠯᠢ ᠭᠤᠳᠤᠮ ᠢ ᠬᠠᠲᠠᠭᠤᠷᠠᠭᠤᠯᠬᠤ ᠵᠡᠷᠭᠡ ᠶᠢ ᠪᠠᠭᠲᠠᠭᠠᠭᠰᠠᠨ ᠨᠡᠶᠢᠭᠡᠮ ᠤᠨ ᠪᠠᠲᠤᠯᠠᠭ᠎ᠠ ᠶᠢᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠪᠡ᠃ ᠡᠭᠦᠨ ᠳᠤ᠂ ᠵᠡᠭᠡᠯᠢ ᠭᠤᠳᠤᠮ ᠢ ᠬᠠᠲᠠᠭᠤᠷᠠᠭᠤᠯᠬᠤ ᠪᠠᠷᠢᠯᠭ᠎ᠠ 117 ᠳ᠋ᠦᠩᠰᠢᠭᠤᠷ ᠲᠥᠭᠦᠷᠢᠭ ᠪᠡᠯᠡ ᠤᠷᠤᠭᠤᠯᠵᠤ᠂ 2.6 ᠲᠦᠮᠡᠨ ᠺᠢᠯᠣᠮᠧᠲᠷ ᠵᠠᠮ ᠵᠠᠰᠠᠵᠤ᠂ 8868 ᠭᠠᠴᠠᠭ᠎ᠠ ︵ᠲᠣᠰᠬᠤᠨ᠂ ᠲᠠᠯᠠᠪᠠᠢ︶᠎ ᠶᠢᠨ ᠵᠡᠭᠡᠯᠢ ᠭᠤᠳᠤᠮ ᠢ ᠬᠠᠲᠠᠭᠤᠷᠠᠭᠤᠯᠬᠤ ᠪᠠᠷ ᠲᠦᠯᠦᠪᠯᠡᠵᠡᠢ᠃ ᠦᠪᠦᠷ ᠮᠣᠩᠭᠤᠯ ᠤᠨ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠡᠭᠦᠨ ᠢᠶᠠᠷ ᠠᠵᠠ ᠲᠣᠬᠢᠶᠠᠯ ᠪᠣᠯᠭᠠᠵᠤ᠂ ᠵᠡᠭᠡᠯᠢ ᠭᠤᠳᠤᠮ ᠢ ᠬᠠᠲᠠᠭᠤᠷᠠᠭᠤᠯᠬᠤ ᠪᠠᠷᠢᠯᠭ᠎ᠠ ᠪᠠ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠵᠡᠭᠡᠯᠢ ᠭᠤᠳᠤᠮ ᠢ ᠬᠠᠲᠠᠭᠤᠷᠠᠭᠤᠯᠬᠤ ᠪᠠᠷᠢᠯᠭ᠎ᠠ ᠶᠢ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃ ᠬᠡᠷᠡᠭᠵᠢᠭᠦᠯᠬᠦ ᠶᠠᠪᠤᠴᠠ ᠳᠤ᠂ ᠥᠪᠥᠷ ᠮᠣᠩᠭᠤᠯ ᠤᠨ ᠡᠯ᠎ᠡ ᠱᠠᠲᠤᠨ ᠤ ᠵᠠᠮ ᠲᠡᠭᠡᠭᠡᠪᠦᠷᠢ ᠶᠢᠨ ᠰᠠᠯᠠᠭ᠎ᠠ ᠮᠦᠴᠢᠷ ᠤᠳ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠦ᠂ ᠵᠡᠭᠡᠯᠢ ᠭᠤᠳᠤᠮ ᠪᠠ ᠵᠠᠰᠠᠮᠠᠯ ᠵᠡᠮ ᠤᠨ ᠰᠠᠯᠠᠭ᠎ᠠ ᠮᠦᠴᠢᠷ ᠨᠢᠭᠲᠠ ᠬᠠᠮᠵᠢᠯᠴᠠᠵᠤ᠂ ᠬᠥᠳᠡᠭᠡ ᠲᠣᠰᠬᠤᠨ ᠤ ᠵᠠᠰᠠᠮᠠᠯ ᠵᠡᠮ ᠤᠨ ᠲᠥᠯᠥᠪᠵᠢᠭᠦᠯᠭᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠲᠠᠢ ᠤᠶᠠᠯᠳᠤᠭᠤᠯᠤᠨ᠂ ᠨᠢᠭᠡ ᠯᠡ ᠤᠳᠠᠭ᠎ᠠ ᠳᠡᠭᠡᠷ᠎ᠡ ᠪᠡᠯᠡ ᠤᠷᠤᠭᠤᠯᠵᠤ᠂ ᠨᠢᠭᠡ ᠯᠡ ᠳᠡᠭᠡᠷ᠎ᠡ ᠤᠯᠠᠨ ᠢᠶᠠᠷ ᠬᠦᠳᠡᠯᠦᠯᠴᠡᠵᠦ᠂ ᠨᠢᠭᠡ ᠯᠡ ᠳᠡᠭᠡᠷ᠎ᠡ ᠡᠷᠤᠬᠡ ᠬᠦᠷᠲᠡᠯ᠎ᠡ ᠨᠡᠪᠲᠡᠷᠡᠭᠦᠯᠵᠦ᠂ ᠨᠢᠭᠡ ᠯᠡ ᠳᠡᠭᠡᠷ᠎ᠡ ᠪᠤᠲᠠᠲᠠᠶᠢᠵᠢᠭᠤᠯᠬᠤ ᠶᠢ ᠪᠠᠲᠤᠯᠠᠵᠠᠢ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠥᠪᠥᠷ ᠮᠣᠩᠭᠤᠯ ᠬᠥᠳᠡᠭᠡ ᠲᠣᠰᠬᠤᠨ ᠤ ᠵᠠᠰᠠᠮᠠᠯ ᠵᠠᠮ ᠤᠨ ᠨᠡᠶᠢᠳᠡ 6000 ᠭᠠᠷᠤᠶ ︽ᠲᠠᠰᠤᠷᠬᠠᠶ ᠵᠠᠮ︾᠎ ᠢ ᠵᠠᠰᠠᠵᠤ᠂ 1.5 ᠲᠦᠮᠡᠨ ᠺᠢᠯᠣᠮᠧᠲᠷ ᠤᠷᠲᠤᠳᠬᠠᠵᠠᠢ᠃ ᠵᠡᠭᠡᠯᠢ ᠭᠤᠳᠤᠮ ᠢ ᠬᠠᠲᠠᠭᠤᠷᠠᠭᠤᠯᠬᠤ ᠪᠠᠷᠢᠯᠭ᠎ᠠ ᠶᠢᠨ ᠬᠡᠷᠡᠭᠵᠢᠭᠦᠯᠦᠯᠲᠡ ᠶᠢ ᠳᠠᠭᠠᠯᠳᠤᠨ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠮᠠᠰᠢᠨ ᠤ ᠱᠤᠭᠤᠮ ᠴᠤ ᠳᠠᠭᠠᠯᠳᠤᠨ ᠨᠡᠪᠲᠡᠷᠡᠭᠰᠡᠨ ᠪᠠᠶᠢᠨ᠎ᠠ᠃ ᠬᠤᠶᠠᠷ ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠮᠠᠰᠢᠨ ᠤ ᠱᠤᠭᠤᠮ ᠢ 1.7 ᠲᠦᠮᠡᠨ ᠺᠢᠯᠣᠮᠧᠲᠷ ᠤᠷᠲᠤᠳᠬᠠᠪᠠ᠃ ᠣᠳᠣᠬᠠᠨ ᠳᠤ᠂ ᠥᠪᠥᠷ ᠮᠣᠩᠭᠤᠯ ᠤᠨ ᠰᠢᠶᠠᠨ ᠤ ᠱᠠᠲᠤᠨ ᠤ ᠬᠤᠳᠠ ᠬᠢᠭᠡᠳ ᠡᠷᠬᠢᠨ ᠲᠣᠭᠤᠷᠢᠨ ᠤ ᠬᠥᠳᠡᠭᠡ ᠲᠣᠰᠬᠤᠨ ᠤ ᠬᠤᠭᠤᠷᠣᠨᠳᠣᠬᠢ ᠵᠠᠮ ᠬᠠᠷᠢᠯᠴᠠᠭᠠᠨ ᠤ ᠪᠦᠷᠬᠦᠴᠡ ᠶᠢᠨ ᠷᠠᠳᠢᠦ᠋ᠰ ᠨᠢ ᠦᠨᠳᠦᠰᠦᠨ ᠲᠡᠭᠡᠨ 10 ᠺᠢᠯᠤᠮᠧᠲᠷ ᠢ ᠳᠠᠪᠠᠵᠤ᠂ 98%᠎ ᠠᠴᠠ ᠳᠡᠭᠡᠭᠰᠢᠬᠢ ᠭᠠᠴᠠᠭ᠎ᠠ ︵ᠲᠣᠰᠬᠤᠨ︶᠎ ᠳᠤ ᠠᠶᠠᠨᠴᠢᠳ ᠤᠨ ᠲᠡᠷᠭᠡ ᠨᠡᠪᠲᠡᠷᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号