ᠣᠶᠢᠷ᠎ᠠ ᠳᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠳᠡᠭᠡᠳᠦ | ᠮᠡᠷᠭᠡᠵᠢᠯ ᠤᠨ ᠲᠥᠪ ᠠᠴᠠ 2016 ᠣᠨ ᠤ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠤᠨ ᠨᠡᠪᠴᠢᠭᠦᠯᠦᠭᠦᠷ ᠤᠨ ᠨᠡᠷᠡᠰ ᠢ ᠨᠡᠶᠢᠲᠡᠯᠡᠵᠦ᠂ ᠪᠤᠭᠤᠲᠤ ᠶᠢᠨ ᠪᠡᠭᠡᠵᠢᠩ ᠶᠡᠭᠡ ᠰᠤᠷᠭᠠᠭᠤᠯᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠬᠢᠵᠠᠭᠠᠷᠲᠤ ᠺᠣᠮᠫᠠᠨᠢ ᠪᠣᠯᠤᠨ ᠬᠥᠯᠥᠨ ᠪᠣᠶᠢᠷ ᠤᠨ ᠰᠧᠨ | ᠯᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠢᠵᠠᠭᠠᠷᠲᠤ | ᠺᠣᠮᠫᠠᠨᠢ ᠨᠡᠷᠡᠰ ᠲᠤ ᠲᠣᠳᠣᠷᠠᠪᠠ᠃ ᠢᠩᠭᠢᠭᠡᠳ ᠮᠠᠨ ᠤ ᠤᠷᠤᠨ ᠤ ᠤᠯᠤᠰ ᠤᠨ ᠳᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠨᠡᠮᠡᠭᠳᠡᠭᠡᠳ 10 ᠪᠣᠯᠪᠠ᠃ | ᠪᠤᠭᠤᠲᠤ ᠶᠢᠨ ᠪᠡᠭᠡᠵᠢᠩ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠨᠢ | 2013 ᠣᠨ ᠳᠤ ᠪᠠᠶᠢᠭᠤᠯᠤᠭᠳᠠᠵᠤ᠂ ᠪᠡᠭᠡᠵᠢᠩ ᠶᠡᠭᠡ ᠰᠤᠷᠭᠠᠭᠤᠯᠢ ᠪᠣᠯᠣᠨ ᠪᠤᠭᠤᠲᠤ ᠬᠤᠲᠠ ᠶᠢᠨ | ᠬᠤᠭᠤᠷᠤᠨᠳᠤ ᠪᠠᠨ ᠦᠢᠯᠡᠳᠪᠦᠷᠢᠯᠡᠬᠦ ᠵᠢᠭᠠᠬᠤ ᠰᠣᠳᠤᠯᠬᠤ ᠪᠦᠬᠦ ᠲᠠᠯ᠎ᠠ ᠶᠢᠨ ᠬᠠᠮᠲᠤᠷᠠᠯᠴᠠᠭ᠎ᠠ ᠬᠢᠬᠦ ᠶᠢᠨ | ᠭᠤᠣᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠮᠦᠨ᠂ ᠬᠦᠷᠢᠶᠡᠯᠡᠩ ᠲᠣᠭᠤᠷᠢᠭ ᠢᠶᠠᠨ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠬᠡᠬᠡᠬᠦ ᠤᠷᠤᠨ᠂ ᠮᠡᠷᠭᠡᠵᠢᠯ ᠢ ᠤᠯᠠᠷᠢᠭᠤᠯᠬᠤ ᠪᠠ | ᠨᠡᠪᠴᠢᠭᠦᠯᠦᠭᠦᠷ ᠤᠨ ᠤᠷᠤᠨ᠂ ᠠᠵᠤ ᠦᠢᠯᠡᠰ ᠤᠨ ᠬᠥᠭᠵᠢᠯᠲᠡ ᠶᠢᠨ ᠤᠷᠤᠨ᠂ ᠢᠵᠢ ᠪᠦᠷᠢᠳᠦᠭᠦᠯᠦᠭᠰᠡᠨ | ᠶᠡᠷᠦᠩᠬᠡᠶᠢᠯᠡᠭᠰᠡᠨ ᠦᠢᠯᠡᠴᠢᠯᠡᠭᠡᠨ ᠤ ᠤᠷᠤᠨ ᠵᠡᠷᠭᠡ 4 ᠴᠢᠳᠠᠮᠵᠢᠳᠤ ᠣᠷᠣᠨ ᠬᠤᠪᠢᠶᠠᠪᠠ᠃ ᠬᠥᠯᠥᠨ ᠪᠣᠶᠢᠷ ᠤᠨ | ᠰᠧᠨ ᠯᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠨᠢ 2011 ᠣᠨ ᠳᠤ ᠪᠠᠶᠢᠭᠤᠯᠤᠭᠳᠠᠵᠤ᠂ ᠳᠤᠮᠳᠠ ᠵᠢᠵᠢᠭ ᠠᠵᠤ ᠠᠬᠤᠶᠢᠯᠠᠯ ᠳᠤ | ᠮᠡᠷᠭᠡᠵᠢᠯ᠂ ᠮᠡᠳᠡᠭᠡ ᠵᠠᠩᠭᠢ ᠶᠢᠨ ᠵᠥᠪᠯᠡᠯᠭᠡ ᠥᠭᠬᠦ ᠵᠢᠴᠢ ᠪᠣᠯᠪᠠᠰᠤᠷᠠᠭᠤᠯᠬᠤ ᠵᠡᠷᠭᠡ ᠢᠵᠢ ᠪᠦᠷᠢᠳᠦᠭᠰᠡᠨ | ᠶᠡᠷᠦᠩᠬᠡᠶᠢᠯᠡᠭᠰᠡᠨ ᠦᠢᠯᠡᠴᠢᠯᠡᠭᠡᠨ ᠬᠠᠩᠭᠠᠳᠠᠭ᠃ ᠣᠳᠣᠬᠠᠨ ᠳᠤ᠂ ᠮᠠᠨ ᠤ ᠤᠷᠤᠨ ᠳᠤ ᠤᠯᠤᠰ ᠤᠨ ᠳᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 10 ᠪᠠᠶᠢᠬᠤ ᠠᠴᠠ ᠭᠠᠳᠠᠨ᠎ᠠ ᠪᠠᠰᠠ | ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠭᠦᠯᠦᠭᠦᠷ 32 ᠪᠠᠶᠢᠵᠤ᠂ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠤᠯᠠᠭᠠᠨᠬᠠᠳᠠ ᠬᠤᠳᠠ | ᠵᠡᠷᠭᠡ 10 ᠠᠶᠢᠮᠠᠭ ᠬᠤᠲᠠ ᠶᠢ ᠪᠦᠷᠬᠦᠵᠦ ᠪᠠᠶᠢᠨ᠎ᠠ᠃ |