ᠦᠪᠡᠷᠲᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠢ ᠰᠤᠷᠪᠤᠯᠵᠢᠯᠠᠬᠰᠠᠨ ᠨᠢ
ᠨᠡᠶᠢᠲᠡᠯᠡᠭᠰᠡᠨ ᠴᠠᠭ᠄
2017/1/10
     ᠤᠶᠢᠷ᠎ᠠ ᠳᠤ᠂ ᠤᠯᠤᠰ ᠤᠨ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ︽ᠢᠳᠡᠭᠡᠨ ᠤ ᠳᠠᠪᠤᠰᠤᠨ ᠤ ᠦᠨ᠎ᠡ ᠬᠠᠩᠰᠢ ᠶᠢ ᠴᠢᠯᠦᠭᠡᠳᠡᠢ ᠪᠤᠯᠭᠠᠬᠤ ᠬᠠᠮᠢᠶ᠎ᠠ ᠪᠦᠬᠦᠢ ᠮᠡᠳᠡᠭᠳᠡᠯ︾ ᠢ ᠳᠠᠷᠤᠮᠠᠯᠯᠠᠨ ᠳᠠᠷᠬᠠᠭᠠᠵᠤ᠂ 2017 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠢᠳᠡᠭᠡᠨ ᠤ ᠳᠠᠪᠤᠰᠤᠨ ᠤ ᠦᠢᠯᠡᠳᠪᠦᠷᠢ ᠠᠴᠠ ᠭᠠᠷᠬᠤ᠂ ᠪᠦᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠨ᠎ᠡ ᠬᠠᠩᠰᠢ ᠶᠢ ᠪᠦᠬᠦ ᠳᠠᠯ᠎ᠠ ᠪᠠᠷ ᠴᠢᠯᠦᠭᠡᠳᠡᠢ ᠳᠠᠯᠪᠢᠨ᠂ ᠠᠵᠤ ᠠᠬᠤᠶᠢᠯᠠᠯ ᠨᠢ ᠦᠢᠯᠡᠳᠪᠦᠷᠢᠯᠡᠬᠦ ᠦᠪᠡᠷ ᠤᠨ ᠦᠷᠲᠡᠭ᠂ ᠢᠳᠡᠭᠡᠨ ᠤ ᠳᠠᠪᠤᠰᠤᠨ ᠤ ᠶᠠᠰᠤ ᠴᠢᠨᠠᠷ᠂ ᠵᠠᠬ᠎ᠠ ᠲᠡᠯᠭᠡᠬᠦᠷ ᠤᠨ ᠬᠠᠩᠭᠠᠯᠭ᠎ᠠ ᠭᠡᠷᠡᠭᠴᠡᠭᠡ ᠶᠢᠨ ᠪᠠᠶᠢᠳᠠᠯ ᠵᠡᠷᠭᠡ ᠡᠯᠧᠮᠧᠨ᠋ᠲ ᠢ ᠦᠨᠳᠦᠰᠦᠯᠡᠨ ᠡᠵᠡᠨ ᠮᠡᠳᠡᠨ ᠦᠨ᠎ᠡ ᠳᠤᠭᠳᠠᠭᠠᠵᠤ ᠪᠤᠯᠬᠤ ᠪᠠᠷ ᠳᠤᠭᠳᠠᠭᠠᠪᠠ᠃ ᠡᠨᠡ ᠳᠤᠬᠠᠢ ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠢ ᠰᠤᠷᠪᠤᠯᠵᠢᠯᠠᠭᠰᠠᠨ ᠪᠠᠶᠢᠢᠨ᠎ᠠ᠃      ᠠᠰᠠᠭᠤᠯᠳᠠ᠄ ᠢᠳᠡᠭᠡᠨ ᠤ ᠳᠠᠪᠤᠰᠤᠨ ᠤ ᠦᠨ᠎ᠡ ᠬᠠᠩᠰᠢ ᠶᠢ ᠴᠢᠯᠦᠭᠡᠳᠡᠢ ᠳᠠᠯᠪᠢᠬᠰᠠᠨ ᠴᠠᠭᠠᠨᠠᠬᠢ ᠨᠦᠬᠦᠴᠡᠯ ᠰᠢᠯᠳᠠᠭᠠᠨ ᠤ ᠲᠣᠬᠠᠢ ᠶᠠᠷᠢᠪᠠᠯ︖      ᠬᠠᠷᠢᠭᠤᠯᠳᠠ᠄ ᠮᠠᠨ ᠤ ᠤᠯᠤᠰ ᠤᠨ ᠳᠠᠪᠤᠰᠤᠨ ᠤ ᠡᠬᠢ ᠪᠠᠶᠠᠯᠢᠬ ᠳᠤᠩ ᠡᠯᠪᠡᠭ᠂ ᠳᠠᠪᠤᠰᠤᠨ ᠤ ᠠᠵᠢᠯ ᠲᠦᠷᠦᠯ ᠤᠯᠠᠨ ᠵᠢᠯ ᠤᠨ ᠳᠤᠷᠰᠢ ᠭᠠᠷᠤᠯᠳᠠ ᠨᠢ ᠪᠤᠷᠤᠯᠠᠭᠤᠯᠭ᠎ᠠ ᠠᠴᠠ ᠶᠡᠭᠡ ᠪᠠᠶᠢᠢᠪᠠ᠃ 2015  ᠣᠨ ᠳᠤ᠂ ᠮᠠᠨ ᠤ ᠤᠯᠤᠰ ᠤᠨ ᠲᠦᠭᠦᠭᠡᠢ ᠳᠠᠪᠤᠰᠤᠨ ᠤ ᠴᠢᠳᠠᠪᠬᠢ 11345 ᠲᠦᠮᠡᠨ ᠳᠤᠨ᠂ ᠭᠡᠷᠡᠭᠯᠡᠭᠡᠨ ᠤ ᠭᠡᠮᠵᠢᠶ᠎ᠡ ᠨᠢ 8876 ᠳᠤᠨ᠂ ᠡᠬᠦᠨ ᠳᠤ ᠢᠳᠡᠭᠡᠨ ᠤ ᠳᠠᠪᠤᠰᠤᠨ ᠤ ᠭᠡᠷᠡᠭᠯᠡᠭᠡᠨ ᠤ ᠭᠡᠮᠵᠢᠶ᠎ᠡ 1000 ᠲᠦᠮᠡᠨ ᠳᠤᠨ ᠤᠷᠴᠢᠮ ᠯᠠ ᠪᠠᠶᠢᠪᠠ᠃ ᠤᠳᠤᠬᠠᠨ ᠳᠤ ᠦᠪᠡᠷᠲᠡᠭᠡᠨ ᠵᠠᠰᠠᠬᠤ ᠤᠷᠤᠨ ᠤ ᠬᠢᠯᠢ ᠳᠤ ᠢᠳᠡᠭᠡᠨ ᠤ ᠳᠠᠪᠤᠰᠤᠨ ᠤ ᠳᠤᠭᠳᠠᠭᠰᠠᠨ ᠴᠢᠬ ᠤᠨ ᠦᠢᠯᠡᠳᠪᠦᠷᠢ 4 ᠪᠠᠶᠢᠵᠤ᠂ ᠵᠢᠯ ᠤᠨ ᠭᠠᠷᠤᠯᠳᠠ ᠨᠢ 17.39 ᠲᠦᠮᠡᠨ ᠳᠤᠨ᠂ ᠪᠦᠬᠦ ᠤᠷᠤᠨ ᠤ ᠢᠳᠡᠭᠡᠨ ᠤ ᠳᠠᠪᠤᠰᠤᠨ ᠤ ᠭᠡᠷᠡᠭᠴᠡᠭᠡ 12 ᠲᠦᠮᠡᠨ ᠳᠤᠨ ᠤᠷᠴᠢᠮ᠂ ᠮᠠᠨ ᠤ ᠤᠷᠤᠨ ᠤ ᠦᠪᠡᠷ ᠲᠡᠭᠡᠨ ᠦᠢᠯᠡᠳᠪᠦᠷᠢᠯᠡᠭᠰᠡᠨ ᠢᠳᠡᠭᠡᠨ ᠤ ᠳᠠᠪᠤᠰᠤ ᠪᠦᠬᠦ ᠤᠷᠤᠨ ᠤ ᠢᠳᠡᠭᠡᠨ ᠤ ᠳᠠᠪᠤᠰᠤᠨ ᠤ ᠵᠠᠬ᠎ᠠ ᠲᠡᠯᠭᠡᠬᠦᠷ ᠤᠨ ᠭᠡᠷᠡᠭᠴᠡᠭᠡ ᠶᠢ ᠬᠠᠩᠭᠠᠵᠤ ᠲᠡᠶᠢᠢᠯᠬᠦ ᠪᠦᠭᠡᠳ ᠤᠷᠤᠨ ᠤ ᠬᠠᠪᠢ ᠲᠦᠰᠦᠷ ᠤᠨ ᠮᠤᠵᠢ ᠳᠤ ᠴᠤ ᠢᠳᠡᠭᠡᠨ ᠤ ᠳᠠᠪᠤᠰᠤ ᠦᠢᠯᠡᠳᠪᠦᠷᠢᠯᠡᠬᠦ ᠠᠵᠤ ᠠᠬᠤᠶᠢᠯᠠᠯ ᠪᠠᠶᠢᠬᠤ ᠳᠤᠯᠠ ᠡᠳᠡᠭᠡᠷ ᠠᠵᠤ ᠠᠬᠤᠶᠢᠯᠠᠯ ᠨᠢ ᠮᠦᠨ ᠮᠠᠨ ᠤ ᠤᠷᠤᠨ ᠳᠤ ᠳᠠᠪᠤᠰᠤ ᠬᠠᠩᠭᠠᠵᠤ ᠲᠡᠶᠢᠯᠦᠨ᠎ᠡ᠃ ᠡᠨᠡ ᠵᠢᠯ ᠤᠨ 4 ᠳ᠋ᠤᠭᠡᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠳᠠᠪᠤᠰᠤᠨ ᠤ ᠦᠢᠯᠡᠰ ᠤᠨ ᠪᠦᠳᠦᠴᠡ ᠶᠢᠨ ᠦᠭᠡᠷᠡᠴᠢᠯᠡᠯᠳᠡ ᠶᠢᠨ ᠲᠦᠰᠦᠪ︾ ᠢ ᠳᠠᠷᠤᠮᠠᠯᠯᠠᠨ ᠳᠠᠷᠬᠠᠭᠠᠵᠤ᠂ ᠳᠠᠪᠤᠰᠤᠨ ᠤ ᠦᠢᠯᠡᠰ ᠤᠨ ᠪᠦᠳᠦᠴᠡ ᠶᠢᠨ ᠦᠭᠡᠷᠡᠴᠢᠯᠡᠯᠳᠡ ᠶᠢ ᠠᠬᠢᠭᠤᠯᠤᠨ᠂ ᠢᠳᠡᠭᠡᠨ ᠤ ᠳᠠᠪᠤᠰᠤ ᠶᠢ ᠳᠤᠰᠬᠠᠢ ᠡᠵᠡᠩᠨᠡᠬᠦ ᠲᠦᠷᠢᠮ ᠢ ᠲᠡᠬᠦᠯᠳᠡᠷᠵᠢᠬᠦᠯᠵᠦ᠂ ᠢᠳᠡᠭᠡᠨ ᠤ ᠳᠠᠪᠤᠰᠤ ᠦᠢᠯᠡᠳᠪᠦᠷᠢᠯᠡᠳᠡᠭ ᠠᠵᠤ ᠠᠬᠤᠶᠢᠯᠠᠯ ᠳᠤᠭᠳᠠᠭᠰᠠᠨ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠳᠤ ᠯᠠ ᠢᠳᠡᠭᠡᠨ ᠤ ᠳᠠᠪᠤᠰᠤ ᠪᠤᠷᠤᠯᠠᠭᠤᠯᠳᠠᠭ᠂ ᠢᠳᠡᠭᠡᠨ ᠤ ᠳᠠᠪᠤᠰᠤ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠳᠤᠭᠳᠠᠭᠰᠠᠨ ᠭᠡᠪᠴᠢᠶᠡᠨ ᠳᠤ ᠯᠠ ᠪᠤᠷᠤᠯᠠᠭᠤᠯᠵᠤ ᠪᠤᠯᠳᠠᠭ ᠳᠤᠭᠳᠠᠭᠠᠯ ᠢ ᠡᠪᠳᠡᠬᠦ ᠪᠠᠷ ᠳᠤᠭᠳᠠᠵᠤ᠂ ᠢᠳᠡᠭᠡᠨ ᠤ ᠳᠠᠪᠤᠰᠤ ᠦᠢᠯᠡᠳᠪᠦᠷᠢᠯᠡᠳᠡᠭ ᠠᠵᠤ ᠠᠬᠤᠶᠢᠯᠠᠯ ᠬᠦᠢᠯᠭᠡᠭᠡ ᠪᠠ ᠪᠤᠷᠤᠯᠠᠭᠤᠯᠭ᠎ᠠ ᠶᠢᠨ ᠬᠦᠷᠢᠶᠡᠨ ᠳᠤ ᠤᠷᠤᠬᠤ ᠶᠢ ᠵᠦᠪᠰᠢᠶᠡᠷᠡᠨ᠂ ᠢᠳᠡᠭᠡᠨ ᠤ ᠳᠠᠪᠤᠰᠤ ᠪᠦᠭᠡᠮ ᠢᠶᠠᠷ ᠬᠤᠳᠠᠯᠳᠤᠳᠠᠭ ᠠᠵᠤ ᠠᠬᠤᠶᠢᠯᠠᠯ ᠤᠷᠤᠨ ᠳᠤᠭᠤᠷᠢᠭ ᠠᠯᠤᠰᠯᠠᠨ ᠡᠵᠡᠩᠨᠡᠬᠦ ᠶᠢ ᠵᠦᠪᠰᠢᠶᠡᠷᠡᠵᠦ᠂ ᠦᠷᠢᠰᠦᠯᠳᠦᠭᠡᠨ ᠤ ᠴᠢᠨᠠᠷᠳᠠᠢ ᠵᠠᠬ᠎ᠠ ᠲᠡᠯᠭᠡᠬᠦᠷ ᠤᠨ ᠪᠦᠳᠦᠴᠡ ᠶᠢ ᠪᠦᠬᠦ ᠳᠠᠯ᠎ᠠ ᠪᠠᠷ ᠪᠠᠶᠢᠭᠤᠯᠬᠤ ᠪᠠᠷ ᠳᠤᠭᠳᠠᠭᠰᠠᠨ ᠳᠤᠯᠠ ᠢᠳᠡᠭᠡᠨ ᠤ ᠳᠠᠪᠤᠰᠤᠨ ᠤ ᠦᠨ᠎ᠡ ᠬᠠᠩᠰᠢ ᠶᠢ ᠴᠢᠯᠦᠭᠡᠳᠡᠢ ᠳᠠᠯᠪᠢᠬᠤ ᠨᠦᠬᠦᠴᠡᠯ ᠲᠠᠢ ᠪᠤᠯᠪᠠ᠃ ᠡᠶᠢᠮᠦ ᠠᠴᠠ᠂ ᠳᠠᠪᠤᠰᠤᠨ ᠤ ᠦᠢᠯᠡᠰ ᠤᠨ ᠪᠦᠳᠦᠴᠡ ᠶᠢᠨ ᠦᠭᠡᠷᠡᠴᠢᠯᠡᠯᠳᠡ ᠶᠢᠨ ᠲᠦᠰᠦᠪ ᠤᠨ ᠨᠢᠭᠡᠳᠦᠯᠳᠡᠢ ᠪᠠᠶᠢᠷᠢᠯᠠᠭᠤᠯᠤᠯᠳᠠ ᠶᠢ ᠦᠨᠳᠦᠰᠦᠯᠡᠨ᠂ ᠤᠯᠤᠰ ᠤᠨ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ 2017 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠢᠳᠡᠭᠡᠨ ᠤ ᠳᠠᠪᠤᠰᠤᠨ ᠤ ᠦᠢᠯᠡᠳᠪᠦᠷᠢ ᠠᠴᠠ ᠭᠠᠷᠬᠤ᠂ ᠪᠦᠭᠡᠮ ᠢᠶᠠᠷ ᠬᠤᠳᠠᠯᠳᠤᠬᠤ ᠪᠠ ᠵᠢᠵᠢᠭᠯᠡᠨ  ᠬᠤᠳᠠᠯᠳᠤᠬᠤ ᠦᠨ᠎ᠡ ᠬᠠᠩᠰᠢ ᠶᠢ ᠪᠦᠬᠦ ᠳᠠᠯ᠎ᠠ ᠪᠠᠷ ᠴᠢᠯᠦᠭᠡᠳᠡᠢ ᠪᠤᠯᠭᠠᠬᠤ ᠪᠠᠷ ᠳᠤᠭᠳᠠᠭᠠᠪᠠ᠃      ᠠᠰᠠᠭᠤᠯᠳᠠ᠄ ᠢᠳᠡᠭᠡᠨ ᠤ ᠳᠠᠪᠤᠰᠤᠨ ᠤ ᠦᠨ᠎ᠡ ᠬᠠᠩᠰᠢ ᠶᠢ ᠴᠢᠯᠦᠭᠡᠳᠡᠢ ᠳᠠᠯᠪᠢᠬᠰᠠᠨ ᠤ ᠳᠠᠷᠠᠭ᠎ᠠ᠂ ᠵᠠᠰᠠᠭ  ᠤᠨ ᠤᠷᠳᠤᠨ ᠠᠴᠠ ᠶᠠᠮᠠᠷᠰᠢᠦ ᠠᠷᠭ᠎ᠠ ᠭᠡᠮᠵᠢᠶ᠎ᠡ ᠠᠪᠴᠤ ᠢᠳᠡᠭᠡᠨ ᠤ ᠳᠠᠪᠤᠰᠤᠨ ᠤ ᠵᠠᠬ᠎ᠠ ᠲᠡᠯᠭᠡᠬᠦᠷ ᠪᠠ ᠦᠨ᠎ᠡ ᠬᠠᠩᠰᠢ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ ᠪᠤᠢ︖      ᠬᠠᠷᠢᠭᠤᠯᠳᠠ᠄ ᠮᠠᠨ ᠤ ᠤᠯᠤᠰ ᠤᠨ ᠢᠳᠡᠭᠡᠨ ᠤ ᠳᠠᠪᠤᠰᠤᠨ ᠤ ᠵᠠᠬ᠎ᠠ ᠲᠡᠯᠭᠡᠬᠦᠷ ᠲᠤ ᠬᠠᠩᠭᠠᠬᠤ ᠭᠤᠤᠯ ᠴᠤᠭᠴᠠ ᠨᠡᠯᠢᠶᠡᠳ ᠤᠯᠠᠨ᠂ ᠪᠦᠬᠦ ᠤᠯᠤᠰ ᠲᠤ ᠳᠠᠩᠰᠠᠯᠠᠭᠤᠯᠤᠭᠰᠠᠨ ᠳᠠᠪᠤᠰᠤ ᠦᠢᠯᠡᠳᠪᠦᠷᠢᠯᠡᠬᠦ ᠠᠵᠤ ᠠᠬᠤᠶᠢᠯᠠᠯ 300 ᠰᠢᠬᠠᠮ ᠪᠠᠶᠢᠢᠵᠤ᠂ ᠳᠠᠪᠤᠰᠤᠨ ᠤ ᠦᠢᠯᠡᠰ ᠤᠨ ᠬᠦᠢᠯᠭᠡᠭᠡᠨ ᠤ ᠠᠵᠤ ᠠᠬᠤᠶᠢᠯᠠᠯ 4000 ᠭᠠᠷᠤᠢ ᠪᠤᠢ᠃ ᠳᠠᠪᠤᠰᠤᠨ ᠤ ᠦᠢᠯᠡᠰ ᠤᠨ ᠪᠦᠳᠦᠴᠡ ᠶᠢᠨ ᠦᠭᠡᠷᠡᠴᠢᠯᠡᠯᠳᠡ ᠶᠢᠨ ᠲᠦᠰᠦᠪ ᠢ ᠭᠡᠷᠡᠭᠵᠢᠬᠦᠯᠦᠨ᠂ ᠢᠳᠡᠭᠡᠨ ᠤ ᠳᠠᠪᠤᠰᠤᠨ ᠤ ᠦᠨ᠎ᠡ ᠬᠠᠩᠰᠢ ᠶᠢ ᠴᠢᠯᠦᠭᠡᠳᠡᠢ ᠳᠠᠯᠪᠢᠬᠰᠠᠨ ᠤ ᠳᠠᠷᠠᠭ᠎ᠠ᠂ ᠶᠡᠷᠦᠩᠭᠡᠢ ᠳᠤᠨᠢ ᠦᠵᠡᠪᠡᠯ ᠢᠳᠡᠭᠡᠨ ᠤ ᠳᠠᠪᠤᠰᠤᠨ ᠤ ᠵᠠᠬ᠎ᠠ ᠲᠡᠯᠭᠡᠬᠦᠷ ᠤᠨ ᠬᠠᠩᠭᠠᠯᠭ᠎ᠠ ᠬᠦᠢᠴᠡᠳ ᠪᠠᠳᠤᠯᠠᠭ᠎ᠠ ᠲᠠᠢ᠂ ᠡᠩ ᠤᠨ ᠢᠳᠡᠭᠡᠨ ᠤ ᠳᠠᠪᠤᠰᠤ ᠦᠨ᠎ᠡ ᠬᠠᠩᠰᠢ ᠶᠢᠨ ᠳᠠᠯ᠎ᠠ ᠪᠠᠷ ᠭᠡᠪ ᠤᠨ ᠪᠤᠰᠤ ᠭᠡᠯᠪᠡᠯᠵᠡᠬᠦ ᠪᠠᠶᠢᠢᠳᠠᠯ ᠭᠠᠷᠬᠤ ᠦᠭᠡᠢ᠃ ᠦᠪᠡᠷᠲᠡᠭᠡᠨ ᠵᠠᠰᠠᠬᠤ ᠤᠷᠤᠨ ᠠᠴᠠ ᠵᠠᠬ᠎ᠠ ᠲᠡᠯᠭᠡᠬᠦᠷ ᠤᠨ ᠬᠠᠩᠭᠠᠯᠭ᠎ᠠ ᠶᠢ ᠪᠠᠳᠤᠯᠠᠬᠤ᠂ ᠢᠳᠡᠭᠡᠨ ᠤ ᠳᠠᠪᠤᠰᠤ ᠨᠦᠭᠡᠴᠡᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠬᠦ᠂ ᠦᠨ᠎ᠡ ᠬᠠᠩᠰᠢ ᠶᠢᠨ ᠭᠡᠪ ᠤᠨ ᠪᠤᠰᠤ ᠭᠡᠯᠪᠡᠯᠵᠡᠯᠳᠡ ᠶᠢ ᠠᠷᠭᠠᠴᠠᠬᠤ ᠠᠵᠢᠯ ᠢ ᠴᠢᠩᠭᠠᠳᠬᠠᠬᠤ ᠵᠢᠴᠢ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠬᠤ ᠮᠡᠳᠦ ᠶᠢᠨ ᠠᠷᠭ᠎ᠠ ᠭᠡᠮᠵᠢᠶ᠎ᠡ ᠠᠪᠴᠤ᠂ ᠢᠳᠡᠭᠡᠨ ᠤ ᠳᠠᠪᠤᠰᠤᠨ ᠤ ᠵᠠᠬ᠎ᠠ ᠲᠡᠯᠭᠡᠬᠦᠷ ᠪᠠ ᠦᠨ᠎ᠡ ᠬᠠᠩᠰᠢ ᠦᠨᠳᠦᠰᠦᠨ ᠳᠡᠭᠡᠨ ᠳᠤᠭᠳᠠᠪᠤᠷᠢᠳᠠᠢ ᠪᠠᠶᠢᠬᠤ ᠶᠢ ᠦᠨᠡᠨᠬᠦ ᠪᠠᠳᠤᠯᠠᠬᠤ ᠪᠤᠯᠤᠨ᠎ᠠ᠃      ᠠᠰᠠᠭᠤᠯᠳᠠ᠄ ᠢᠳᠡᠭᠡᠨ ᠤ ᠳᠠᠪᠤᠰᠤᠨ ᠤ ᠦᠨ᠎ᠡ ᠬᠠᠩᠰᠢ ᠶᠢ ᠴᠢᠯᠦᠭᠡᠳᠡᠢ ᠳᠠᠯᠪᠢᠬᠰᠠᠨ ᠤ ᠳᠠᠷᠠᠭ᠎ᠠ᠂ ᠦᠪᠡᠷᠲᠡᠭᠡᠨ ᠵᠠᠰᠠᠬᠤ ᠤᠷᠤᠨ ᠠᠴᠠ ᠬᠢᠯᠢ ᠬᠢᠵᠠᠭᠠᠷ ᠶᠢᠨ ᠤᠯᠠᠨ ᠲᠦᠮᠡᠨ ᠶᠠᠳᠠᠭᠤ ᠬᠦᠴᠢᠷᠲᠡᠯᠲᠡᠢ ᠭᠠᠵᠠᠷ ᠤᠷᠤᠨ ᠪᠠ ᠳᠤᠤᠷ᠎ᠠ ᠤᠷᠤᠯᠭᠠᠳᠤ ᠬᠦᠮᠦᠰ ᠤᠨ ᠠᠮᠢᠳᠤᠷᠠᠯ ᠦᠨᠳᠦᠰᠦᠨ ᠳᠡᠭᠡᠨ ᠨᠥᠯᠥᠭᠡᠯᠡᠭᠳᠡᠬᠦ ᠦᠭᠡᠢ ᠪᠠᠶᠢᠬᠤ ᠶᠢ ᠬᠡᠷᠬᠢᠨ ᠪᠠᠲᠤᠯᠠᠬᠤ ᠪᠤᠢ︖      ᠬᠠᠷᠢᠭᠤᠯᠳᠠ᠄ ᠦᠪᠡᠷᠲᠡᠭᠡᠨ ᠵᠠᠰᠠᠬᠤ ᠤᠷᠤᠨ ᠠᠴᠠ ᠤᠯᠤᠰ ᠤᠨ ᠱᠠᠭᠠᠷᠳᠠᠯᠭ᠎ᠠ ᠶᠤᠰᠤᠭᠠᠷ ᠬᠢᠯᠢ ᠬᠢᠵᠠᠭᠠᠷ ᠤᠷᠤᠨ᠂ ᠶᠠᠳᠠᠭᠤ ᠬᠦᠴᠢᠷᠲᠡᠯᠲᠡᠢ ᠭᠠᠵᠠᠷ ᠤᠷᠤᠨ ᠤ ᠢᠳᠡᠭᠡᠨ ᠤ ᠳᠠᠪᠤᠰᠤ ᠶᠢ ᠳᠤᠬᠢᠷᠠᠭᠤᠯᠤᠨ ᠵᠦᠭᠡᠭᠡᠪᠦᠷᠢᠯᠡᠬᠦ ᠠᠵᠢᠯ ᠢ ᠰᠠᠶᠢᠳᠤᠷ ᠵᠤᠬᠢᠶᠠᠨ ᠪᠠᠶᠢᠭᠤᠯᠵᠤ᠂ ᠨᠦᠭᠡᠴᠡᠯᠡᠭᠰᠡᠨ ᠢᠶᠠᠨ ᠴᠠᠭ ᠳᠠᠷᠤᠢ ᠳᠤᠨᠢ ᠭᠠᠷᠭᠠᠬᠤ᠂ ᠲᠦᠷ ᠴᠠᠭ  ᠤᠨ ᠦᠨ᠎ᠡ ᠬᠠᠩᠰᠢ ᠶᠢ ᠵᠢᠯᠤᠭᠤᠳᠬᠤ ᠵᠡᠷᠭᠡ ᠠᠷᠭ᠎ᠠ ᠪᠠᠷᠢᠯ ᠠᠪᠴᠤ᠂ ᠬᠢᠯᠢ ᠬᠢᠵᠠᠭᠠᠷ ᠤᠷᠤᠨ᠂ ᠶᠠᠳᠠᠭᠤ ᠬᠦᠴᠢᠷᠲᠡᠯᠲᠡᠢ ᠭᠠᠵᠠᠷ ᠤᠷᠤᠨ ᠤ ᠡᠩ ᠤᠨ ᠢᠳᠡᠭᠡᠨ ᠤ ᠳᠠᠪᠤᠰᠤᠨ ᠤ ᠳᠤᠭᠳᠠᠭᠤᠨ ᠬᠠᠩᠭᠠᠯᠭ᠎ᠠ ᠪᠠ ᠵᠠᠬ᠎ᠠ ᠲᠡᠯᠭᠡᠬᠦᠷ ᠤᠨ ᠦᠨ᠎ᠡ ᠬᠠᠩᠰᠢ ᠦᠨᠳᠦᠰᠦᠨ ᠳᠡᠭᠡᠨ ᠳᠤᠭᠳᠠᠭᠤᠨ ᠪᠠᠶᠢᠬᠤ ᠶᠢ ᠦᠨᠡᠨᠬᠦ ᠪᠠᠳᠤᠯᠠᠨ᠎ᠠ᠃ ᠡᠬᠦᠨ ᠤ ᠬᠠᠮᠳᠤ᠂ ᠵᠠᠰᠠᠭ ᠤᠨ ᠤᠷᠳᠤᠨ ᠠᠴᠠ ᠵᠦᠭᠡᠭᠡᠪᠦᠷᠢᠯᠡᠬᠦ ᠪᠤᠷᠤᠯᠠᠭᠤᠯᠬᠤ ᠰᠦᠢᠳᠭᠡᠯ ᠳᠤ ᠨᠦᠬᠦᠪᠦᠷᠢ ᠤᠯᠭᠤᠬᠤ ᠵᠡᠷᠭᠡ ᠠᠷᠭ᠎ᠠ ᠭᠡᠯᠪᠡᠷᠢ ᠪᠠᠷ ᠬᠢᠯᠢ ᠬᠢᠵᠠᠭᠠᠷ ᠤᠷᠤᠨ ᠪᠠ ᠠᠵᠤ ᠠᠬᠤᠢ ᠬᠦᠭᠵᠢᠭᠡᠳᠦᠢ ᠤᠷᠤᠨ ᠤ ᠤᠯᠠᠨ ᠲᠦᠮᠡᠨ ᠤ ᠢᠳᠡᠭᠡᠨ ᠤ ᠳᠠᠪᠤᠰᠤᠨ ᠤ ᠬᠠᠩᠭᠠᠯᠭ᠎ᠠ ᠶᠢ ᠪᠠᠳᠤᠯᠠᠬᠤ ᠶᠢᠨ ᠬᠠᠮᠳᠤ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠠᠪᠤᠷᠠᠨ ᠳᠤᠰᠠᠯᠠᠬᠤ ᠪᠠ ᠪᠠᠳᠤᠯᠠᠪᠤᠷᠢ ᠶᠢᠨ ᠪᠠᠷᠢᠮᠵᠢᠶ᠎ᠠ ᠬᠢᠭᠡᠳ ᠦᠨ᠎ᠡ ᠬᠠᠩᠰᠢ ᠶᠢᠨ ᠦᠰᠦᠯᠳᠡ ᠶᠢ ᠬᠤᠯᠪᠤᠭᠳᠠᠭᠤᠯᠤᠨ ᠬᠦᠳᠡᠯᠬᠦ ᠵᠤᠬᠢᠴᠠᠮᠵᠢ ᠶᠤᠰᠤᠭᠠᠷ ᠳᠤᠤᠷ᠎ᠠ ᠤᠷᠤᠯᠭᠠᠳᠤ ᠤᠯᠠᠨ ᠲᠦᠮᠡᠨ ᠢᠳᠡᠭᠡᠨ ᠤ ᠳᠠᠪᠤᠰᠤᠨ  ᠤ ᠦᠨ᠎ᠡ ᠬᠠᠩᠰᠢ ᠶᠢ ᠴᠢᠯᠦᠭᠡᠳᠡᠢ ᠳᠠᠯᠪᠢᠬᠰᠠᠨ ᠠᠴᠠ ᠠᠮᠢᠳᠤᠷᠠᠯ ᠤᠨ ᠶᠠᠰᠤ ᠴᠢᠨᠠᠷ ᠨᠢ ᠳᠣᠷᠣᠭᠰᠢᠯᠠᠬᠤ ᠦᠭᠡᠢ ᠪᠠᠶᠢᠬᠤ ᠶᠢ ᠦᠨᠡᠨᠬᠦ ᠪᠠᠳᠤᠯᠠᠬᠤ ᠪᠤᠯᠤᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ