ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠎ ᠤ ᠬᠤᠷᠢᠶ᠎ᠠ ᠶᠢᠨ ᠳᠠᠪᠤᠳᠤᠭᠠᠷ ᠬᠤᠷᠠᠯ 13᠎ ᠤ ᠡᠲᠦᠷ ᠠᠴᠠ ᠡᠬᠢᠯᠡᠨ ᠬᠤᠷᠠᠯᠳᠤᠨ᠎ᠠ
ᠨᠡᠶᠢᠲᠡᠯᠡᠭᠰᠡᠨ ᠴᠠᠭ᠄
2017/1/11
     1 ᠳ᠋ᠦ᠋ᠭᠡᠷ ᠰᠠᠷ᠎ᠠ ᠶᠢᠨ 10᠎ ᠤ ᠡᠳᠦᠷ ᠤᠨ ᠦᠲᠡ ᠶᠢᠨ ᠬᠤᠶᠢᠨ᠎ᠠ ᠬᠤᠷᠠᠯᠳᠤᠬᠰᠠᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠰᠤᠨᠢᠨ ᠮᠡᠲᠡᠭᠡ ᠨᠡᠶᠢᠲᠡᠯᠡᠬᠦ ᠬᠤᠷᠠᠯ ᠠᠴᠠ ᠤᠶᠢᠯᠠᠭᠠᠬᠰᠠᠨ ᠢᠶᠠᠷ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠠᠪᠤᠳᠤᠭᠠᠷ ᠬᠤᠷᠠᠯ 1 ᠳ᠋ᠦ᠋ᠭᠡᠷ ᠰᠠᠷ᠎ᠠ ᠶᠢᠨ 13᠎ ᠠᠴᠠ 17᠎ ᠤ ᠡᠲᠦᠷ ᠪᠤᠯᠲᠠᠯ᠎ᠠ ᠬᠦᠬᠡᠬᠤᠲᠠ ᠳᠤ ᠬᠤᠷᠠᠯᠳᠤᠨ᠎ᠠ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠵᠧᠩ ᠹᠦ᠋ ᠲᠢᠶᠠᠨ ᠰᠤᠨᠢᠨ ᠮᠡᠳᠡᠭᠡ ᠨᠠᠶᠢᠳᠠᠯᠠᠬᠦ ᠬᠤᠷᠠᠯ ᠳᠤ ᠤᠷᠤᠯᠴᠠᠪᠠ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠤᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠪᠠᠯᠠᠳᠭᠡᠯ ᠪᠠᠶᠢᠳᠠᠯ ᠪᠠ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠬᠤᠷᠠᠯ ᠠᠴᠠ ᠨᠠᠰᠢᠬᠢ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠲᠠᠨᠢᠯᠴᠠᠭᠤᠯᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠎ ᠢ ᠤᠬᠠᠭᠤᠯᠤᠨ ᠮᠡᠲᠡᠭᠡᠯᠡᠬᠦ ᠠᠵᠢᠯ ᠳᠤ ᠪᠤᠲᠠᠲᠠᠢ ᠱᠠᠭᠠᠷᠲᠠᠯᠭ᠎ᠠ ᠲᠤᠷᠠᠳᠴᠠᠢ᠃      ᠲᠠᠨᠢᠯᠴᠠᠭᠤᠯᠭ᠎ᠠ ᠶᠢ ᠦᠨᠳᠤᠰᠤᠯᠠᠪᠠᠯ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠎ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠳᠠᠪᠤᠳᠤᠭᠠᠷ ᠬᠤᠷᠠᠯ ᠤᠨ ᠭᠤᠤᠯ ᠵᠦᠪᠯᠡᠬᠦ ᠵᠦᠢᠯ ᠭᠡᠪᠠᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠ᠂ ᠳᠥᠷᠪᠡ᠂ ᠲᠠᠪᠤ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠣᠯᠣᠨ ᠲᠦᠷᠦ ᠶᠢ ᠵᠠᠰᠠᠵᠤ ᠵᠠᠰᠠᠬ ᠢ ᠡᠷᠬᠢᠯᠡᠬᠦ ᠰᠢᠨ᠎ᠡ ᠣᠨᠤᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠬᠡᠢ ᠲᠤᠤᠱᠯᠠᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠲᠡᠭᠦᠯᠦᠯᠲᠡ ᠪᠤᠯᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠤᠭᠡᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠲᠠᠯ ᠤᠨ ᠮᠡᠲᠡᠭᠦᠯᠦᠯᠲᠡ ᠶᠢ ᠰᠤᠨᠤᠰᠴᠤ ᠬᠢᠨᠠᠨ ᠵᠦᠪᠯᠡᠨ᠎ᠡ︔ ᠦᠪᠡᠷᠲᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠳᠤ ᠰᠤᠯᠠ ᠤᠷᠤᠯᠴᠠᠵᠦ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠵᠢᠴᠢ ᠪᠤᠰᠤᠳ ᠬᠠᠮᠢᠶ᠎ᠠ ᠪᠦᠬᠦᠢ ᠮᠡᠲᠡᠭᠦᠯᠦᠯᠲᠡ ᠶᠢ ᠰᠣᠨᠤᠰᠤᠨ ᠶᠠᠷᠢᠯᠴᠠᠨ᠎ᠠ︔ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠎ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠳᠠᠪᠤᠳᠤᠭᠠᠷ ᠬᠤᠷᠠᠯ ᠤᠨ ᠬᠠᠮᠢᠶ᠎ᠠ ᠪᠦᠬᠦᠢ ᠮᠡᠲᠡᠭᠦᠯᠦᠯᠲᠡ ᠪᠤᠯᠤᠨ ᠰᠢᠢᠳᠪᠦᠷᠢ ᠶᠢ ᠬᠢᠨᠠᠨ ᠵᠦᠪᠯᠡᠵᠦ ᠪᠠᠲᠤᠯᠠᠨ᠎ᠠ︔ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ 2016 ᠣᠨ ᠤ ᠰᠢᠯᠢᠳᠡᠭ ᠰᠠᠨᠠᠯ ᠲᠤᠷᠠᠳᠤᠯᠭ᠎ᠠ ᠶᠢ ᠬᠦᠬᠢᠭᠦᠯᠦᠨ ᠰᠠᠶᠢᠰᠢᠶᠠᠨ᠎ᠠ︔ ᠠᠵᠢᠯᠳᠠᠨ ᠤ ᠶᠠᠪᠤᠳᠠᠯ ᠤᠨ ᠬᠠᠮᠢᠶ᠎ᠠ ᠪᠦᠬᠦᠢ ᠵᠦᠢᠯᠡᠰ ᠢ ᠬᠢᠨᠠᠨ ᠵᠦᠪᠯᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号