1 ᠳ᠋ᠤᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠭᠤᠤ ᠳ᠋ᠧ ᠭᠠᠵᠠᠷ ᠤᠨ ᠵᠢᠷᠤᠭ ᠯᠤᠭ᠎ᠠ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠦᠪᠳᠡᠯᠴᠡᠭᠡᠷ ᠲᠤ ᠭᠠᠷ ᠤᠨ ᠦᠰᠦᠭ ᠵᠢᠷᠤᠵᠤ᠂ ︽ᠢᠨᠲ᠋ᠧᠷ | ᠰᠦᠯᠵᠢᠶ᠎ᠡ + ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ︾ ᠶᠢ ᠡᠬᠢᠯᠡᠬᠦᠯᠪᠡ᠃ | ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠭᠤᠤ ᠳ᠋ᠧ ᠭᠠᠵᠠᠷ ᠤᠨ ᠵᠢᠷᠤᠭ ᠲᠠᠢ ᠬᠠᠮᠲᠤᠷᠠᠨ ᠪᠠᠶᠠᠷ | ᠳᠤᠷᠠᠰᠬᠠᠯ ᠤᠨ ᠡᠳᠦᠷ ᠤᠨ ᠵᠠᠮ ᠬᠠᠷᠢᠯᠴᠠᠭᠠᠨ ᠤ ᠤᠷᠢᠳᠴᠢᠯᠠᠭᠰᠠᠨ ᠮᠡᠳᠡᠭᠡ ᠶᠢ ᠨᠡᠶᠢᠲᠡᠯᠡᠵᠦ᠂ ᠬᠤᠶᠠᠷ | ᠲᠠᠯ᠎ᠠ ᠶᠢᠨ ᠬᠢᠨ ᠲᠤᠰ ᠲᠤᠰ ᠤᠨ ᠪᠠᠨ ᠵᠠᠬᠢᠷᠴᠤ ᠪᠠᠶᠢᠭ᠎ᠠ ᠵᠠᠮ ᠬᠠᠷᠢᠯᠴᠠᠭᠠᠨ ᠤ ᠤᠷᠤᠰᠬᠠᠯ ᠤᠨ ᠲᠤᠭ᠎ᠠ | ᠪᠠᠷᠢᠮᠲᠠ ᠶᠢ ᠵᠠᠳᠠᠯᠤᠭᠠᠳ ᠡᠮᠬᠢᠯᠡᠨ ᠨᠡᠶᠢᠯᠡᠭᠦᠯᠦᠭᠰᠡᠨ ᠤ ᠰᠡᠭᠦᠯᠡᠷ ᠨᠢᠭᠡᠨ ᠰᠢᠰᠲ᠋ᠧᠮ ᠳᠡᠭᠡᠷ᠎ᠡ ᠢᠯᠡᠷᠡᠭᠦᠯᠵᠤ᠂ | ᠵᠠᠮ ᠤᠨ ᠪᠠᠶᠢᠳᠠᠯ ᠤᠨ ᠮᠡᠳᠡᠭᠡ ᠵᠠᠩᠭᠢ ᠶᠢᠨ ᠪᠦᠷᠬᠦᠴᠡ ᠶᠢᠨ ᠨᠤᠷᠮ᠎ᠠ ᠶᠢ ᠶᠡᠭᠡ ᠪᠠᠷ ᠳᠡᠭᠡᠭᠰᠢᠯᠡᠭᠦᠯᠬᠦ ᠪᠤᠯᠤᠨ᠎ᠠ᠃ | ᠤᠯᠠᠨ ᠲᠦᠮᠡᠨ ᠭᠤᠤ ᠳ᠋ᠧ ᠭᠠᠵᠠᠷ ᠤᠨ ᠵᠢᠷᠤᠭ ᠢᠶᠠᠷ ᠵᠠᠮ ᠵᠠᠰᠠᠯᠲᠠ᠂ ᠵᠠᠮ ᠬᠠᠷᠢᠯᠴᠠᠭᠠᠨ ᠤ ᠠᠳᠡᠯ ᠵᠡᠷᠭᠡ ᠨᠡᠩ | ᠣᠨᠣᠪᠴᠢᠲᠠᠶ ᠵᠠᠮ ᠤᠨ ᠪᠠᠶᠢᠳᠠᠯ᠂ ᠡᠮᠦᠨ᠎ᠡ ᠪᠠᠶᠢᠭ᠎ᠠ ᠵᠠᠮ ᠬᠠᠷᠢᠯᠴᠠᠭᠠᠨ ᠤ ᠲᠦᠭᠵᠢᠷᠡᠯ ᠤᠨ ᠰᠠᠨᠠᠭᠤᠯᠭ᠎ᠠ ᠵᠡᠷᠭᠡ ᠵᠡᠮ | ᠬᠠᠷᠢᠯᠴᠠᠭᠠᠨ ᠤ ᠮᠡᠳᠡᠭᠡ ᠵᠠᠩᠭᠢ ᠶᠢ ᠤᠶᠢᠯᠠᠭᠠᠵᠤ᠂ ᠡᠭᠦᠨ ᠤ ᠤᠯᠠᠮ ᠠᠴᠠ ᠵᠠᠮ ᠬᠠᠷᠢᠯᠴᠠᠭᠠᠨ ᠤ ᠲᠦᠭᠵᠢᠷᠡᠯ ᠠᠴᠠ | ᠵᠠᠶᠢᠯᠠᠵᠤ᠂ ᠭᠠᠷᠴᠤ ᠠᠶᠠᠯᠠᠬᠤ ᠵᠠᠮ ᠱᠤᠭᠤᠮ ᠢᠶᠠᠨ ᠤᠶᠤᠨᠴᠢᠷ ᠢᠶᠠᠷ ᠰᠤᠩᠭᠤᠵᠤ ᠳᠡᠶᠢᠯᠬᠦ ᠪᠤᠯᠤᠨ᠎ᠠ᠃ | ᠭᠤᠤ ᠳ᠋ᠧ ᠭᠠᠵᠠᠷ ᠤᠨ ᠵᠢᠷᠤᠭ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠲᠤᠰᠬᠠᠶᠢᠯᠠᠭᠰᠠᠨ ᠵᠠᠮ ᠬᠠᠷᠢᠯᠴᠠᠭᠠᠨ ᠤ | ᠮᠡᠳᠡᠭᠡ ᠵᠠᠩᠭᠢ ᠶᠢᠨ ᠵᠠᠳᠠᠯᠤᠯᠲᠠ ᠶᠢᠨ ᠲᠠᠪᠴᠠᠩ ᠢ ᠨᠡᠭᠡᠭᠡᠨ ᠬᠦᠭᠵᠢᠬᠦᠯᠪᠡ᠂ ᠲᠤᠰ ᠲᠠᠪᠴᠠᠩ ᠨᠢ ︽ᠬᠤᠳᠠ ᠶᠢᠨ | ᠵᠠᠮ ᠬᠠᠷᠢᠯᠴᠠᠭᠠᠨ ᠤ ᠲᠦᠭᠵᠢᠷᠡᠯ ᠤᠨ ᠴᠢᠭ᠋ ᠤᠨ ᠵᠢᠭᠰᠠᠭᠠᠯᠲᠠ︾᠂ ︽ᠡᠷᠬᠡ ᠰᠦᠷᠲᠦ ᠵᠠᠮ ᠬᠠᠷᠢᠯᠴᠠᠭᠠᠨ ᠤ | ᠬᠡᠷᠡᠭ︾ ᠵᠡᠷᠭᠡ ᠵᠠᠮ ᠬᠠᠷᠢᠯᠴᠠᠭᠠᠨ ᠤ ᠮᠡᠳᠡᠭᠡ ᠵᠠᠩᠭᠢ ᠶᠢᠨ ᠵᠠᠳᠠᠯᠤᠯᠲᠠ ᠬᠢᠬᠦ ᠴᠢᠳᠠᠮᠵᠢ ᠲᠠᠢ ᠪᠦᠭᠡᠳ᠂ ᠪᠠᠰᠠ ᠵᠡᠮ | ᠬᠠᠷᠢᠯᠴᠠᠭᠠᠨ ᠤ ᠬᠡᠷᠡᠭ ᠶᠠᠪᠤᠳᠠᠯ ᠤᠨ ᠵᠢᠷᠤᠭ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠲᠤᠰᠬᠠᠶ ᠰᠡᠳᠦᠪ ᠵᠡᠷᠭᠡ | ᠬᠡᠰᠡᠭ ᠢ ᠪᠦᠷᠢᠳᠦᠭᠦᠯᠵᠠᠢ᠃ ᠳᠠᠷᠠᠭᠠᠴᠢ ᠶᠢᠨ ᠠᠯᠬᠤᠮ ᠳᠤ᠂ ᠪᠠᠰᠠ ᠮᠠᠭᠤᠬᠠᠢ ᠴᠠᠭ ᠠᠭᠤᠷ ᠣᠷᠴᠢᠨ ᠲᠤᠭᠤᠷᠢᠨ ᠤ | ᠮᠡᠳᠡᠭᠡ ᠵᠠᠩᠭᠢ ᠶᠢ ᠨᠡᠶᠢᠲᠡᠯᠡᠬᠦ ᠬᠡᠰᠡᠭ ᠢ ᠨᠡᠮᠡᠭᠳᠡᠬᠦᠯᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠪᠤᠯᠤᠨ | ᠰᠢᠶᠳᠪᠦᠷᠢᠲᠦ ᠪᠤᠳᠤᠯᠭ᠎ᠠ ᠳᠤ ᠨᠡᠩ ᠪᠦᠬᠦ ᠲᠠᠯ᠎ᠠ ᠶᠢᠨ ᠤᠶᠤᠨᠴᠢᠷ ᠦᠢᠯᠡᠴᠢᠯᠡᠭᠡ ᠬᠠᠨᠭ᠍ᠭᠠᠬᠤ ᠪᠤᠯᠤᠨ᠎ᠠ᠃ |