ᠥᠪᠥᠷ ᠮᠤᠩᠭᠤᠯ ᠺᠠᠳ᠋ᠷ ᠢ ︽ᠠᠰᠠᠭᠤᠳᠠᠯ ᠲᠠᠢ ᠪᠠᠶᠢᠲᠠᠯ᠎ᠠ ᠰᠢᠯᠢᠨ ᠳᠡᠪᠰᠢᠭᠦᠯᠬᠦ︾᠎ ᠶᠢ ᠰᠡᠷᠭᠡᠶᠢᠯᠡᠬᠦ ᠲᠤᠬᠠᠢ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2017/1/11
     ᠥᠪᠥᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ      ︽ᠺᠠᠳ᠋ᠷ ᠢ ︿ᠠᠰᠠᠭᠤᠳᠠᠯ ᠲᠠᠢ ᠪᠠᠶᠢᠲᠠᠯ᠎ᠠ ᠰᠢᠯᠢᠨ ᠳᠡᠪᠰᠢᠭᠦᠯᠬᠦ﹀᠎ ᠶᠢ ᠰᠡᠷᠭᠡᠶᠢᠯᠡᠬᠦ ᠲᠤᠬᠠᠢ ᠬᠡᠷᠡᠭᠵᠢᠭᠦᠯᠬᠦ      ᠰᠠᠨᠠᠯ︾᠎ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠯ᠎ᠡ ᠬᠡᠯᠲᠡᠰ ᠵᠦᠪᠯᠡᠯ᠂ ᠦᠪᠡᠷᠲᠡᠭᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ ᠲᠤᠪᠴᠢᠶ᠎ᠠ ᠪᠤᠯᠤᠨ ᠡᠯ᠎ᠡ ᠠᠷᠠᠳ ᠤᠨ ᠪᠦᠯᠬᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠎ ᠳᠤ᠄      ︽ᠺᠠᠳ᠋ᠷ ᠢ ︿ᠠᠰᠠᠭᠤᠳᠠᠯ ᠲᠠᠢ ᠪᠠᠶᠢᠲᠠᠯ᠎ᠠ ᠰᠢᠯᠢᠨ ᠳᠡᠪᠰᠢᠭᠦᠯᠬᠦ﹀᠎ ᠶᠢ ᠰᠡᠷᠭᠡᠶᠢᠯᠡᠬᠦ ᠲᠤᠬᠠᠢ ᠬᠡᠷᠡᠭᠵᠢᠭᠦᠯᠬᠦ ᠰᠠᠨᠠᠯ︾᠎ ᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠷ ᠵᠦᠪᠰᠢᠶᠡᠷᠡᠭᠦᠯᠵᠦ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠤᠩᠭᠤᠯ ᠤᠨ      ᠦᠪᠡᠷᠲᠡᠭᠡᠨ ᠵᠠᠰᠠᠬᠤ ᠤᠷᠤᠨ ᠤ ᠬᠤᠷᠢᠶ᠎ᠠ ᠶᠢᠨ ᠠᠯᠪᠠᠨ ᠲᠢᠩᠬᠢᠮ                              2016 ᠣᠨ ᠤ 12 ᠳ᠋ᠤᠭᠠᠷ ᠰᠠᠷ᠎ᠠ ᠶᠢᠨ 30᠎ ᠤ ᠡᠳᠦᠷ      ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠵᠦ᠂ ᠺᠠᠳ᠋ᠷ ᠢ ᠴᠢᠩᠭ᠎ᠠ ᠬᠠᠮᠢᠶᠠᠷᠬᠤ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠵᠦ᠂ ᠺᠠᠳ᠋ᠷ ᠤᠨ ᠠᠵᠢᠯ ᠤᠨ ᠰᠠᠭᠢᠯᠭ᠎ᠠ ᠪᠠᠳᠤ ᠶᠢ ᠴᠢᠩᠳᠠᠯᠠᠵᠦ᠂ ᠺᠠᠳ᠋ᠷ ᠢ ︽ᠠᠰᠠᠭᠤᠳᠠᠯ ᠲᠠᠢ ᠪᠡᠶᠢᠳᠠᠯ᠎ᠠ ᠰᠢᠯᠢᠨ ᠲᠡᠪᠰᠢᠭᠦᠯᠭᠦ︾᠎ ᠶᠢ ᠪᠦᠲᠦᠮᠵᠢᠳᠠᠢ ᠰᠡᠷᠭᠡᠶᠢᠯᠡᠵᠤ᠂ ᠬᠦᠮᠦᠨ ᠰᠤᠩᠭᠤᠨ ᠬᠡᠷᠡᠭᠯᠡᠭᠦ ᠴᠢᠨᠠᠷ ᠴᠢᠨᠰᠠᠭ᠎ᠠ ᠶᠢ ᠪᠠᠳᠤᠯᠠᠬᠤ ᠶᠢᠨ ᠲᠦᠯᠦᠭᠡ᠂ ︽ᠨᠠᠮ ᠵᠠᠰᠠᠭ ᠤᠨ ᠤᠳᠤᠷᠢᠳᠬᠤ ᠺᠠᠳ᠋ᠷ ᠢ ᠰᠤᠩᠭᠤᠨ ᠬᠡᠷᠡᠭᠯᠡᠭᠦ ᠠᠵᠢᠯ ᠎ ᠤᠨ ᠲᠦᠷᠢᠮ︾ ᠪᠠ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠭᠢᠮ ᠤᠨ ᠲᠠᠷᠤᠮᠠᠯᠯᠠᠨ ᠶᠠᠪᠤᠭᠤᠯᠤᠭᠰᠠᠨ ︿ᠺᠠᠳ᠋ᠷ ᠢ ︵ᠠᠰᠠᠭᠤᠳᠠᠯ ᠲᠠᠢ ᠪᠠᠶᠢᠳᠠᠯ᠎ᠠ ᠰᠢᠯᠢᠨ ᠲᠡᠪᠰᠢᠭᠦᠯᠭᠦ︶᠎ ᠶᠢ ᠰᠡᠷᠭᠡᠶᠢᠯᠡᠬᠦ ᠲᠤᠬᠠᠢ ᠬᠡᠷᠡᠭᠵᠢᠭᠦᠯᠭᠦ ᠰᠠᠨᠠᠯ﹀᠎ ᠤᠨ ᠮᠡᠳᠡᠭᠳᠡᠯ︾ ︵ᠲᠦᠪ ᠠᠯᠪᠠᠨ ᠲᠠᠷᠬᠠᠭᠠᠬᠰᠠᠨ ︹2016︺59 ᠳ᠋ᠦ᠋ᠭᠡᠷ ᠲᠣᠭᠠᠲᠤ︶᠎ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠵᠦ᠂ ᠲᠤᠰ ᠬᠡᠷᠡᠭᠵᠢᠭᠦᠯᠭᠦ ᠰᠠᠨᠠᠯ ᠢ ᠲᠤᠬᠳᠠᠭᠠᠪᠠ᠃      ᠨᠢᠭᠡ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ      1. ᠨᠠᠮ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠳᠠᠯᠠᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠬᠦᠮᠦᠨ ᠰᠤᠩᠭᠤᠨ ᠬᠡᠷᠡᠭᠯᠡᠭᠦ ᠳᠤ ᠭᠤᠤᠯ ᠴᠤᠬᠴᠠ ᠶᠢᠨ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠎ ᠶᠢᠨ ᠱᠦᠵᠢ ᠨᠢᠭᠡᠲᠦᠭᠡᠷ ᠬᠠᠷᠢᠭᠤᠴᠠᠯᠭᠠᠳᠠᠨ ᠪᠤᠯᠵᠦ᠂ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠪᠠ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠭ᠎ᠠ ᠲᠤᠰᠪᠤᠷᠢ ᠰᠢᠭᠤᠳ ᠬᠠᠷᠢᠭᠤᠴᠠᠯᠭ᠎ᠠ ᠪᠠ ᠬᠢᠨᠠᠯᠳᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠭᠦ ᠬᠡᠷᠡᠭᠳᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠪᠠ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ᠂ ᠰᠠᠭᠢᠯᠭ᠎ᠠ ᠪᠠᠳᠤ ᠪᠠᠶᠢᠴᠠᠭᠠᠬᠤ ᠪᠠᠶᠢᠭᠤᠯᠭ᠎ᠠ ᠵᠢᠴᠢ ᠬᠠᠮᠢᠶ᠎ᠠ ᠪᠦᠭᠦᠢ ᠤᠳᠤᠷᠢᠳᠬᠤ ᠺᠠᠳ᠋ᠷ ᠢ ᠬᠢᠨᠠᠨ ᠦᠨᠡᠯᠡᠭᠦ ᠳᠤ ᠬᠦᠮᠦᠨ ᠰᠤᠩᠭᠤᠨ ᠬᠡᠷᠡᠭᠯᠡᠭᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢᠶᠠᠷ ᠴᠢᠬᠤᠯᠠ ᠠᠭᠤᠯᠭ᠎ᠠ ᠪᠤᠯᠭᠠᠬᠤ ᠬᠡᠷᠡᠭᠳᠡᠢ᠃      2. ᠵᠦᠪ ᠤᠨᠤᠪᠴᠢᠳᠠᠢ ᠬᠦᠮᠦᠨ ᠬᠡᠷᠡᠭᠯᠡᠭᠦ ᠤᠳᠤᠷᠢᠳᠤᠮᠵᠢ ᠶᠢ ᠪᠤᠢ ᠪᠤᠯᠭᠠᠬᠤ ᠬᠡᠷᠡᠭᠳᠡᠢ᠃ ᠺᠠᠳ᠋ᠷ ᠢ ᠰᠤᠩᠭᠤᠨ ᠬᠡᠷᠡᠭᠯᠡᠭᠦ ᠳᠤ ᠡᠷᠭᠡᠪᠰᠢ ᠨᠠᠮ ᠤᠨ ᠲᠦᠷᠢᠮ ᠳᠤ ᠲᠤᠬᠳᠠᠭᠠᠬᠰᠠᠨ ᠺᠠᠳ᠋ᠷ ᠤᠨ ᠨᠦᠭᠦᠴᠡᠯ ᠢ ᠪᠠᠷᠢᠮᠳᠠᠯᠠᠵᠦ᠂ ᠮᠤᠷᠠᠯ ᠴᠢᠳᠠᠪᠤᠷᠢ ᠬᠤᠤᠰᠯᠠᠵᠦ᠂ ᠮᠤᠷᠠᠯ ᠢ ᠲᠡᠷᠢᠭᠦᠨ ᠳᠤ ᠲᠠᠯᠪᠢᠬᠤ᠂ ᠠᠵᠢᠯ ᠦᠢᠯᠡᠰ ᠢᠶᠠᠨ ᠲᠡᠭᠡᠳᠤᠯᠠᠵᠦ᠂ ᠲᠦᠪ ᠭᠤᠤᠯᠴᠢ ᠪᠠᠶᠢᠬᠤ᠂ ᠪᠤᠳᠠᠳᠠᠢ ᠶᠢ ᠬᠦᠨᠳᠤᠳᠭᠡᠵᠦ᠂ ᠤᠯᠠᠨ ᠲᠦᠮᠡᠨ ᠳᠤ ᠮᠡᠳᠡᠷᠡᠭᠳᠡᠭᠦ᠂ ᠢᠳᠡᠭᠡᠯ ᠪᠢᠰᠢᠷᠡᠯ ᠪᠠᠳᠤ ᠴᠢᠩᠭ᠎ᠠ᠂ ᠠᠷᠠᠳ ᠲᠦᠮᠡᠨ ᠳᠤ ᠦᠢᠯᠡᠴᠢᠯᠡᠵᠦ᠂ ᠠᠵᠢᠯᠴᠢ ᠬᠢᠴᠢᠶᠡᠩᠭᠦᠢ ᠪᠠᠷ ᠵᠠᠰᠠᠬ ᠪᠠᠷᠢᠵᠦ ᠦᠨᠡᠨ ᠢ ᠪᠠᠷᠢᠮᠳᠠᠯᠠᠬᠤ᠂ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠭᠦ᠂ ᠠᠷᠢᠭᠤᠨ ᠴᠢᠭᠡᠴᠢ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠳᠠᠯᠠᠬᠤ ᠬᠡᠷᠡᠭᠳᠡᠢ︔ ︽ᠭᠤᠷᠪᠠᠨ ᠴᠢᠩᠭ᠎ᠠ ᠭᠤᠷᠪᠠᠨ ᠪᠤᠳᠠᠳᠠᠢ︾᠎ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠲᠠᠢ᠂ ᠦᠭᠡᠷᠡᠴᠢᠯᠠᠯᠳᠠ ᠶᠢ ᠰᠡᠳᠭᠢᠵᠦ ᠬᠦᠭᠵᠢᠯᠳᠠ ᠶᠢ ᠠᠬᠢᠭᠤᠯᠬᠤ ᠬᠢᠷᠢ ᠪᠦᠲᠦᠮᠵᠢ ᠲᠤᠪᠤᠶᠢᠮ᠎ᠠ ᠺᠠᠳ᠋ᠷ ᠢ ᠬᠦᠴᠦᠯᠡᠨ ᠬᠦᠮᠦᠵᠢᠭᠦᠯᠵᠦ᠂ ᠵᠤᠷᠢᠬᠳᠠᠢ ᠪᠠᠷ ᠬᠡᠷᠡᠭᠯᠡᠭᠦ ᠬᠡᠷᠡᠭᠳᠡᠢ᠃      3. ᠴᠢᠭᠡᠴᠢ ᠵᠠᠰᠠᠬ ᠤᠨ ᠪᠤᠭᠤᠮᠳᠠ ᠶᠢ ᠴᠢᠩᠭ᠎ᠠ ᠰᠠᠬᠢᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠤᠳᠤᠷᠢᠳᠬᠤ ᠪᠠ ᠪᠤᠭᠤᠮᠳᠠ ᠰᠠᠬᠢᠬᠤ ᠦᠢᠯᠡᠳᠤᠯ ᠢᠶᠠᠨ ᠰᠠᠶᠢᠳᠤᠷ ᠪᠠᠳᠠᠷᠠᠭᠤᠯᠵᠦ᠂ ᠲᠤᠰᠢᠶᠠᠯ ᠳᠤ ᠲᠤᠮᠢᠯᠠᠬᠤ ᠪᠠᠷ ᠪᠠᠶᠢᠭ᠎ᠠ ᠵᠢᠱᠢᠭᠳᠡᠭᠴᠢ ᠶᠢᠨ ᠴᠢᠭᠡᠴᠢ ᠵᠠᠰᠠᠬ ᠤᠨ ᠰᠠᠨᠠᠯ ᠳᠤ ᠭᠠᠷ ᠎ ᠤᠨ ᠦᠰᠦᠭ ᠵᠢᠷᠤᠬᠤ ᠲᠦᠷᠢᠮ ᠢ ᠬᠡᠷᠡᠭᠵᠢᠭᠦᠯᠭᠦ ᠬᠡᠷᠡᠭᠳᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠲᠡᠪᠰᠢᠭᠦᠯᠤᠨ ᠲᠤᠮᠢᠯᠠᠬᠤ ᠪᠠᠷ ᠪᠠᠶᠢᠭ᠎ᠠ ᠵᠢᠱᠢᠭᠳᠡᠭᠴᠢ ᠪᠤᠶᠤ ᠴᠢᠨᠠᠬᠰᠢᠳᠠ ᠬᠡᠷᠡᠭᠯᠡᠭᠦ ᠪᠠᠷ ᠪᠠᠶᠢᠭ᠎ᠠ ᠵᠢᠱᠢᠭᠳᠡᠭᠴᠢ ᠶᠢ ᠲᠡᠭᠡᠳᠤ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠳᠠᠭᠠᠨ ᠲᠠᠨᠢᠯᠴᠠᠭᠤᠯᠤᠨ ᠮᠡᠳᠡᠭᠦᠯᠵᠦ᠂ ᠪᠠᠶᠢᠡᠭᠭᠤ ᠶᠢᠨ ᠴᠢᠨᠠᠷᠳᠠᠢ ᠬᠢᠨᠠᠨ ᠦᠨᠡᠯᠡᠭᠰᠡᠨ ᠪᠠᠶᠢᠳᠠᠯ᠂ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠭᠰᠡᠨ ᠪᠠᠶᠢᠳᠠᠯ᠂ ᠲᠤᠭᠤᠷᠢᠨ ᠦᠵᠡᠵᠦ ᠲᠤᠭᠤᠷᠢᠨ ᠪᠠᠶᠢᠴᠠᠭᠠᠬᠰᠠᠨ ᠪᠠ ᠬᠢᠨᠠᠨ ᠪᠤᠳᠤᠯᠳᠠ ᠶᠢᠨ ᠪᠠᠶᠢᠳᠠᠯ ᠢ ᠨᠠᠷᠢᠨ ᠬᠢᠨᠠᠮᠠᠭᠠᠢ ᠡᠮᠬᠢᠳᠭᠡᠵᠦ᠂ ᠵᠢᠱᠢᠭᠳᠡᠭᠴᠢ ᠶᠢᠨ ᠠᠷᠢᠭᠤᠨ ᠴᠢᠭᠡᠴᠢ ᠪᠡᠶ᠎ᠡ ᠪᠠᠨ ᠱᠠᠭᠠᠷᠳᠠᠬᠤ ᠪᠠᠶᠢᠳᠠᠯ ᠳᠤ ᠨᠠᠷᠢᠨ ᠬᠢᠨᠠᠮᠠᠭᠠᠢ ᠬᠠᠷᠢᠭᠤᠴᠠᠨ ᠳ᠋ᠦᠩᠨᠡᠯᠲᠡ ᠶᠢᠨ ᠴᠢᠨᠠᠷᠳᠠᠢ ᠰᠠᠨᠠᠯ ᠭᠠᠷᠭᠠᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠎ ᠶᠢᠨ ᠱᠦᠵᠢ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ︵ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ︶ ᠰᠠᠨᠠᠯ ᠳᠤ ᠭᠠᠷ ᠤᠨ ᠦᠰᠦᠭ ᠵᠢᠷᠤᠬᠤ ᠬᠡᠷᠡᠭᠳᠡᠢ᠃ ᠰᠠᠬᠢᠯᠭ᠎ᠠ ᠪᠠᠳᠤ ᠪᠠᠶᠢᠴᠠᠭᠠᠬᠤ᠂ ᠬᠢᠨᠠᠨ ᠪᠠᠶᠢᠴᠠᠭᠠᠬᠤ ᠪᠠᠶᠢᠭᠤᠯᠭ᠎ᠠ᠂ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ᠂ ᠺᠠᠳ᠋ᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠪᠤᠭᠤᠮᠳᠠ ᠰᠠᠬᠢᠬᠤ ᠬᠠᠷᠢᠭᠤᠴᠠᠯᠭ᠎ᠠ ᠶᠢ ᠴᠢᠩᠭ᠎ᠠ ᠭᠦᠢᠴᠡᠳᠭᠡᠵᠦ᠂ ᠵᠢᠱᠢᠭᠳᠡᠭᠴᠢ ᠶᠢᠨ ᠠᠷᠢᠭᠤᠨ ᠴᠢᠭᠡᠴᠢ ᠪᠠᠶ᠎ᠠ ᠪᠠᠨ ᠱᠠᠭᠠᠷᠳᠠᠬᠤ ᠪᠠᠶᠢᠳᠠᠯ ᠳᠤ ᠲᠤᠳᠤᠷᠬᠠᠢ ᠰᠠᠨᠠᠯ ᠲᠤᠷᠠᠳᠤᠨ ᠭᠠᠷᠭᠠᠬᠤ ᠬᠡᠷᠡᠭᠳᠡᠢ᠃      ᠬᠤᠶᠠᠷ᠂ ᠡᠳᠦᠷ ᠲᠤᠳᠤᠮ ᠤᠨ ᠤᠶᠢᠯᠠᠭᠠᠯᠳᠠ ᠪᠠᠨ ᠭᠦᠨᠵᠡᠭᠡᠶᠢᠷᠡᠭᠦᠯᠬᠦ ᠬᠡᠷᠡᠭᠳᠡᠢ      4. ᠺᠠᠳ᠋ᠷ ᠢ ᠢᠯᠭᠠᠨ ᠲᠠᠨᠢᠬᠤ ᠠᠷᠭ᠎ᠠ ᠵᠠᠮ ᠢᠶᠠᠨ ᠦᠷᠭᠡᠳᠭᠡᠭᠦ ᠬᠡᠷᠡᠭᠳᠡᠢ᠃ ᠺᠠᠳ᠋ᠷᠴᠤᠳ ᠲᠠᠢ ᠦᠷᠭᠦᠯᠵᠢ ᠶᠢᠨ ᠴᠢᠨᠠᠷᠳᠠᠢ᠂ ᠵᠠᠷᠴᠢᠮ ᠲᠠᠢ ᠪᠠᠷ ᠦᠷᠭᠡᠨ ᠲᠡᠯᠭᠡᠷ ᠬᠠᠷᠢᠯᠴᠠᠵᠦ᠂ ᠺᠠᠳ᠋ᠷ ᠢ ᠤᠯᠠᠨ ᠠᠷᠭ᠎ᠠ ᠵᠠᠮ᠂ ᠤᠯᠠᠨ ᠲᠡᠰ ᠲᠠᠪᠬᠤᠷᠭ᠎ᠠ᠂ ᠤᠯᠠᠨ ᠲᠠᠯ᠎ᠠ ᠠᠴᠠ ᠢᠯᠭᠠᠨ ᠲᠠᠨᠢᠬᠤ ᠬᠡᠷᠡᠭᠳᠡᠢ᠃ ᠶᠠᠷᠤᠳᠠ ᠶᠢᠨ ᠬᠢᠨᠠᠨ ᠦᠨᠡᠯᠡᠯᠳᠠ ᠶᠢ ᠴᠢᠩᠭᠠᠳᠬᠠᠵᠦ᠂ ︽ᠤᠳᠤᠷᠢᠳᠬᠤ ᠺᠠᠳ᠋ᠷ ᠪᠠ ᠤᠳᠤᠷᠢᠳᠬᠤ ᠺᠠᠳ᠋ᠷ ᠤᠨ ᠶᠡᠷᠦᠳᠠ ᠶᠢᠨ ᠬᠢᠨᠠᠨ ᠦᠨᠡᠯᠡᠭᠦ ᠠᠷᠭ᠎ᠠ ︵ᠲᠤᠷᠰᠢᠨ ᠬᠡᠷᠡᠭᠯᠡᠭᠦ︶︾᠎ ᠶᠢ ᠨᠠᠶᠢᠳᠠᠪᠤᠷᠢᠵᠢᠭᠤᠯᠵᠦ᠂ ᠲᠤᠭᠤᠷᠢᠨ ᠦᠵᠡᠵᠦ ᠲᠤᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠱᠠᠯᠠᠪᠳᠠᠭᠤᠯᠤᠨ ᠪᠠᠶᠢᠴᠠᠭᠠᠬᠤ ᠵᠡᠷᠭᠡ ᠠᠷᠭ᠎ᠠ ᠶᠢ ᠶᠡᠷᠦᠩᠭᠡᠶᠢᠯᠡᠨ ᠬᠡᠷᠡᠭᠯᠡᠵᠦ᠂ ᠺᠠᠳ᠋ᠷᠴᠤᠳ ᠤᠨ ᠡᠳᠦᠷ ᠲᠤᠳᠤᠮ ᠤᠨ ᠢᠯᠡᠷᠡᠯ ᠳᠤ ᠬᠦᠳᠡᠯᠦᠩᠭᠦᠢ ᠴᠢᠨᠠᠷᠳᠠᠢ᠂ ᠪᠠᠶᠢᠡᠭᠭᠤ ᠶᠢᠨ ᠴᠢᠨᠠᠷᠳᠠᠢ ᠬᠢᠨᠠᠨ ᠦᠨᠡᠯᠡᠯᠳᠡ ᠬᠢᠵᠦ᠂ ᠺᠠᠳ᠋ᠷᠴᠤᠳ ᠤᠨ ᠡᠳᠦᠷ ᠲᠤᠳᠤᠮ ᠤᠨ ᠵᠠᠩ ᠴᠢᠨᠠᠷ ᠪᠠ ᠢᠯᠡᠷᠡᠯ ᠢ ᠭᠦᠨᠵᠡᠭᠡᠢ ᠤᠶᠢᠯᠠᠭᠠᠬᠤ ᠬᠡᠷᠡᠭᠳᠡᠢ᠃ ᠲᠤᠰᠬᠠᠢ ᠲᠦᠷᠦᠯ ᠤᠨ ᠬᠢᠨᠠᠨ ᠦᠨᠡᠯᠡᠯᠳᠡ ᠶᠢ ᠴᠢᠩᠭᠠᠳᠬᠠᠵᠦ᠂ ᠺᠠᠳ᠋ᠷᠴᠤᠳ ᠤᠨ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠦᠶ᠎ᠠ᠂ ᠵᠠᠩᠭᠢᠯᠠᠭ᠎ᠠ ᠶᠢᠨ ᠴᠠᠬ ᠮᠦᠴᠠ ᠶᠢᠨ ᠢᠯᠡᠷᠡᠯ ᠢ ᠤᠶᠢᠯᠠᠭᠠᠬᠤ ᠶᠢ ᠴᠢᠬᠤᠯᠠᠴᠢᠯᠠᠨ ᠦᠵᠡᠭᠦ ᠬᠡᠷᠡᠭᠳᠡᠢ᠃ ᠣᠨ ᠎ ᠤ ᠬᠢᠨᠠᠨ ᠦᠨᠡᠯᠡᠯᠳᠡ᠂ ᠤᠨᠴᠠ ᠵᠠᠷᠢᠮ ᠲᠤᠰᠢᠶᠠᠯ ᠳᠤ ᠲᠡᠪᠰᠢᠭᠦᠯᠵᠦ ᠲᠤᠮᠢᠯᠠᠬᠤ ᠪᠠᠷ ᠵᠢᠱᠢᠭᠳᠡᠭᠴᠢ ᠶᠢᠨ ᠪᠠᠶᠢᠴᠠᠭᠠᠯᠳᠠ᠂ ᠬᠤᠭᠤᠴᠠᠭ᠎ᠠ ᠰᠤᠯᠢᠬᠤ ︵ᠲᠤᠰᠢᠶᠠᠯ ᠤᠨ ᠬᠤᠭᠤᠴᠠᠭ᠎ᠠ︶ ᠪᠠᠶᠢᠴᠠᠭᠠᠯᠳᠠ ᠶᠢ ᠴᠢᠩᠭᠠᠳᠬᠠᠵᠦ᠂ ᠠᠵᠢᠯ ᠤᠨ ᠡᠭᠦᠷᠭᠡ᠂ ᠤᠳᠤᠷᠢᠳᠬᠤ ᠪᠠᠬ ᠪᠠ ᠺᠠᠳ᠋ᠷ ᠤᠨ ᠡᠩᠨᠡᠭᠡ ᠶᠢᠨ ᠪᠠᠶᠢᠭᠤᠯᠤᠯᠳᠠ᠂ ᠨᠠᠮ ᠤᠨ ᠰᠤᠷᠳᠠᠯ ᠴᠢᠭᠡᠴᠢ ᠵᠠᠰᠠᠬ ᠤᠨ ᠪᠠᠶᠢᠭᠤᠯᠤᠯᠳᠠ ᠶᠢᠨ ︽ᠭᠤᠷᠪᠠ ᠶᠢ ᠨᠢᠭᠡ ᠴᠤᠬᠴᠠᠵᠢᠭᠤᠯᠬᠤ︾ ᠶᠡᠷᠦᠩᠭᠡᠶᠢᠯᠡᠭᠰᠡᠨ ᠬᠢᠨᠠᠨ ᠦᠨᠡᠯᠡᠯᠳᠡ ᠶᠢ ᠴᠢᠩᠭᠠᠷᠠᠭᠤᠯᠵᠦ᠂ ᠺᠠᠳ᠋ᠷᠴᠤᠳ ᠤᠨ ᠮᠤᠷᠠᠯ ᠴᠢᠳᠠᠪᠤᠷᠢ ᠶᠢᠨ ᠢᠯᠡᠷᠡᠯ᠂ ᠴᠢᠬᠤᠯᠠ ᠪᠠᠶᠢᠳᠠᠯ ᠪᠠ ᠤᠯᠠᠨ ᠲᠦᠮᠡᠨ ᠤ ᠲᠤᠮᠳᠠᠬᠢ ᠲᠦᠷᠢ ᠲᠦᠷᠭᠦ ᠶᠢ ᠪᠦᠭᠦ ᠲᠠᠯ᠎ᠠ ᠪᠠᠷ ᠡᠵᠡᠮᠰᠢᠭᠦ ᠬᠡᠷᠡᠭᠳᠡᠢ᠃      5. ᠰᠠᠨᠠᠭ᠎ᠠ ᠪᠠᠨ ᠮᠡᠳᠡᠯᠴᠡᠨ ᠰᠡᠳᠬᠢᠯ ᠢᠶᠠᠨ ᠤᠯᠤᠯᠴᠠᠬᠤ ᠠᠵᠢᠯᠯᠠᠭ᠎ᠠ ᠶᠢ ᠬᠢᠨᠠᠮᠠᠭᠠᠢ ᠦᠷᠨᠢᠬᠦᠯᠬᠦ ᠬᠡᠷᠡᠭᠳᠡᠢ᠃ ᠵᠤᠬᠢᠶᠠᠨ ᠪᠠᠶᠢᠭᠤᠯᠤᠯᠳᠠ ᠠᠴᠠ ᠪᠤᠯᠵᠤᠨ ᠶᠠᠷᠢᠯᠴᠠᠬᠤ᠂ ᠺᠠᠳ᠋ᠷ ᠪᠤᠯᠵᠤᠨ ᠶᠠᠷᠢᠯᠴᠠᠬᠤ ︽ᠬᠤᠤᠰ ᠴᠢᠭᠯᠡᠯ ᠤᠨ ᠪᠤᠯᠵᠤᠨ ᠶᠠᠷᠢᠯᠴᠠᠬᠤ︾ ᠲᠦᠷᠢᠮ ᠢ ᠨᠠᠶᠢᠳᠠᠪᠤᠷᠢᠵᠢᠭᠤᠯᠵᠤ᠂ ᠶᠠᠷᠢᠯᠴᠠᠬᠤ ᠠᠷᠭ᠎ᠠ ᠬᠡᠯᠪᠡᠷᠢ ᠶᠢ ᠰᠠᠶᠢᠵᠢᠷᠠᠭᠤᠯᠵᠤ᠂ ᠶᠠᠷᠢᠯᠴᠠᠭ᠎ᠠ ᠶᠢᠨ ᠠᠭᠤᠯᠭ᠎ᠠ ᠶᠢ ᠦᠷᠭᠡᠳᠭᠡᠨ᠂ ᠶᠠᠷᠢᠯᠴᠠᠭ᠎ᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ᠂ ᠺᠠᠳ᠋ᠷ ᠤᠨ ᠶᠡᠷᠦᠩᠭᠡᠢ ᠭᠡᠪ ᠪᠤᠯᠪᠠᠰᠤᠷᠠᠯ᠂ ᠦᠵᠡᠯᠳᠠ ᠲᠠᠨᠢᠯᠳᠠ᠂ ᠵᠠᠩ ᠴᠢᠨᠠᠷ᠂ ᠶᠤᠰᠤ ᠰᠤᠷᠳᠠᠬᠤᠨ ᠬᠡᠪ ᠴᠢᠨᠠᠷ ᠢ ᠭᠦᠨᠵᠡᠭᠡᠢ ᠠᠵᠢᠬᠯᠠᠵᠤ᠂ ᠺᠠᠳ᠋ᠷ ᠤᠨ ᠦᠵᠡᠯ ᠰᠠᠨᠠᠭ᠎ᠠ᠂ ᠠᠵᠢᠯ᠂ ᠰᠤᠷᠳᠠᠯ᠂ ᠠᠮᠢᠳᠤᠷᠠᠯ ᠤᠨ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠬᠤ ᠬᠡᠷᠡᠭᠳᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠎ ᠶᠢᠨ ᠱᠦᠵᠢ᠂ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠲᠠᠭᠠᠭᠤᠯᠵᠤ᠂ ᠺᠠᠳ᠋ᠷᠴᠤᠳ ᠲᠠᠢ ᠰᠠᠨᠠᠭ᠎ᠠ ᠪᠠᠨ ᠮᠡᠳᠡᠯᠴᠡᠨ ᠰᠡᠳᠬᠢᠯ ᠢᠶᠠᠨ ᠤᠯᠤᠯᠴᠠᠬᠤ ᠬᠡᠷᠡᠭᠳᠡᠢ᠃ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠠᠨ ᠮᠡᠳᠡᠬᠦᠯᠦᠯᠳᠠ ᠤᠯᠠᠨᠳᠠᠢ᠂ ᠤᠯᠠᠨ ᠲᠦᠮᠡᠨ ᠰᠠᠨᠠᠯ ᠶᠡᠬᠡᠳᠠᠢ ᠺᠠᠳ᠋ᠷ ᠲᠠᠢ ᠭᠤᠤᠯᠳᠠᠯᠭ᠎ᠠ ᠲᠠᠢ ᠶᠠᠷᠢᠯᠴᠠᠵᠤ ᠰᠡᠳᠬᠢᠯ ᠎ ᠢᠶᠠᠨ ᠤᠯᠤᠯᠴᠠᠬᠤ ᠬᠡᠷᠡᠭᠳᠡᠢ᠃      6. ᠺᠠᠳ᠋ᠷ ᠤᠨ ᠬᠢᠨᠠᠯᠳᠠ ᠲᠠᠯᠪᠢᠬᠤ ᠮᠡᠳᠡᠭᠡ ᠵᠠᠩᠭᠢ ᠶᠢᠨ ᠲᠠᠩᠰᠨ ᠡᠪᠬᠡᠮᠡᠯ ᠢ ᠪᠠᠶᠢᠭᠤᠯᠬᠤ ᠬᠡᠷᠡᠭᠳᠡᠢ᠃ ᠡᠳᠦᠷ ᠲᠤᠳᠤᠮ ᠤᠨ ᠬᠠᠷᠢᠯᠴᠠᠵᠤ ᠮᠡᠳᠡᠬᠦᠯᠬᠦ ᠲᠤᠬᠳᠠᠴᠠ ᠶᠢ ᠲᠡᠭᠦᠯᠳᠡᠷᠵᠢᠬᠦᠯᠦᠨ ᠪᠦᠷᠢᠨᠰᠢᠬᠦᠯᠵᠦ᠂ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠠᠴᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠂ ᠲᠤᠭᠤᠷᠢᠨ ᠪᠠᠶᠢᠴᠠᠭᠠᠬᠤ᠂ ᠲᠤᠳᠤᠭᠠᠳᠤ ᠶᠢ ᠬᠠᠮᠠᠭᠠᠯᠠᠬᠤ᠂ ᠬᠢᠨᠠᠨ ᠪᠤᠳᠤᠬᠤ᠂ ᠵᠠᠬᠢᠳᠠᠯ ᠰᠤᠷᠪᠤᠯᠵᠢᠯᠠᠭ᠎ᠠ᠂ ᠪᠠᠶᠢᠴᠠᠭᠠᠬᠤ ᠵᠡᠷᠭᠡ ᠰᠠᠬᠢᠯᠭ᠎ᠠ ᠪᠠᠳᠤ ᠶᠢ ᠬᠡᠷᠡᠭᠵᠢᠬᠦᠯᠵᠦ ᠬᠢᠨᠠᠯᠳᠠ ᠲᠠᠯᠪᠢᠬᠤ ᠲᠠᠯ᠎ᠠ ᠶᠢᠨ ᠮᠡᠳᠡᠭᠡ ᠵᠠᠩᠭᠢ ᠪᠠ ᠰᠦᠯᠵᠢᠶᠠᠨ ᠤ ᠶᠠᠷᠢᠶ᠎ᠠ ᠬᠡᠯᠡᠯᠴᠡᠭᠡ ᠳᠤ ᠲᠤᠰᠬᠠᠬᠰᠠᠨ ᠺᠠᠳ᠋ᠷ ᠤᠨ ᠬᠠᠮᠢᠶ᠎ᠠ ᠪᠦᠬᠦᠢ ᠪᠠᠶᠢᠳᠠᠯ ᠢ ᠡᠮᠬᠢᠳᠭᠡᠨ ᠴᠤᠬᠯᠠᠭᠤᠯᠵᠤ᠂ ᠺᠠᠳ᠋ᠷ ᠤᠨ ᠡᠳᠦᠷ ᠲᠤᠳᠤᠮ ᠤᠨ ᠬᠢᠨᠠᠯᠳᠠ ᠲᠠᠯᠪᠢᠬᠤ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠺᠠᠳ᠋ᠷ ᠤᠨ ᠠᠵᠢᠯ ᠤᠨ ᠪᠠᠶᠢᠳᠠᠯ᠂ ᠴᠢᠭᠡᠴᠢ ᠵᠠᠰᠠᠭ ᠤᠨ ᠢᠯᠡᠷᠡᠯ᠂ ᠨᠡᠶᠢᠭᠡᠮ ᠤᠨ ᠬᠠᠷᠢᠯᠴᠠᠭ᠎ᠠ᠂ ᠬᠤᠪᠢ ᠬᠦᠮᠦᠨ ᠤ ᠬᠠᠮᠢᠶ᠎ᠠ ᠪᠦᠬᠦᠢ ᠵᠦᠢᠯᠡᠰ ᠵᠡᠷᠭᠡ ᠲᠠᠯ᠎ᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠭᠦ ᠬᠡᠷᠡᠭᠳᠡᠢ᠃      ᠭᠤᠷᠪᠠ᠂ ᠵᠠᠳᠠᠯᠤᠯᠳᠠ ᠬᠢᠵᠦ ᠰᠤᠳᠤᠯᠤᠨ ᠮᠠᠭᠠᠳᠯᠠᠬᠤ ᠶᠢ ᠴᠢᠬᠤᠯᠠᠴᠢᠯᠠᠬᠤ ᠬᠡᠷᠡᠭᠳᠡᠢ      7. ᠪᠠᠶᠢᠡᠭᠭᠤ ᠶᠢᠨ ᠴᠢᠨᠠᠷᠳᠠᠢ ᠵᠠᠳᠠᠯᠤᠯᠳᠠ ᠰᠤᠳᠤᠯᠤᠨ ᠮᠠᠭᠠᠳᠯᠠᠯᠳᠠ ᠦᠷᠨᠢᠭᠦᠯᠭᠦ ᠬᠡᠷᠡᠭᠳᠡᠢ᠃ ᠡᠳᠦᠷ ᠲᠤᠳᠤᠮ ᠤᠨ ᠤᠶᠢᠯᠠᠭᠠᠵᠦ ᠡᠵᠡᠮᠰᠢᠭᠰᠡᠨ ᠪᠠᠶᠢᠳᠠᠯ ᠢᠶᠠᠨ ᠬᠦᠢᠴᠡᠳ ᠬᠡᠷᠡᠭᠯᠡᠵᠦ᠂ ᠺᠠᠳ᠋ᠷ ᠤᠨ ᠶᠡᠷᠦᠳᠡ ᠶᠢᠨ ᠢᠯᠡᠷᠡᠯ ᠎ ᠢ ᠦᠨᠳᠦᠰᠦᠯᠡᠵᠦ᠂ ᠤᠯᠤᠰ ᠲᠦᠷᠦ ᠶᠢᠨ ᠬᠡᠪ ᠴᠢᠨᠠᠷ᠂ ᠶᠤᠰᠤ ᠰᠤᠷᠳᠠᠬᠤᠨ ᠵᠠᠩ ᠠᠷᠠᠨᠰᠢᠨ᠂ ᠭᠡᠪ ᠰᠤᠷᠳᠠᠯ ᠤᠨ ᠢᠯᠡᠷᠡᠯ᠂ ᠬᠦᠮᠦᠨ ᠢ ᠰᠤᠩᠭᠤᠨ ᠭᠡᠷᠡᠭᠯᠡᠬᠦ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ᠂ ᠠᠷᠢᠭᠤᠨ ᠴᠢᠭᠡᠴᠢ ᠪᠡᠶ᠎ᠠ ᠢᠶᠠᠨ ᠱᠠᠭᠠᠷᠳᠠᠬᠤ ᠵᠡᠷᠭᠡ ᠪᠠᠶᠢᠳᠠᠯ ᠳᠤ ᠶᠡᠷᠦᠩᠭᠡᠶᠢᠯᠡᠨ ᠵᠠᠳᠠᠯᠦᠯᠳᠡ ᠬᠢᠵᠦ᠂ ᠰᠦᠪᠡᠭᠴᠢ ᠢᠯᠡᠷᠡᠭᠦᠯᠵᠦ ᠂ ᠠᠰᠠᠭᠤᠳᠠᠯ ᠢ ᠡᠷᠢᠵᠦ ᠤᠯᠬᠤ ᠬᠡᠷᠡᠭᠳᠡᠢ᠃ ᠠᠰᠠᠭᠤᠳᠠᠯ ᠤᠨ ᠰᠦᠪᠡᠭᠴᠢ ᠶᠢ ᠦᠨᠳᠦᠰᠦᠯᠡᠵᠦ᠂ ᠶᠠᠷᠢᠯᠴᠠᠬᠤ ᠪᠤᠶᠤ ᠵᠠᠬᠢᠳᠠᠯ ᠢᠶᠠᠷ ᠠᠰᠠᠭᠤᠬᠤ᠂ ᠪᠠᠶᠢᠭᠤᠯᠭ᠎ᠠ ᠳᠤ ᠨᠠᠶᠢᠳᠠᠬᠤ ᠪᠤᠶᠤ ᠲᠤᠰᠬᠠᠢ ᠬᠦᠮᠦᠨ ᠲᠤᠮᠢᠯᠠᠵᠤ ᠪᠠᠶᠢᠴᠠᠭᠠᠨ ᠬᠠᠷᠭᠤᠭᠤᠯᠬᠤ ᠵᠡᠷᠭᠡ ᠠᠷᠭ᠎ᠠ ᠵᠠᠮ ᠢᠶᠠᠷ ᠲᠠᠮᠵᠢᠵᠦ ᠪᠠᠶᠢᠳᠠᠯ ᠢ ᠴᠠᠭ ᠲᠤᠬᠠᠢ ᠲᠤᠨᠢ ᠬᠢᠨᠠᠮᠠᠭᠠᠢ ᠪᠠᠶᠢᠴᠠᠭᠠᠵᠦ ᠬᠠᠷᠭᠤᠭᠤᠯᠬᠤ ᠬᠡᠷᠡᠭᠳᠡᠢ᠃ ᠺᠠᠳ᠋ᠷ ᠤᠨ ᠬᠠᠮᠢᠶ᠎ᠠ ᠪᠦᠬᠦᠢ ᠠᠰᠠᠭᠤᠳᠠᠯ ᠵᠢᠴᠢ ᠲᠡᠭᠦᠨ ᠤ ᠰᠢᠨᠵᠢ ᠴᠢᠨᠠᠷ᠂ ᠬᠡᠮᠵᠢᠶ᠎ᠠ ᠵᠡᠷᠭᠡ ᠳᠤ ᠤᠨᠤᠰᠢᠯᠠᠯᠳᠠ ᠢᠯᠭᠠᠨ ᠲᠤᠳᠤᠯᠤᠯᠳᠠ ᠬᠢᠵᠦ᠂ ᠪᠠᠶᠢᠴᠠᠭᠠᠨ ᠲᠤᠳᠤᠯᠠᠵᠤ᠂ ᠮᠠᠭᠠᠳᠯᠠᠯᠳᠠ ᠬᠢᠭᠦ ᠬᠡᠷᠡᠭᠳᠡᠢ᠃      8. ᠭᠤᠤᠯᠳᠠᠯᠭ᠎ᠠ ᠲᠠᠢ ᠰᠤᠳᠤᠯᠤᠨ ᠮᠠᠭᠠᠳᠯᠠᠯᠳᠠ ᠶᠢ ᠴᠢᠩᠭᠠᠳᠬᠠᠬᠤ ᠬᠡᠷᠡᠭᠳᠡᠢ᠃ ᠤᠳᠤ ᠨᠠᠮ ᠵᠠᠰᠠᠭ ᠤᠨ ᠵᠢᠩᠭᠢᠨᠢ ᠲᠤᠰᠢᠶᠠᠯ ᠢ ᠬᠠᠷᠢᠭᠤᠴᠠᠵᠤ ᠪᠠᠶᠢᠬᠤ᠂ ᠨᠠᠮ ᠵᠠᠰᠠᠭ ᠤᠨ ᠵᠢᠩᠭᠢᠨᠢ ᠲᠤᠰᠢᠶᠠᠯ ᠳᠤ ᠲᠤᠮᠢᠯᠠᠬᠤ ᠪᠠᠷ ᠪᠠᠶᠢᠭ᠎ᠠ ᠵᠢᠱᠢᠭᠳᠡᠭᠴᠢ᠂ ᠤᠶᠢᠷ᠎ᠠ ᠶᠢᠨ ᠬᠤᠭᠤᠴᠠᠭ᠎ᠠ ᠳᠤ ᠲᠡᠪᠰᠢᠬᠦᠯᠦᠨ ᠲᠤᠮᠢᠯᠠᠬᠤ ᠪᠠᠷ ᠪᠠᠶᠢᠭ᠎ᠠ ᠪᠤᠶᠤ ᠴᠢᠨᠠᠬᠰᠢᠳᠠ ᠬᠡᠷᠡᠭᠯᠡᠬᠦ ᠪᠠᠷ ᠪᠠᠶᠢᠭ᠎ᠠ ᠵᠢᠱᠢᠭᠳᠡᠭᠴᠢ᠂ ᠲᠤᠰᠬᠠᠬᠰᠠᠨ ᠠᠰᠠᠭᠤᠳᠠᠯ ᠤᠯᠠᠨ ᠺᠠᠳ᠋ᠷ ᠵᠢᠴᠢ ᠴᠢᠭᠡᠴᠢ ᠵᠠᠰᠠᠭ ᠤᠨ ᠲᠦᠭᠰᠢᠬᠦᠷᠢ ᠶᠡᠬᠡᠳᠠᠢ ᠠᠵᠢᠯ ᠤᠨ ᠪᠠᠶᠢᠷᠢ ᠲᠠᠬᠢ ᠤᠳᠤ ᠪᠠᠶᠢᠬᠤ ᠺᠠᠳ᠋ᠷ ᠪᠤᠶᠤ ᠲᠠᠪᠰᠢᠬᠦᠯᠦᠨ ᠲᠤᠮᠢᠯᠠᠬᠤ ᠪᠠᠷ ᠪᠠᠶᠢᠭ᠎ᠠ ᠵᠢᠱᠢᠭᠳᠡᠭᠴᠢ ᠳᠤ ᠭᠤᠤᠯᠳᠠᠯᠭ᠎ᠠ ᠲᠠᠢ ᠰᠤᠳᠤᠯᠤᠨ ᠮᠠᠭᠠᠳᠯᠠᠯᠳᠠ ᠬᠢᠭᠦ ᠬᠡᠷᠡᠭᠳᠡᠢ᠃      9. ᠵᠠᠳᠠᠯᠤᠯᠳᠠ ᠬᠢᠵᠦ ᠰᠤᠳᠤᠯᠤᠨ ᠮᠠᠭᠠᠳᠯᠠᠬᠤ ᠲᠤᠬᠳᠠᠴᠠ ᠶᠢ ᠪᠦᠷᠢᠨᠰᠢᠬᠦᠯᠭᠦ ᠬᠡᠷᠡᠭᠳᠡᠢ᠃ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠰᠠᠬᠢᠯᠭ᠎ᠠ ᠪᠠᠳᠤ ᠪᠠᠶᠢᠴᠠᠭᠠᠬᠤ ᠬᠢᠨᠠᠠ ᠪᠠᠶᠢᠴᠠᠭᠠᠬᠤ ᠪᠠᠶᠢᠭᠤᠯᠭ᠎ᠠ ᠪᠠ ᠲᠤᠭᠤᠷᠢᠨ ᠦᠵᠡᠵᠦ ᠲᠤᠭᠤᠷᠢᠨ ᠪᠠᠶᠢᠴᠠᠭᠠᠬᠤ᠂ ᠬᠢᠨᠠᠨ ᠪᠤᠳᠤᠯᠳᠠ ᠵᠡᠷᠭᠡ ᠰᠠᠯᠠᠭ᠎ᠠ ᠮᠦᠴᠢᠷ ᠲᠠᠢ ᠴᠤᠬᠭᠠᠷ ᠲᠤᠬᠳᠠᠬᠰᠠᠨ ᠬᠤᠭᠤᠴᠠᠭ᠎ᠠ ᠲᠠᠢ ᠪᠠᠷ ᠵᠠᠳᠠᠯᠤᠯᠳᠠ ᠬᠢᠵᠦ ᠰᠤᠳᠤᠯᠤᠨ ᠮᠠᠭᠠᠳᠯᠠᠯᠳᠠ ᠦᠷᠨᠢᠬᠦᠯᠵᠦ᠂ ᠨᠠᠮ ᠎ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠎ ᠤᠨ ᠱᠦᠵᠢ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠺᠠᠳ᠋ᠷ ᠲᠤ ᠵᠠᠳᠠᠯᠤᠯᠳᠠ ᠬᠢᠵᠦ ᠰᠤᠳᠤᠯᠤᠨ ᠮᠠᠭᠠᠳᠯᠠᠬᠰᠠᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠲᠤᠬᠳᠠᠬᠰᠠᠨ ᠬᠤᠭᠤᠴᠠᠭ᠎ᠠ ᠲᠠᠢ ᠪᠠᠷ ᠰᠤᠨᠤᠰᠴᠦ᠂ ᠵᠠᠩᠭᠢᠯᠠᠭ᠎ᠠ ᠶᠢᠨ ᠠᠵᠢᠯ ᠤᠨ ᠪᠠᠶᠢᠷᠢ ᠪᠠ ᠭᠤᠤᠯᠳᠠᠯᠭ᠎ᠠ ᠲᠠᠢ ᠺᠠᠳ᠋ᠷ ᠤᠨ ᠲᠤᠰᠬᠠᠢ ᠰᠡᠳᠦᠪᠳᠦ ᠰᠤᠳᠤᠯᠤᠨ ᠮᠠᠭᠠᠳᠯᠠᠯᠳᠠ ᠳᠤ ᠬᠠᠨᠳᠤᠯᠭᠠᠳᠤ ᠴᠢᠨᠠᠷ ᠲᠠᠢ ᠪᠠᠷ ᠤᠷᠤᠯᠴᠠᠵᠤ᠂ ᠺᠠᠳ᠋ᠷ ᠤᠨ ᠪᠠᠶᠢᠳᠠᠯ ᠢ ᠪᠦᠬᠦ ᠲᠠᠯ᠎ᠠ ᠪᠠᠷ ᠬᠦᠨᠵᠡᠭᠡᠢ ᠡᠵᠡᠮᠰᠢᠭᠦ ᠬᠡᠷᠡᠭᠳᠡᠢ᠃      ᠲᠦᠷᠪᠡ᠂ ᠰᠠᠨᠠᠭᠠᠴᠢᠯᠠᠭ᠎ᠠ ᠲᠠᠢ ᠬᠢᠨᠠᠨ ᠪᠠᠶᠢᠴᠠᠭᠠᠯᠳᠠ ᠶᠢ ᠴᠢᠩᠭᠠᠳᠬᠠᠬᠤ ᠬᠡᠷᠡᠭᠳᠡᠢ      10. ᠠᠵᠢᠯ ᠤᠨ ᠪᠠᠶᠢᠷᠢ ᠶᠢᠨ ᠰᠠᠨᠠᠭᠠᠴᠢᠯᠠᠭ᠎ᠠ ᠶᠢᠨ ᠡᠮᠭᠢ ᠲᠠᠷᠠᠭ᠎ᠠ ᠶᠢ ᠲᠦᠷᠢᠮᠵᠢᠬᠦᠯᠭᠦ ᠬᠡᠷᠡᠭᠳᠡᠢ᠃ ᠰᠠᠨᠠᠭᠠᠴᠢᠯᠠᠭ᠎ᠠ ᠶᠢᠨ ᠭᠤᠤᠯ ᠴᠤᠬᠴᠠ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ ᠲᠤᠳᠤᠷᠬᠠᠶᠢᠯᠠᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠪᠤᠶᠤ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠺᠠᠳ᠋ᠷ ᠤᠨ ᠬᠠᠮᠢᠶᠠᠷᠤᠯᠳᠠ ᠶᠢᠨ ᠡᠷᠬᠡ ᠶᠢᠨ ᠬᠢᠵᠠᠭᠠᠷ ᠪᠤᠯᠤᠨ ᠠᠷᠠᠳᠴᠢᠯᠠᠯ ᠲᠦᠪᠯᠡᠷᠡᠯ ᠤᠨ ᠲᠦᠷᠢᠮ ᠤᠨ ᠵᠠᠷᠴᠢᠮ ᠢ ᠦᠨᠳᠤᠰᠤᠯᠠᠵᠦ᠂ ᠺᠠᠳ᠋ᠷ ᠢ ᠰᠤᠩᠭᠤᠨ ᠬᠡᠷᠡᠭᠯᠡᠵᠦ ᠲᠤᠮᠢᠯᠠᠬᠤ ᠠᠵᠢᠯ ᠢ ᠡᠭᠢᠯᠡᠭᠦᠯᠭᠦ ᠰᠠᠨᠠᠯ ᠢ ᠲᠤᠷᠠᠳᠴᠤ᠂ ᠵᠤᠬᠢᠶᠠᠨ ᠪᠠᠶᠢᠭᠤᠯᠬᠤ ᠠᠵᠢᠯᠳᠠᠠ ᠤ ᠶᠠᠪᠤᠳᠠᠯ ᠤᠨ ᠰᠠᠯᠠᠭ᠎ᠠ ᠮᠦᠴᠢᠷ ᠰᠤᠩᠭᠤᠨ ᠲᠡᠪᠰᠢᠬᠦᠯᠵᠦ ᠲᠤᠮᠢᠯᠠᠬᠤ ᠲᠤᠰᠢᠶᠠᠯ᠂ ᠬᠦᠷᠢᠶ᠎ᠡ ᠬᠡᠪᠴᠢᠶ᠎ᠡ᠂ ᠠᠷᠭ᠎ᠠ ᠬᠡᠯᠪᠡᠷᠢ᠂ ᠲᠡᠰ ᠲᠠᠷᠠᠭᠠᠯᠠᠯ ᠵᠡᠷᠬᠡ ᠳᠤ ᠠᠩᠬ᠎ᠠ ᠠᠯᠬᠤᠮ ᠤᠨ ᠰᠠᠨᠠᠭᠤᠯᠭ᠎ᠠ ᠲᠤᠷᠠᠳᠬᠤ ᠬᠡᠷᠡᠭᠳᠡᠢ᠃ ᠤᠷᠢᠳᠠᠪᠡᠷ ᠶᠤᠰᠤ ᠲᠦᠷᠢᠮ ᠲᠤᠬᠳᠠᠭᠠᠵᠦ ᠲᠠᠷᠠᠭ᠎ᠠ ᠨᠢ ᠵᠢᠱᠢᠭᠳᠡᠭᠴᠢ ᠶᠢ ᠵᠦᠪᠯᠡᠬᠦ᠂ ᠤᠷᠢᠳᠠᠪᠡᠷ ᠠᠵᠢᠯ ᠤᠨ ᠪᠠᠶᠢᠷᠢ ᠶᠢ ᠰᠠᠨᠠᠭᠠᠴᠢᠯᠠᠵᠤ ᠲᠠᠷᠠᠭ᠎ᠠ ᠨᠢ ᠠᠵᠢᠯ ᠤᠨ ᠪᠠᠶᠢᠷᠢ ᠪᠠᠷ ᠬᠦᠮᠦᠨ ᠰᠤᠩᠭᠤᠬᠤ ᠶᠢ ᠪᠠᠷᠢᠮᠳᠠᠯᠠᠵᠤ᠂ ᠶᠠᠪᠤᠳᠠᠯ ᠢᠶᠠᠷ ᠬᠦᠮᠦᠨ ᠰᠤᠩᠭᠤᠬᠤ᠂ ᠬᠦᠮᠦᠨ ᠠᠵᠢᠯ ᠤᠨ ᠪᠠᠶᠢᠷᠢ ᠬᠠᠷᠢᠯᠴᠠᠨ ᠵᠤᠬᠢᠴᠠᠬᠤ ᠱᠠᠭᠠᠷᠳᠠᠯᠭ᠎ᠠ ᠶᠢ ᠦᠨᠳᠦᠰᠦᠯᠡᠵᠦ᠂ ᠠᠵᠢᠯ ᠤᠨ ᠬᠡᠷᠡᠭᠴᠡᠭᠡ ᠪᠠ ᠤᠳᠤᠷᠢᠳᠬᠤ ᠪᠠᠬ ᠤᠨ ᠪᠠᠶᠢᠭᠤᠯᠤᠯᠳᠠ ᠶᠢᠨ ᠪᠤᠳᠠᠳᠠᠢ ᠠᠴᠠ ᠡᠬᠦᠰᠴᠦ᠂ ᠤᠳᠤᠷᠢᠳᠬᠤ ᠪᠠᠬ ᠤᠨ ᠴᠢᠭᠯᠡᠯ ᠢ ᠰᠢᠯᠢᠳᠡᠭᠵᠢᠬᠦᠯᠵᠦ᠂ ᠰᠤᠩᠭᠤᠨ ᠬᠡᠷᠡᠭᠯᠡᠬᠦ ᠠᠵᠢᠯ ᠤᠨ ᠪᠠᠶᠢᠷᠢ ᠶᠢᠨ ᠬᠢᠷᠢ ᠬᠡᠮ ᠤᠨ ᠨᠦᠬᠦᠴᠡᠯ ᠪᠤᠯᠤᠨ ᠵᠢᠱᠢᠭᠳᠡᠭᠴᠢ ᠭᠠᠷᠬᠤ ᠬᠦᠷᠢᠶ᠎ᠡ ᠬᠡᠪᠴᠢᠶ᠎ᠡ ᠵᠡᠷᠬᠡ ᠶᠢ ᠬᠦᠢᠴᠡᠳ ᠪᠤᠳᠤᠯᠬᠢᠯᠠᠵᠦ᠂ ᠡᠨᠡ ᠰᠠᠭᠤᠷᠢᠨ ᠲᠡᠭᠡᠷ᠎ᠡ ᠠᠳᠠᠯᠢᠳᠬᠠᠯ ᠬᠢᠵᠦ ᠰᠢᠯᠢᠳᠡᠭ ᠢ ᠨᠢ ᠰᠢᠯᠢᠵᠦ᠂ ᠰᠠᠨᠠᠮᠵᠢ ᠶᠢᠨ ᠴᠢᠨᠠᠷᠳᠠᠢ ᠵᠢᠱᠢᠭᠳᠡᠭᠴᠢ ᠶᠢ ᠰᠤᠳᠤᠯᠤᠨ ᠲᠤᠷᠠᠳᠴᠤ ᠭᠠᠷᠭᠠᠬᠤ ᠬᠡᠷᠡᠭᠳᠡᠢ᠃ ᠪᠤᠳᠤᠯᠬᠢᠯᠠᠬᠤ ᠬᠦᠷᠢᠶ᠎ᠡ ᠬᠡᠪᠴᠢᠶᠡᠨ ᠳᠤ ᠤᠷᠤᠬᠰᠠᠨ ᠬᠠᠮᠢᠶ᠎ᠠ ᠪᠦᠬᠦᠢ ᠵᠢᠱᠢᠭᠳᠡᠭᠴᠢ ᠳᠤ ᠤᠷᠢᠳᠠᠪᠡᠷ ᠤᠯᠤᠰ ᠲᠦᠷᠦ ᠶᠢᠨ ᠢᠯᠡᠷᠡᠯ ᠪᠠ ᠠᠷᠢᠭᠤᠨ ᠴᠢᠬᠡᠴᠢ ᠪᠡᠶ᠎ᠡ ᠪᠠᠨ ᠱᠠᠭᠠᠷᠳᠠᠬᠤ ᠵᠡᠷᠬᠡ ᠲᠠᠯ᠎ᠠ ᠪᠠᠷ ᠬᠢᠨᠠᠨ ᠪᠠᠶᠢᠴᠠᠭᠠᠯᠳᠠ ᠬᠢᠵᠦ᠂ ᠬᠠᠮᠢᠶ᠎ᠠ ᠪᠦᠬᠦᠢ ᠲᠠᠯ᠎ᠠ ᠶᠢᠨ ᠰᠠᠨᠠᠯ ᠢ ᠬᠦᠢᠴᠡᠳ ᠰᠤᠨᠤᠰᠴᠤ᠂ ᠠᠳᠠᠯᠢ ᠪᠤᠰᠤ ᠰᠠᠨᠠᠯ ᠢ ᠬᠦᠨᠳᠦᠳᠬᠡᠨ ᠰᠤᠳᠤᠯᠵᠤ᠂ ᠨᠠᠷᠢᠨ ᠬᠢᠨᠠᠮᠠᠭᠠᠢ ᠵᠠᠳᠠᠯᠤᠯᠳᠠ ᠬᠢᠭᠦ ᠬᠡᠷᠡᠭᠳᠡᠢ︔ ᠠᠰᠠᠭᠤᠳᠠᠯ ᠲᠠᠢ ᠮᠠᠳᠠᠬ ᠲᠠᠢ ᠵᠦᠢᠯ ᠢ ᠬᠠᠷᠭᠤᠭᠤᠯᠵᠦ ᠬᠡᠷᠡᠭᠯᠡᠬᠦ ᠶᠢ ᠨᠦᠯᠦᠬᠡᠯᠡᠬᠦ ᠦᠬᠡᠢ ᠪᠤᠯ ᠰᠠᠨᠠᠮᠵᠢ ᠶᠢᠨ ᠴᠢᠨᠠᠷᠳᠠᠢ ᠵᠢᠱᠢᠭᠳᠡᠭᠴᠢ ᠳᠤ ᠵᠢᠬᠰᠠᠭᠠᠵᠤ ᠪᠤᠯᠤᠨ᠎ᠠ᠃      11. ᠵᠦᠷᠢᠶᠡᠳᠦ ᠲᠤᠭ᠎ᠠ ᠪᠠᠷ ᠵᠢᠱᠢᠭᠳᠡᠭᠴᠢ ᠶᠢ ᠪᠤᠳᠤᠯᠬᠢᠯᠬᠠᠤ ᠠᠷᠭ᠎ᠠ ᠶᠢ ᠬᠡᠷᠡᠭᠵᠢᠬᠦᠯᠭᠦ ᠬᠡᠷᠡᠭᠳᠡᠢ᠃ ᠨᠠᠮ ᠵᠠᠰᠠᠬ ᠤᠨ ᠵᠢᠩᠬᠢᠨᠢ ᠲᠤᠰᠢᠶᠠᠯ ᠪᠤᠯᠤᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠭᠤᠤᠯ ᠪᠤᠯᠬᠤ ᠠᠵᠢᠯ ᠤᠨ ᠰᠠᠯᠠᠭ᠎ᠠ ᠮᠦᠴᠢᠷ ᠤᠨ ᠵᠢᠩᠬᠢᠨᠢ ᠲᠤᠰᠢᠶᠠᠯ ᠵᠢᠴᠢ ᠪᠤᠰᠤᠳ ᠴᠢᠬᠤᠯᠠ ᠠᠵᠢᠯ ᠤᠨ ᠪᠠᠶᠢᠷᠢ ᠶᠢᠨ ᠵᠢᠱᠢᠭᠳᠡᠭᠴᠢ ᠳᠤ ᠠᠵᠢᠯ ᠤᠨ ᠪᠠᠶᠢᠷᠢ ᠪᠤᠯᠭᠠᠨ ᠳᠤ ᠵᠤᠬᠢᠬᠤ ᠬᠠᠷᠢᠴᠠᠯ ᠢᠶᠠᠷ ᠲᠤᠬᠳᠠᠬᠰᠠᠨ ᠴᠢᠭᠯᠡᠯ ᠢᠶᠠᠷ ᠲᠠᠨᠢᠯᠴᠠᠭᠤᠯᠬᠤ᠂ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠠᠩᠬ᠎ᠠ ᠠᠯᠬᠤᠮ ᠨᠡᠷ᠎ᠡ ᠲᠤᠷᠠᠳᠬᠤ᠂ ᠬᠠᠷᠠᠭᠠᠯᠵᠠᠬᠰᠠᠨ ᠺᠠᠳ᠋ᠷ ᠲᠤᠳᠤᠷ᠎ᠠ ᠨᠡᠷ᠎ᠡ ᠲᠡᠮᠳᠡᠭᠯᠡᠬᠦ ᠦᠬᠡᠢ ᠪᠠᠷ ᠲᠠᠨᠢᠯᠴᠠᠭᠤᠯᠬᠤ ᠪᠤᠶᠤ ᠱᠦᠵᠢ ᠶᠢᠨ ᠲᠤᠰᠬᠠᠢ ᠰᠡᠳᠦᠪᠳᠦ ᠬᠤᠷᠠᠯ ᠢᠶᠠᠷ ᠰᠤᠳᠤᠯᠵᠦ ᠰᠠᠨᠠᠮᠵᠢ ᠶᠢᠨ ᠴᠢᠨᠠᠷᠳᠠᠢ ᠵᠢᠱᠢᠭᠳᠡᠭᠴᠢ ᠶᠢ ᠲᠤᠬᠳᠠᠭᠠᠬᠤ ᠲᠡᠰ ᠲᠠᠷᠠᠭ᠎ᠠ ᠶᠢ ᠬᠡᠷᠡᠭᠯᠡᠭᠦ ᠶᠤᠰᠤᠳᠠᠢ ᠪᠠᠶᠢᠵᠤ᠂ ᠵᠦᠷᠢᠶᠡᠳᠦ ᠲᠤᠭ᠎ᠠ ᠪᠠᠷ ᠵᠢᠱᠢᠭᠳᠡᠭᠴᠢ ᠶᠢ ᠪᠤᠳᠤᠯᠬᠢᠯᠠᠵᠦ᠂ ᠬᠦᠮᠦᠨ ᠰᠤᠩᠭᠤᠬᠤ ᠬᠡᠪᠴᠢᠶ᠎ᠠ ᠶᠢ ᠦᠷᠭᠡᠳᠭᠡᠭᠦ ᠬᠡᠷᠡᠭᠳᠡᠢ᠃ ᠤᠳᠤᠷᠢᠳᠬᠤ ᠪᠠᠬ ᠤᠨ ᠪᠦᠷᠢᠯᠳᠦᠬᠦᠨ ᠤ ᠰᠠᠨᠠᠭᠠᠴᠢᠯᠠᠭ᠎ᠠ ᠶᠢᠨ ᠭᠤᠬᠴᠤᠭ᠎ᠠ ᠳᠤ ᠦᠨᠡᠨ ᠨᠡᠷ᠎ᠡ ᠪᠠᠷ ᠺᠠᠳ᠋ᠷ ᠢ ᠲᠠᠨᠢᠯᠴᠠᠭᠤᠯᠬᠤ ᠠᠷᠭ᠎ᠠ ᠶᠢ ᠢᠳᠡᠪᠬᠢᠳᠡᠢ ᠰᠦᠪᠡᠭᠴᠢᠯᠡᠭᠦ ᠬᠡᠷᠡᠭᠳᠡᠢ᠃      ᠳᠠᠪᠤ᠂ ᠳᠤᠰᠢᠶᠠᠯ ᠳᠤ ᠳᠤᠮᠢᠯᠠᠬᠤ ᠠᠴᠠ ᠡᠮᠤᠨ᠎ᠠ ᠪᠤᠭᠤᠮᠳᠠ ᠰᠠᠬᠢᠬᠤ ᠶᠢ ᠴᠢᠩᠭᠠᠳᠬᠠᠬᠤ ᠬᠡᠷᠡᠭᠲᠠᠢ      12. ︽ᠳᠠᠪᠤ ᠶᠢ ᠠᠵᠢᠬᠯᠠᠵᠦ ᠳᠠᠪᠤ ᠶᠢ ᠦᠵᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠳᠤᠰᠢᠶᠠᠯ ᠳᠤ ᠳᠤᠮᠢᠯᠠᠬᠤ ᠠᠴᠠ ᠡᠮᠤᠨ᠎ᠠ ᠪᠤᠭᠤᠮᠳᠠ ᠰᠠᠬᠢᠬᠤ ᠶᠢ ᠬᠦᠮᠦᠨ ᠰᠤᠩᠭᠤᠬᠤ ᠬᠦᠮᠦᠨ ᠬᠡᠷᠡᠭᠯᠡᠭᠦ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢᠨ ᠵᠠᠩᠬᠢᠯᠠᠭ᠎ᠠ ᠶᠢᠨ ᠠᠷᠭ᠎ᠠ ᠠᠪᠴᠠᠯ ᠪᠤᠯᠭᠠᠵᠤ᠂ ᠰᠢᠯᠭᠠᠨ ᠪᠠᠶᠢᠴᠠᠭᠠᠬᠤ ᠡᠳᠡᠭᠡᠳ ᠤᠨ ᠠᠳᠠᠯᠢ ᠪᠤᠰᠤ ᠪᠠᠶᠢᠳᠠᠯ ᠳᠤ ᠬᠠᠨᠳᠤᠭᠤᠯᠤᠨ᠂ ᠰᠢᠯᠭᠠᠨ ᠪᠠᠶᠢᠴᠠᠭᠠᠬᠤ ᠠᠭᠤᠯᠭ᠎ᠠ ᠪᠠᠨ ᠨᠠᠷᠢᠯᠢᠭᠵᠢᠭᠤᠯᠵᠤ᠂ ᠺᠠᠳ᠋ᠷ ᠎ ᠤᠨ ᠴᠢᠬᠤᠯᠠ ᠶᠡᠭᠡ ᠠᠰᠠᠭᠤᠳᠠᠯ ᠤᠨ ᠳᠤᠬᠠᠢ ᠰᠡᠳᠬᠢᠨ ᠪᠤᠳᠤᠯᠬᠢᠯᠠᠬᠤ ᠶᠢ ᠨᠢ ᠠᠵᠢᠬᠯᠠᠬᠤ ᠪᠠᠷ ᠳᠠᠮᠵᠢᠨ ᠳᠡᠭᠦᠨ ᠤ ᠦᠵᠡᠯᠳᠠ ᠳᠠᠨᠢᠯᠳᠠ ᠶᠢ ᠨᠢ ᠦᠵᠡᠬᠦ᠂ ᠺᠠᠳ᠋ᠷ ᠤᠨ ᠤᠯᠠᠨ ᠲᠦᠮᠡᠨ ᠳᠠᠬᠢ ᠬᠠᠶᠢᠷ᠎ᠠ ᠰᠡᠳᠭᠢᠯᠭᠡ ᠶᠢ ᠨᠢ ᠠᠵᠢᠬᠯᠠᠬᠤ ᠪᠠᠷ ᠳᠠᠮᠵᠢᠨ ᠳᠡᠭᠦᠨ ᠤ ᠠᠭᠠᠯᠢ ᠠᠪᠤᠷᠢ ᠰᠠᠨᠠᠭ᠎ᠠ ᠰᠡᠳᠬᠢᠯ ᠢ ᠨᠢ ᠦᠵᠡᠬᠦ᠂ ᠺᠠᠳ᠋ᠷ ᠤᠨ ᠨᠡᠷ᠎ᠠ ᠲᠦᠷᠦ ᠡᠷᠭᠡ ᠠᠰᠢᠭ ᠤᠨ ᠳᠤᠬᠠᠢ ᠤᠪᠤᠷ ᠢ ᠨᠢ ᠠᠵᠢᠬᠯᠠᠬᠤ ᠪᠠᠷ ᠳᠠᠮᠵᠢᠨ ᠳᠡᠭᠦᠨ ᠤ ᠰᠠᠨᠠᠭ᠎ᠠ ᠪᠤᠳᠤᠯ ᠢ ᠨᠢ ᠦᠵᠡᠬᠦ᠂ ᠺᠠᠳ᠋ᠷ ᠤᠨ ᠬᠦᠮᠦᠨ ᠲᠠᠢ ᠬᠠᠷᠢᠯᠴᠠᠨ ᠤᠴᠢᠷ ᠶᠠᠪᠤᠳᠠᠯ ᠢ ᠰᠢᠢᠳᠪᠦᠷᠢᠯᠡᠭᠦ ᠶᠢ ᠨᠢ ᠠᠵᠢᠬᠯᠠᠬᠤ ᠪᠠᠷ ᠳᠠᠮᠵᠢᠨ ᠳᠡᠭᠦᠨ ᠤ ᠶᠤᠰᠤ ᠮᠤᠷᠠᠯ ᠵᠠᠩ ᠴᠢᠨᠠᠷ ᠢ ᠨᠢ ᠦᠵᠡᠬᠦ᠂ ᠺᠠᠳ᠋ᠷ ᠤᠨ ᠪᠤᠳᠤᠯᠢᠶᠠᠨᠳᠠᠢ ᠠᠰᠠᠭᠤᠳᠠᠯ ᠢ ᠰᠢᠢᠳᠪᠦᠷᠢᠯᠡᠭᠦ ᠴᠢᠳᠠᠪᠤᠷᠢ ᠶᠢ ᠨᠢ ᠠᠵᠢᠬᠯᠠᠬᠤ ᠪᠠᠷ ᠳᠠᠮᠵᠢᠨ ᠳᠡᠭᠦᠨ ᠤ ᠶᠡᠷᠦᠩᠭᠡᠢ ᠬᠡᠪ ᠴᠢᠨᠠᠷ ᠢ ᠨᠢ ᠦᠵᠡᠬᠦ ᠶᠢ ᠬᠦᠨᠳᠦᠳᠭᠡᠵᠤ᠂ ᠰᠢᠯᠭᠠᠨ ᠪᠠᠶᠢᠴᠠᠭᠠᠭᠰᠠᠨ ᠦᠷ᠎ᠠ ᠳ᠋ᠦᠩ ᠤᠨ ᠪᠦᠬᠦ ᠳᠠᠯ᠎ᠠ ᠶᠢᠨ᠂ ᠪᠤᠰᠤᠳᠴᠢ᠂ ᠤᠨᠤᠪᠴᠢᠳᠠᠢ ᠪᠠᠶᠢᠬᠤ ᠶᠢ ᠬᠦᠴᠦᠯᠡᠨ ᠪᠠᠳᠤᠯᠠᠬᠤ ᠬᠡᠷᠡᠭᠲᠡᠢ᠃      13. ᠰᠢᠯᠭᠠᠨ ᠪᠠᠶᠢᠴᠠᠭᠠᠯᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠤᠩᠭᠤᠨ ᠳᠠᠨᠢᠯᠴᠠᠭᠤᠯᠬᠤ ᠠᠷᠭ᠎ᠠ ᠬᠡᠯᠪᠡᠷᠢ ᠶᠢ ᠰᠠᠶᠢᠵᠢᠷᠠᠭᠤᠯᠵᠤ᠂ ᠬᠤᠷᠠᠯ ᠢᠶᠠᠷ ᠳᠠᠮᠵᠢᠨ ᠰᠤᠩᠭᠤᠨ ᠳᠠᠨᠢᠯᠴᠠᠭᠤᠯᠬᠤ ᠪᠠ ᠤᠨᠴᠠ ᠵᠠᠷᠢᠮ ᠲᠠᠢ ᠨᠢ ᠶᠠᠷᠢᠯᠴᠠᠵᠤ ᠰᠤᠩᠭᠤᠨ ᠳᠠᠨᠢᠯᠴᠠᠭᠤᠯᠵᠤ ᠪᠤᠯᠤᠨ᠎ᠠ᠂ ᠤᠨᠴᠠ ᠵᠠᠷᠢᠮ ᠢ ᠨᠢ ᠶᠠᠷᠢᠯᠴᠠᠵᠤ ᠰᠤᠩᠭᠤᠨ ᠳᠠᠨᠢᠯᠴᠠᠭᠤᠯᠤᠭᠰᠠᠨ ᠤ ᠳᠠᠷᠠᠭ᠎ᠠ ᠳᠠᠬᠢᠨᠳᠠ ᠬᠤᠷᠠᠯ ᠢᠶᠠᠷ ᠳᠠᠮᠵᠢᠨ ᠰᠤᠩᠭᠤᠨ ᠳᠠᠨᠢᠯᠴᠠᠭᠤᠯᠵᠤ ᠪᠤᠯᠤᠨ᠎ᠠ᠂ ᠡᠭᠦᠨ ᠤ ᠬᠠᠮᠳᠤ ᠳᠦᠯᠦᠭᠡᠯᠡᠭᠦ ᠴᠢᠨᠠᠷᠳᠠᠢ᠂ ᠪᠠᠶᠢᠳᠠᠯ ᠢ ᠮᠡᠳᠡᠭᠦ ᠬᠡᠮᠵᠢᠶ᠎ᠠ ᠪᠠ ᠬᠤᠯᠪᠤᠬᠳᠠᠬᠤ ᠴᠢᠨᠠᠷ ᠤᠨ ᠵᠠᠷᠴᠢᠮ ᠢ ᠦᠨᠳᠦᠰᠦᠯᠡᠵᠤ᠂ ᠬᠠᠨᠳᠤᠯᠭᠠᠳᠤ ᠴᠢᠨᠠᠷᠳᠠᠢ ᠪᠠᠷ ᠰᠤᠩᠭᠤᠨ ᠳᠠᠨᠢᠯᠴᠠᠭᠤᠯᠬᠤ ᠬᠦᠷᠢᠶ᠎ᠠ ᠬᠡᠪᠴᠢᠶᠡᠨ ᠳᠤ ᠤᠷᠤᠭᠰᠠᠳ ᠎ ᠢ ᠳᠤᠭᠳᠠᠭᠠᠨ᠎ᠠ᠃ ᠰᠢᠯᠭᠠᠨ ᠪᠠᠶᠢᠴᠠᠭᠠᠬᠤ ᠶᠢ ᠬᠦᠨᠵᠡᠭᠡᠶᠢᠷᠡᠭᠦᠯᠬᠦ ᠠᠷᠭ᠎ᠠ ᠠᠪᠴᠠᠯ ᠢ ᠰᠠᠶᠢᠵᠢᠷᠠᠭᠤᠯᠵᠤ᠂ ᠰᠢᠯᠭᠠᠨ ᠪᠠᠶᠢᠴᠠᠭᠠᠬᠤ ᠡᠳᠡᠭᠡᠳ ᠤᠨ ᠦᠩᠭᠡᠷᠡᠯᠳᠠ᠂ ᠬᠡᠷ ᠪᠦᠯᠢ ᠶᠢᠨ ᠬᠠᠷᠢᠴᠠᠭ᠎ᠠ᠂ ᠨᠡᠶᠢᠭᠡᠮ ᠤᠨ ᠠᠷᠤ ᠦᠵᠡᠭᠳᠡᠯ ᠵᠡᠷᠭᠡ ᠪᠠᠶᠢᠳᠠᠯ ᠢ ᠦᠨᠳᠦᠰᠦᠯᠡᠵᠤ᠂ ᠴᠢᠬᠤᠯᠠ ᠦᠢᠯᠡ ᠠᠵᠢᠯᠯᠠᠭ᠎ᠠ ᠶᠢᠨ ᠤᠨᠴᠠᠯᠢᠭ ᠢ ᠠᠳᠬᠤᠨ᠂ ᠠᠷᠠᠳ ᠤᠨ ᠰᠠᠨᠠᠭ᠎ᠠ ᠶᠢᠨ ᠳᠤᠬᠠᠢ ᠪᠠᠶᠢᠴᠠᠭᠠᠯᠳᠠ᠂ ᠳᠤᠰᠬᠠᠢ ᠲᠦᠷᠦᠯ ᠤᠨ ᠪᠠᠶᠢᠴᠠᠭᠠᠯᠳᠠ᠂ ᠪᠤᠳᠠᠳᠠᠢ ᠭᠠᠵᠠᠷ ᠲᠤᠨᠢ ᠬᠦᠷᠴᠦ ᠠᠰᠠᠭᠤᠨ ᠰᠤᠷᠠᠬᠤ᠂ ᠬᠡᠷ ᠪᠦᠯᠢ ᠪᠠᠷ ᠰᠤᠷᠪᠤᠯᠵᠢᠯᠠᠨ ᠶᠠᠪᠤᠬᠤ ᠵᠡᠷᠭᠡ ᠠᠷᠭ᠎ᠠ ᠠᠪᠴᠠᠯ ᠢ ᠠᠪᠴᠦ᠂ ᠰᠢᠯᠭᠠᠨ ᠪᠠᠶᠢᠴᠠᠭᠠᠬᠤ ᠬᠦᠷᠢᠶ᠎ᠠ ᠬᠡᠪᠴᠢᠶ᠎ᠠ ᠶᠢ ᠵᠤᠬᠢᠬᠤ ᠬᠡᠮᠵᠢᠶ᠎ᠠ ᠪᠠᠷ ᠦᠷᠭᠡᠳᠭᠡᠨ ᠬᠦᠨᠵᠡᠭᠡᠶᠢᠷᠡᠭᠦᠯᠵᠤ᠂ ᠦᠷᠭᠡᠨ ᠳᠡᠯᠭᠡᠷ ᠬᠦᠨ ᠬᠦᠨᠵᠡᠭᠡᠢ ᠪᠠᠷ ᠺᠠᠳ᠋ᠷ ᠤᠨ ᠪᠠᠶᠢᠳᠠᠯ ᠢ ᠤᠶᠢᠯᠠᠭᠠᠨ᠎ᠠ᠃ ᠢᠯᠡ ᠨᠡᠶᠢᠳᠡᠯᠡᠬᠦ ᠠᠷᠭ᠎ᠠ ᠬᠡᠯᠪᠡᠷᠢ ᠶᠢ ᠰᠠᠶᠢᠵᠢᠷᠠᠭᠤᠯᠵᠤ᠂ ᠰᠢᠯᠭᠠᠨ ᠪᠠᠶᠢᠴᠠᠭᠠᠬᠤ ᠡᠳᠡᠭᠡᠳ ᠢ ᠢᠯᠡ ᠨᠡᠶᠢᠳᠡᠯᠡᠬᠦ ᠪᠠ ᠳᠤᠰᠢᠶᠠᠯ ᠳᠤ ᠳᠤᠮᠢᠯᠠᠬᠤ ᠠᠴᠠ ᠡᠮᠤᠨ᠎ᠠ ᠢᠯᠡ ᠨᠡᠶᠢᠳᠡᠯᠡᠬᠦ ᠠᠭᠤᠯᠭ᠎ᠠ᠂ ᠬᠦᠷᠢᠶ᠎ᠠ ᠬᠡᠪᠴᠢᠶ᠎ᠠ ᠪᠤᠯᠤᠨ ᠢᠯᠡ ᠨᠡᠶᠢᠳᠡᠯᠡᠬᠦ ᠴᠠᠭ ᠬᠤᠭᠤᠴᠠᠭ᠎ᠠ ᠶᠢ ᠤᠷᠳᠤᠳᠬᠠᠵᠤ᠂ ᠺᠠᠳ᠋ᠷ ᠤᠯᠠᠨ ᠲᠦᠮᠡᠨ ᠤ ᠬᠢᠨᠠᠯᠳᠠ ᠳᠠᠯᠪᠢᠬᠤ ᠶᠢ ᠬᠦᠢᠴᠡᠳ ᠬᠦᠯᠢᠶᠡᠨ ᠠᠪᠬᠤ ᠬᠡᠷᠡᠭᠲᠡᠢ᠃      14. ᠰᠢᠯᠭᠠᠨ ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠬᠡᠷᠡᠭᠲᠡᠢ᠃ ᠰᠢᠯᠭᠠᠨ ᠪᠠᠶᠢᠴᠠᠭᠠᠬᠤ ᠳᠤᠭᠤᠶᠢᠯᠠᠩ ᠳᠤ ᠠᠵᠢᠯ ᠤᠨ ᠴᠢᠳᠠᠪᠤᠷᠢ ᠰᠠᠶᠢᠨ ᠳᠤᠭᠤᠶᠢᠯᠠᠩ ᠤᠨ ᠳᠠᠷᠤᠭ᠎ᠠ ᠪᠠ ᠠᠵᠢᠯᠳᠠᠨ ᠎ ᠢ ᠰᠠᠶᠢᠳᠤᠷ ᠰᠤᠩᠭᠤᠨ ᠳᠤᠬᠢᠷᠠᠭᠤᠯᠵᠤ᠂ ᠰᠢᠯᠭᠠᠨ ᠪᠠᠶᠢᠴᠠᠭᠠᠭᠰᠠᠨ ᠶᠠᠷᠢᠯᠴᠠᠭ᠎ᠠ ᠶᠢᠨ ᠨᠢᠭᠤᠴᠠ ᠶᠢ ᠬᠠᠮᠠᠭᠠᠯᠠᠬᠤ ᠬᠢᠭᠡᠳ ᠠᠮᠠᠯᠳᠠᠭᠰᠠᠨ ᠡᠭᠦᠷᠭᠡ ᠬᠠᠷᠢᠭᠤᠴᠠᠯᠭ᠎ᠠ ᠶᠢ ᠳᠤᠳᠤᠷᠬᠠᠶᠢᠯᠠᠵᠤ᠂ ᠦᠨᠡᠨ ᠦᠭᠡ ᠶᠠᠷᠢᠬᠤ ᠠᠭᠤᠷ ᠠᠮᠢᠰᠬᠤᠯ ᠢ ᠪᠤᠢ ᠪᠤᠯᠭᠠᠨ᠂ ᠰᠢᠯᠭᠠᠨ ᠪᠠᠶᠢᠴᠠᠭᠠᠯᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠢᠯᠭᠠᠨ ᠪᠠᠶᠢᠴᠠᠭᠠᠬᠤ ᠳᠤᠭᠤᠶᠢᠯᠠᠩ ᠠᠴᠠ ᠰᠢᠯᠭᠠᠨ ᠪᠠᠶᠢᠴᠠᠭᠠᠭᠰᠠᠨ ᠪᠠᠶᠢᠳᠠᠯ ᠪᠠ ᠰᠠᠨᠠᠯ ᠢ ᠦᠨᠡᠨ ᠮᠦᠨ ᠢᠶᠠᠷ ᠳᠤᠰᠬᠠᠵᠤ᠂ ᠺᠠᠳ᠋ᠷ ᠢ ᠰᠤᠩᠭᠤᠨ ᠳᠡᠪᠰᠢᠭᠦᠯᠵᠦ ᠳᠤᠮᠢᠯᠠᠨ ᠬᠡᠷᠡᠭᠯᠡᠭᠦ ᠶᠢᠨ ᠬᠡᠪ ᠵᠠᠩᠰᠢᠯ ᠳᠤ ᠬᠢᠨᠠᠯᠳᠠ ᠳᠠᠯᠪᠢᠬᠤ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠦᠢᠴᠡᠳᠭᠡᠵᠤ᠂ ᠰᠢᠯᠭᠠᠨ ᠪᠠᠶᠢᠴᠠᠭᠠᠭᠰᠠᠨ ᠦᠷ᠎ᠠ ᠳ᠋ᠦᠩ ᠪᠠ ᠪᠦᠷᠢᠯᠳᠦᠭᠰᠡᠨ ᠰᠢᠯᠭᠠᠨ ᠪᠠᠶᠢᠴᠠᠭᠠᠯᠳᠠ ᠶᠢᠨ ᠪᠢᠴᠢᠭ ᠮᠠᠲ᠋ᠧᠷᠢᠶᠠᠯ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠺᠠᠳ᠋ᠷ ᠢ ᠰᠢᠯᠭᠠᠨ ᠪᠠᠶᠢᠴᠠᠭᠠᠬᠤ ᠳᠤᠮᠳᠠᠬᠢ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠠ ᠨᠠᠮ ᠎ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠤ ᠭᠤᠤᠯ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠰᠢᠯᠭᠠᠨ ᠪᠠᠶᠢᠴᠠᠭᠠᠯᠳᠠ ᠶᠢ ᠬᠦᠯᠢᠶᠡᠭᠰᠡᠳ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠠᠴᠠ ᠰᠢᠯᠭᠠᠨ ᠪᠠᠶᠢᠴᠠᠭᠠᠬᠤ ᠡᠯ᠎ᠠ ᠭᠤᠭᠴᠤᠭ᠎ᠠ ᠶᠢᠨ ᠠᠵᠢᠯ ᠢ ᠬᠠᠷᠢᠭᠤᠴᠠᠵᠤ᠂ ᠰᠢᠯᠭᠠᠨ ᠪᠠᠶᠢᠴᠠᠭᠠᠯᠳᠠ ᠶᠢ ᠬᠦᠯᠢᠶᠡᠭᠦ ᠡᠳᠡᠭᠡᠳ ᠢ ᠡᠷᠬᠡᠪᠰᠢ ᠦᠨᠡᠨ ᠠᠴᠠ ᠵᠦᠪ ᠢ ᠡᠷᠢᠯᠬᠢᠯᠡᠨ ᠰᠢᠯᠭᠠᠨ ᠦᠨᠡᠯᠡᠬᠦ ᠬᠡᠷᠡᠭᠲᠡᠢ᠃      15᠂ ᠬᠢᠨᠠᠨ ᠬᠠᠷᠭᠤᠭᠤᠯᠬᠤ ᠠᠷᠭ᠎ᠠ ᠠᠪᠴᠠᠯ ᠢ ᠴᠢᠩᠳᠠᠯᠠᠬᠤ ᠬᠡᠷᠡᠭᠲᠡᠢ᠃ ᠺᠠᠳ᠋ᠷ ᠤᠨ ᠲᠠᠩᠰᠠ ᠡᠪᠬᠡᠮᠡᠯ ᠢ ︽ᠲᠡᠪᠰᠢᠬᠦᠯᠬᠦ ᠪᠤᠯᠭᠠᠨ ᠢ ᠡᠷᠬᠡᠪᠰᠢ ᠬᠢᠨᠠᠬᠤ︾᠂ ᠬᠤᠪᠢ ᠬᠦᠮᠦᠨ ᠤ ᠬᠠᠮᠢᠶᠠᠳᠠᠢ ᠵᠦᠢᠯᠡᠰ ᠤᠨ ᠮᠡᠳᠡᠬᠦᠯᠦᠯᠳᠡ ᠶᠢ ︽ᠲᠡᠪᠰᠢᠬᠦᠯᠬᠦ ᠪᠤᠯᠭᠠᠨ ᠢ ᠡᠷᠬᠡᠪᠰᠢ ᠬᠠᠷᠭᠤᠭᠤᠯᠬᠤ︾᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠠᠨᠠᠯ ᠢ ︽ᠲᠡᠪᠰᠢᠬᠦᠯᠬᠦ ᠪᠤᠯᠭᠠᠨ ᠢ ᠡᠷᠬᠡᠪᠰᠢ ᠰᠤᠨᠤᠰᠬᠤ︾᠂ ᠲᠤᠰᠠᠬᠬᠰᠠᠨ ᠲᠦᠷᠢᠮ ᠲᠤᠬᠳᠠᠭᠠᠯ ᠠᠴᠠ ᠵᠦᠷᠢᠴᠡᠵᠦ ᠰᠠᠬᠢᠯᠭ᠎ᠠ ᠪᠠᠳᠤ ᠠᠴᠠ ᠵᠦᠷᠢᠴᠡᠭᠰᠡᠨ ᠠᠰᠠᠭᠤᠳᠠᠯ ᠤᠨ ᠰᠦᠪᠡᠭᠴᠢ ᠨᠢ ᠪᠤᠳᠠᠳᠠᠢ᠂ ᠪᠠᠶᠢᠴᠠᠭᠠᠭᠤᠰᠢᠳᠠᠢ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠳᠡ ᠶᠢ ︽ᠲᠡᠪᠰᠢᠬᠦᠯᠬᠦ ᠪᠤᠯᠭᠠᠨ ᠢ ᠡᠷᠬᠡᠪᠰᠢ ᠪᠠᠶᠢᠴᠠᠭᠠᠬᠤ︾᠎ ᠶᠢ ᠪᠠᠷᠢᠮᠳᠠᠯᠠᠨ᠂ ᠺᠠᠳ᠋ᠷ ᠢ ︽ᠠᠰᠠᠭᠤᠳᠠᠯ ᠲᠠᠢ ᠪᠠᠶᠢᠳᠠᠯ᠎ᠠ ᠰᠢᠯᠢᠨ ᠲᠡᠪᠰᠢᠬᠦᠯᠬᠦ︾᠂ ︽ᠠᠰᠠᠭᠤᠳᠠᠯ ᠲᠠᠢ ᠪᠠᠶᠢᠳᠠᠯ᠎ᠠ ᠠᠵᠢᠯ ᠤᠨ ᠪᠠᠶᠢᠷᠢ ᠳᠤ ᠭᠠᠷᠭᠠᠬᠤ︾᠎ ᠶᠢ ᠡᠷᠡᠰ ᠰᠡᠷᠬᠡᠶᠢᠯᠡᠨ ᠬᠤᠷᠢᠬᠯᠠᠬᠤ ᠬᠡᠷᠡᠭᠳᠡᠢ᠃      16᠂ ᠰᠢᠯᠭᠠᠨ ᠪᠠᠶᠢᠴᠠᠭᠠᠯᠳᠠ ᠶᠢᠨ ᠪᠤᠭᠤᠮᠳᠠ ᠰᠠᠬᠢᠬᠤ ᠦᠷ᠎ᠠ ᠳ᠋ᠦᠩ ᠤᠨ ᠬᠡᠷᠡᠭᠯᠡᠯᠳᠡ ᠶᠢ ᠴᠢᠩᠳᠠᠯᠠᠬᠤ ᠬᠡᠷᠡᠭᠲᠡᠢ᠃ ᠠᠰᠠᠭᠤᠳᠠᠯ ᠢᠯᠡᠷᠡᠬᠦᠯᠵᠦ ᠬᠡᠷᠡᠭᠯᠡᠬᠦ ᠶᠢ ᠨᠦᠯᠦᠭᠡᠯᠡᠭᠰᠡᠨ ᠢ ᠴᠠᠬ ᠲᠤᠬᠠᠢ ᠳᠤᠨᠢ ᠰᠢᠯᠢᠨ ᠲᠡᠪᠰᠢᠬᠦᠯᠵᠦ ᠲᠤᠰᠢᠶᠠᠯ ᠳᠤ ᠲᠤᠮᠢᠯᠠᠬᠤ ᠶᠢ ᠵᠤᠬᠰᠤᠭᠠᠬᠤ ᠬᠡᠷᠡᠭᠲᠡᠢ︔ ᠰᠡᠵᠢᠭᠳᠡᠢ ᠵᠦᠢᠯᠡᠰ ᠢ ᠠᠷᠢᠯᠭᠠᠭᠠᠳᠤᠢ᠂ ᠠᠰᠠᠭᠤᠳᠠᠯ ᠢ ᠲᠤᠳᠤᠷᠬᠠᠢ ᠪᠠᠶᠢᠴᠠᠭᠠᠭᠠᠳᠤᠢ ᠶᠢ ᠬᠤᠷᠠᠯ ᠳᠤ ᠲᠡᠪᠰᠢᠬᠦᠯᠵᠦ ᠶᠠᠷᠢᠯᠴᠠᠬᠤ ᠪᠤᠶᠤ ᠲᠤᠰᠢᠶᠠᠯ ᠳ᠋ᠳᠤ ᠲᠤᠮᠢᠯᠠᠵᠦ ᠪᠤᠯᠬᠤ ᠦᠬᠡᠢ᠃ ᠲᠦᠷ ᠴᠠᠬ ᠰᠡᠵᠢᠭᠳᠡᠢ᠂ ᠲᠦᠷ ᠭᠡᠷᠡᠭᠯᠡᠬᠡᠳᠦᠢ ᠺᠠᠳ᠋ᠷ ᠢ ᠴᠠᠬ ᠲᠤᠬᠠᠢ ᠳᠤᠨᠢ ᠠᠰᠠᠭᠤᠳᠠᠯ ᠢ ᠲᠤᠳᠤᠷᠬᠠᠢ ᠪᠠᠶᠢᠴᠠᠭᠠᠨ᠂ ᠳ᠋ᠦᠩᠨᠡᠯᠳᠡ ᠭᠠᠷᠭᠠᠵᠦ᠂ ᠬᠦᠵᠢᠷᠯᠡᠭᠳᠡᠵᠦ᠂ ᠬᠦᠳᠭᠡᠭᠳᠡᠵᠦ᠂ ᠬᠤᠤᠷᠯᠠᠬᠳᠠᠬᠰᠠᠨ ᠺᠠᠳ᠋ᠷ ᠤᠨ ᠨᠠᠷ᠎ᠠ ᠲᠦᠷᠦ ᠶᠢ ᠨᠢ ᠰᠡᠷᠬᠦᠬᠡᠨ᠂ ᠴᠤᠬᠢᠯᠳᠠ ᠦᠭᠴᠦ ᠬᠠᠷᠢᠭᠤ ᠠᠪᠬᠤ᠂ ᠬᠦᠵᠢᠷᠯᠡᠵᠦ ᠬᠤᠤᠷᠯᠠᠬᠰᠠᠨ ᠠᠵᠢᠯᠯᠠᠭ᠎ᠠ ᠶᠢ ᠴᠢᠩᠭ᠎ᠠ ᠰᠢᠢᠳᠪᠦᠷᠢᠯᠡᠬᠦ ᠬᠡᠷᠡᠭᠳᠡᠢ᠃ ᠠᠵᠢᠯ ᠦᠢᠯᠡᠰ ᠢ ᠡᠷᠬᠢᠮᠯᠡᠬᠦ᠂ ᠲᠦᠪ ᠭᠤᠤᠯᠴᠢ ᠪᠠᠶᠢᠬᠤ ᠶᠢ ᠪᠠᠷᠢᠮᠳᠠᠯᠠᠨ᠂ ᠠᠵᠢᠯ ᠤᠨ ᠰᠤᠷᠳᠠᠯ ᠤᠨᠴᠭᠠᠠᠢ ᠰᠠᠶᠢᠨ᠂ ᠵᠤᠷᠢᠬᠳᠠᠢ ᠠᠵᠢᠯᠯᠠᠬᠤ᠂ ᠡᠷᠡᠯᠭᠡᠭᠯᠡᠨ ᠤᠷᠤᠬᠰᠢᠯᠠᠬᠤ ᠺᠠᠳ᠋ᠷ ᠢ ᠬᠠᠮᠠᠭᠠᠯᠠᠵᠦ᠂ ᠠᠵᠢᠯ ᠬᠢᠬᠦ ᠶᠢ ᠪᠤᠳᠤᠬᠤ᠂ ᠠᠵᠢᠯ ᠬᠢᠵᠦ ᠴᠢᠳᠠᠬᠤ᠂ ᠵᠤᠷᠢᠬᠳᠠᠢ ᠡᠬᠦᠷᠭᠡᠯᠡᠬᠦ᠂ ᠠᠵᠢᠯ ᠢᠶᠠᠨ ᠰᠠᠶᠢᠨ ᠬᠢᠬᠦ ᠺᠠᠳ᠋ᠷ ᠢ ᠲᠤᠬ ᠲᠡᠮᠳᠡᠭ ᠲᠤᠳᠤᠷᠬᠠᠢ ᠪᠠᠷ ᠲᠦᠰᠢᠭ ᠲᠤᠯᠭᠠᠭᠤᠷᠢ ᠪᠤᠯᠵᠦ ᠵᠤᠷᠢᠬᠵᠢᠭᠤᠯᠤᠨ᠂ ᠵᠤᠷᠢᠬᠳᠠᠢ ᠪᠠᠷ ᠬᠡᠷᠡᠭᠯᠡᠬᠦ ᠬᠡᠷᠡᠭᠳᠡᠢ᠃      17᠂ ᠺᠠᠳ᠋ᠷ ᠢ ᠰᠢᠯᠢᠨ ᠲᠡᠪᠰᠢᠬᠦᠯᠵᠦ ᠲᠤᠰᠢᠶᠠᠯ ᠳᠤ ᠲᠤᠮᠢᠯᠠᠬᠤ ᠶᠢ ᠲᠠᠩᠰᠠᠯᠠᠵᠦ ᠬᠢᠨᠠᠨ ᠬᠠᠷᠭᠤᠭᠤᠯᠬᠤ ᠲᠦᠷᠢᠮ ᠢ ᠨᠠᠶᠢᠳᠠᠪᠤᠷᠢᠭᠤᠯᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠰᠠᠨᠠᠭᠤᠯᠭ᠎ᠠ ᠶᠢ ᠲᠤᠬᠢᠷᠠᠭᠤᠯᠵᠦ᠂ ᠬᠤᠷᠠᠯ ᠳᠤ ᠶᠠᠷᠢᠯᠴᠠᠨ ᠲᠤᠭᠲᠠᠭᠠᠬᠰᠠᠨ ᠤ ᠲᠠᠷᠠᠭ᠎ᠠ᠂ ᠴᠠᠬ ᠲᠤᠬᠠᠢ ᠳᠤᠨᠢ ᠲᠡᠭᠡᠳᠦ ᠱᠠᠳᠤᠨ ᠤ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠲᠤ ᠠᠵᠢᠯ ᠤᠨ ᠪᠠᠶᠢᠷᠢ ᠶᠢᠨ ᠲᠤᠬᠢᠷᠠᠭᠤᠯᠤᠯᠳᠠ ᠶᠢᠨ ᠲᠦᠰᠦᠯ ᠪᠠ ᠪᠤᠳᠠᠳᠠᠢ ᠲᠤᠬᠢᠷᠠᠭᠤᠯᠤᠯᠳᠠ ᠶᠢᠨ ᠦᠷ᠎ᠠ ᠳ᠋ᠳᠦᠶᠢᠩ ᠢ ᠮᠡᠳᠡᠬᠦᠯᠬᠦ ᠬᠡᠷᠡᠭᠳᠡᠢ᠃ ᠲᠡᠭᠡᠳᠦ ᠱᠠᠳᠤᠨ ᠤ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠺᠠᠳ᠋ᠷ ᠤᠨ ᠲᠣᠰᠢᠶᠠᠯ ᠤᠨ ᠲᠤᠭ᠎ᠠ ᠶᠢᠨ ᠪᠠᠶᠢᠲᠠᠯ᠂ ᠲᠣᠰᠢᠶᠠᠯ ᠡᠬᠦᠷᠭᠡᠯᠡᠬᠦ ᠬᠢᠷᠢ ᠭᠡᠮ᠂ ᠲᠣᠰᠢᠶᠠᠯ ᠳᠤ ᠲᠣᠮᠢᠯᠠᠬᠤ ᠠᠯᠬᠤᠮ ᠲᠠᠷᠠᠭ᠎ᠠ᠂ ᠠᠷᠢᠭᠤᠨ ᠴᠢᠭᠡᠴᠢ ᠪᠠᠷ ᠵᠠᠰᠠᠬ ᠶᠠᠪᠣᠭᠤᠯᠬᠤ᠂ ᠵᠠᠬᠢᠲᠠᠯ ᠰᠣᠷᠪᠣᠯᠵᠢᠯᠠᠭ᠎ᠠ ᠶᠢᠨ ᠲᠣᠰᠬᠠᠯ ᠵᠡᠷᠭᠡ ᠪᠠᠶᠢᠲᠠᠯ ᠎ ᠢ ᠴᠢᠩᠭ᠎ᠠ ᠬᠢᠨᠠᠨ ᠬᠠᠷᠭᠤᠭᠤᠯᠵᠦ ᠪᠣᠭᠤᠮᠲᠠ ᠰᠠᠬᠢᠬᠤ ᠬᠡᠷᠡᠭᠲᠡᠢ᠃      ᠵᠢᠷᠭᠤᠭ᠎ᠠ᠂ ᠬᠤᠷᠠᠯ ᠤᠨ ᠶᠠᠷᠢᠯᠴᠠᠭ᠎ᠠ ᠶᠢ ᠲᠦᠷᠢᠮᠵᠢᠬᠦᠯᠬᠦ ᠬᠡᠷᠡᠭᠲᠡᠢ      18. ᠲᠡᠰ ᠲᠠᠷᠠᠭᠠᠯᠠᠯ ᠢ ᠨᠠᠷᠢᠨ ᠬᠢᠨᠠᠮᠠᠭᠠᠢ ᠭᠡᠷᠡᠭᠵᠢᠬᠦᠯᠬᠦ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠣᠲᠣᠷᠢᠳᠬᠤ ᠲᠣᠭᠤᠶᠢᠯᠠᠩ︶᠎ ᠠᠴᠠ ᠶᠠᠷᠢᠯᠴᠠᠵᠦ ᠲᠣᠬᠲᠠᠭᠠᠬᠰᠠᠨ ᠺᠠᠳ᠋ᠷ ᠢ ᠲᠣᠰᠢᠶᠠᠯ ᠳᠤ ᠲᠣᠮᠢᠯᠠᠵᠦ ᠲᠣᠰᠢᠶᠠᠯ ᠠᠴᠠ ᠣᠬᠴᠠᠷᠠᠭᠤᠯᠬᠤ ᠵᠦᠢᠯᠡᠰ ᠢ ᠺᠠᠳ᠋ᠷ ᠢ ᠰᠢᠯᠢᠨ ᠲᠡᠪᠰᠢᠬᠦᠯᠵᠦ ᠲᠣᠰᠢᠶᠠᠯ ᠳᠤ ᠲᠣᠮᠢᠯᠠᠬᠤ ᠠᠵᠢᠯ ᠤᠨ ᠠᠯᠬᠤᠮ ᠲᠠᠷᠠᠭ᠎ᠠ ᠶᠢ ᠴᠢᠩᠭ᠎ᠠ ᠬᠡᠷᠡᠭᠵᠢᠬᠦᠯᠵᠦ᠂ ᠲᠣᠬᠲᠠᠭᠠᠯ ᠶᠣᠰᠣᠭᠠᠷ ᠰᠠᠨᠠᠭᠤᠯᠭ᠎ᠠ ᠭᠠᠷᠭᠠᠬᠰᠠᠨ ᠦᠭᠡᠢ᠂ ᠠᠷᠠᠳᠴᠢᠯᠠᠯ ᠢᠶᠠᠷ ᠰᠣᠩᠭᠤᠨ ᠲᠠᠨᠢᠯᠴᠠᠭᠤᠯᠣᠬᠰᠠᠨ ᠦᠭᠡᠢ᠂ ᠵᠣᠬᠢᠶᠠᠨ ᠪᠠᠶᠢᠭᠤᠯᠣᠯᠲᠠ ᠠᠴᠠ ᠰᠢᠯᠭᠠᠨ ᠪᠠᠶᠢᠴᠠᠭᠠᠬᠰᠠᠨ ᠦᠭᠡᠢ ᠶᠢ ᠬᠤᠷᠠᠯ ᠳᠤ ᠲᠡᠪᠰᠢᠬᠦᠯᠬᠦ ᠦᠭᠡᠢ᠂ ᠲᠣᠬᠲᠠᠭᠠᠯ ᠶᠣᠰᠣᠭᠠᠷ ᠬᠠᠮᠢᠶ᠎ᠠ ᠲᠠᠢ ᠠᠰᠠᠭᠤᠲᠠᠯ ᠢ ᠲᠣᠲᠣᠷᠬᠠᠢ ᠬᠠᠷᠭᠤᠭᠤᠯᠣᠬᠰᠠᠨ ᠦᠭᠡᠢ᠋ᠳ᠋ ᠶᠢ ᠬᠤᠷᠠᠯ ᠳᠤ ᠲᠡᠪᠰᠢᠬᠦᠯᠬᠦ ᠦᠭᠡᠢ᠂ ᠲᠣᠬᠲᠠᠭᠠᠯ ᠶᠣᠰᠣᠭᠠᠷ ᠲᠡᠭᠡᠲᠦ ᠱᠠᠲᠣᠨ ᠳᠤ ᠮᠡᠲᠡᠬᠦᠯᠦᠭᠰᠡᠨ ᠦᠭᠡᠢ ᠪᠣᠶᠣ ᠵᠦᠪᠰᠢᠶᠡᠷᠡᠬᠦᠯᠦᠭᠰᠡᠨ ᠦᠭᠡᠢ ᠪᠠᠷ ᠺᠠᠳ᠋ᠷ ᠢ ᠲᠣᠰᠢᠶᠠᠯ ᠳᠤ ᠲᠣᠮᠢᠯᠠᠵᠦ ᠲᠣᠰᠢᠶᠠᠯ ᠠᠴᠠ ᠣᠬᠴᠠᠷᠠᠭᠤᠯᠣᠬᠰᠠᠨ ᠵᠦᠢᠯᠡᠰ ᠢ ᠬᠤᠷᠠᠯ ᠳᠤ ᠲᠡᠪᠰᠢᠬᠦᠯᠬᠦ ᠦᠭᠡᠢ᠃ ᠺᠠᠳ᠋ᠷ ᠢ ᠲᠣᠰᠢᠶᠠᠯ ᠳᠤ ᠲᠣᠮᠢᠯᠠᠵᠦ ᠲᠣᠰᠢᠶᠠᠯ ᠠᠴᠠ ᠣᠬᠴᠠᠷᠠᠭᠤᠯᠬᠤ ᠵᠦᠢᠯᠡᠰ ᠢ ᠶᠠᠷᠢᠯᠴᠠᠨ ᠲᠣᠬᠲᠠᠭᠠᠬᠤ ᠬᠤᠷᠠᠯ ᠳᠤ ᠨᠠᠮ ᠤᠨ ᠬᠤᠷᠢᠶ᠎ᠠ ︵ᠨᠠᠮ ᠤᠨ ᠣᠲᠣᠷᠢᠳᠬᠤ ᠲᠣᠭᠤᠶᠢᠯᠠᠩ︶᠎ ᠶᠢᠨ ᠪᠦᠷᠢᠯᠲᠦᠬᠦᠨ ᠤ ᠭᠤᠷᠪᠠᠨ ᠤ ᠬᠤᠶᠠᠷ ᠠᠴᠠ ᠲᠡᠭᠡᠭᠰᠢᠬᠢ ᠨᠢ ᠬᠤᠷᠠᠯ ᠳᠤ ᠣᠷᠣᠯᠴᠠᠵᠦ᠂ ᠬᠤᠷᠠᠯ ᠳᠤ ᠣᠷᠣᠯᠴᠠᠬᠰᠠᠳ ᠬᠦᠢᠴᠡᠳ ᠶᠠᠷᠢᠯᠴᠠᠬᠰᠠᠨ ᠤ ᠰᠠᠭᠤᠷᠢᠨ ᠲᠡᠭᠡᠷ᠎ᠡ ᠪᠠᠲᠣᠯᠠᠵᠦ᠂ ᠬᠤᠷᠠᠯ ᠳᠤ ᠣᠷᠣᠯᠴᠠᠬᠤ ᠶᠣᠰᠣᠲᠠᠢ ᠪᠦᠷᠢᠯᠲᠦᠬᠦᠨ ᠬᠠᠭᠠᠰ ᠠᠴᠠ ᠲᠡᠭᠡᠭᠰᠢᠬᠢ ᠲᠤᠭ᠎ᠠ ᠶᠢ ᠲᠠᠪᠠᠭᠰᠠᠨ ᠪᠣᠯ ᠲᠣᠬᠲᠠᠭᠠᠯ ᠪᠦᠷᠢᠯᠲᠦᠬᠦ ᠶᠢ ᠵᠦᠪᠰᠢᠶᠡᠷᠡᠨ᠎ᠡ᠃ ᠬᠤᠷᠠᠯ ᠲᠡᠭᠡᠷ᠎ᠡ ᠨᠠᠮ ᠤᠨ ᠬᠤᠷᠢᠶ᠎ᠠ ︵ᠨᠠᠮ ᠤᠨ ᠣᠲᠣᠷᠢᠳᠬᠤ ᠲᠣᠭᠤᠶᠢᠯᠠᠩ︶ ᠵᠣᠬᠢᠶᠠᠨ ᠪᠠᠶᠢᠭᠤᠯᠬᠤ ᠠᠵᠢᠯᠲᠠᠨ ᠤ ᠶᠠᠪᠣᠲᠠᠯ ᠤᠨ ᠠᠵᠢᠯ ᠢ ᠬᠤᠪᠢᠲᠠᠨ ᠬᠠᠮᠢᠶᠠᠷᠴᠦ ᠪᠠᠶᠢᠭ᠎ᠠ ᠣᠲᠣᠷᠢᠳᠬᠤ ᠪᠦᠷᠢᠯᠲᠦᠬᠦᠨ ᠪᠣᠶᠣ ᠵᠣᠬᠢᠶᠠᠨ ᠪᠠᠶᠢᠭᠤᠯᠬᠤ ᠠᠵᠢᠯᠲᠠᠨ ᠤ ᠶᠠᠪᠣᠲᠠᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠲᠡᠪᠰᠢᠬᠦᠯᠦᠭᠲᠡᠭᠴᠢ ᠶᠢᠨ ᠰᠣᠩᠭᠤᠨ ᠲᠠᠨᠢᠯᠴᠠᠭᠤᠯᠬᠤ ᠶᠢ ᠬᠢᠨᠠᠨ ᠪᠠᠶᠢᠴᠠᠭᠠᠬᠰᠠᠨ᠂ ᠲᠣᠰᠢᠶᠠᠯ ᠳᠤ ᠲᠣᠮᠢᠯᠠᠵᠦ ᠲᠣᠰᠢᠶᠠᠯ ᠠᠴᠠ ᠣᠬᠴᠠᠷᠠᠭᠤᠯᠬᠤ ᠰᠢᠯᠲᠠᠭᠠᠨ ᠵᠡᠷᠭᠡ ᠪᠠᠶᠢᠲᠠᠯ ᠢ ᠨᠢᠭᠡᠳ ᠨᠢᠭᠡ ᠪᠠᠷ ᠲᠠᠨᠢᠯᠴᠠᠭᠤᠯᠵᠦ᠂ ᠡᠬᠦᠨ ᠳᠤ ᠣᠨᠴᠠᠭᠠᠢ ᠰᠢᠯᠢᠨ ᠲᠡᠪᠰᠢᠬᠦᠯᠬᠦ ᠳᠤ ᠬᠤᠯᠪᠣᠬᠲᠠᠬᠰᠠᠨ ᠪᠣᠯ ᠪᠣᠲᠠᠲᠠᠢ ᠪᠠᠶᠢᠲᠠᠯ᠂ ᠰᠢᠯᠲᠠᠭᠠᠨ ᠪᠠ ᠲᠡᠭᠡᠲᠦ ᠱᠠᠲᠣᠨ ᠤ ᠵᠣᠬᠢᠶᠠᠨ ᠪᠠᠶᠢᠭᠤᠯᠬᠤ ᠠᠵᠢᠯᠲᠠᠨ ᠤ ᠶᠠᠪᠣᠲᠠᠯ ᠤᠨ ᠰᠠᠯᠠᠭ᠎ᠠ ᠮᠦᠴᠢᠷ ᠤᠨ ᠰᠠᠨᠠᠯ ᠢ ᠰᠣᠨᠣᠰᠬᠤ ᠬᠡᠷᠡᠭᠲᠡᠢ᠃ ᠬᠤᠷᠠᠯ ᠳᠤ ᠣᠷᠣᠯᠴᠠᠬᠰᠠᠨ ᠪᠦᠷᠢᠯᠲᠦᠬᠦᠨ ᠨᠢᠭᠡᠳ ᠨᠢᠭᠡ ᠪᠠᠷ ᠵᠦᠪᠰᠢᠶᠡᠷᠡᠬᠦ᠂ ᠵᠦᠪᠰᠢᠶᠡᠷᠡᠬᠦ ᠦᠭᠡᠢ ᠪᠣᠶᠣ ᠬᠤᠶᠢᠰᠢᠯᠠᠭᠤᠯᠣᠨ ᠶᠠᠷᠢᠯᠴᠠᠬᠤ ᠵᠡᠷᠭᠡ ᠲᠣᠲᠣᠷᠬᠠᠢ ᠰᠠᠨᠠᠯ ᠢᠶᠠᠨ ᠢᠯᠡᠳᠭᠡᠵᠦ᠂ ᠨᠠᠮ ᠤᠨ ᠬᠤᠷᠢᠶ᠎ᠠ ︵ᠨᠠᠮ ᠤᠨ ᠣᠲᠣᠷᠢᠳᠬᠤ ᠲᠣᠭᠤᠶᠢᠯᠠᠩ︶ ᠬᠠᠮᠤᠬ ᠡᠴᠦᠰ ᠲᠤᠨᠢ ᠣᠪᠣᠷ ᠢᠶᠠᠨ ᠢᠯᠡᠳᠬᠡᠬᠦ ᠬᠡᠷᠡᠭᠲᠡᠢ᠃ ᠰᠠᠨᠠᠯ ᠨᠡᠯᠢᠶᠡᠳ ᠶᠡᠭᠡ ᠵᠦᠷᠢᠶᠡᠨ ᠲᠠᠢ ᠦᠶᠡᠰ᠂ ᠪᠠᠲᠣᠯᠠᠬᠤ ᠶᠢ ᠲᠦᠷ ᠠᠯᠭᠤᠷᠯᠠᠨ ᠶᠠᠪᠣᠬᠲᠠᠭᠤᠯᠵᠦ ᠪᠣᠯᠣᠨ᠎ᠠ᠃ ᠬᠤᠷᠠᠯ ᠠᠴᠠ ᠶᠠᠷᠢᠯᠴᠠᠵᠦ ᠲᠣᠬᠲᠠᠭᠠᠬᠰᠠᠨ ᠪᠠᠶᠢᠲᠠᠯ ᠢ ᠲᠣᠰᠬᠠᠢ ᠬᠦᠮᠦᠨ ᠪᠣᠲᠠᠲᠠᠢ ᠲᠡᠮᠲᠡᠭᠯᠡᠵᠦ᠂ ᠲᠣᠰᠢᠶᠠᠯ ᠳᠤ ᠲᠣᠮᠢᠯᠠᠵᠦ ᠲᠣᠰᠢᠶᠠᠯ ᠠᠴᠠ ᠣᠬᠴᠠᠷᠠᠭᠤᠯᠬᠤ ᠵᠦᠢᠯᠡᠰ ᠢ ᠬᠤᠷᠠᠯ ᠤᠨ ᠲᠡᠮᠲᠡᠭᠯᠡᠯ ᠨᠠᠶᠢᠷᠠᠭᠤᠯᠣᠨ ᠲᠠᠷᠬᠠᠭᠠᠬᠤ ᠶᠢᠨ ᠬᠠᠮᠲᠣ᠂ ᠲᠦᠷᠢᠮ ᠲᠣᠬᠲᠠᠭᠠᠯ ᠶᠣᠰᠣᠭᠠᠷ ᠲᠠᠩᠰᠠᠨ ᠡᠪᠭᠡᠮᠡᠯ ᠳᠤ ᠬᠠᠲᠠᠭᠠᠯᠠᠬᠤ ᠬᠡᠷᠡᠭᠲᠡᠢ᠃      19. ᠠᠵᠢᠯ ᠤᠨ ᠰᠠᠭᠢᠯᠭ᠎ᠠ ᠪᠠᠳᠦ ᠶᠢ ᠴᠢᠩᠳᠠᠯᠠᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠺᠠᠳ᠋ᠷ ᠢ ᠳᠤᠮᠢᠯᠠᠵᠤ ᠤᠬᠴᠠᠷᠠᠭᠤᠯᠬᠤ ᠶᠠᠪᠤᠳᠠᠯ ᠢ ᠶᠠᠷᠢᠯᠴᠠᠨ ᠳᠤᠭᠳᠠᠭᠠᠬᠤ ᠦᠶ᠎ᠠ ᠳᠤ᠂ ᠬᠤᠷᠠᠯ ᠳᠤ ᠤᠷᠤᠯᠴᠠᠬᠤ ᠳᠤᠬᠠᠢ ᠶᠢᠨ ᠭᠦᠮᠦᠨ ᠪᠤᠶᠤ ᠰᠠᠳᠤᠨ ᠳᠦᠷᠦᠯ ᠲᠠᠢ ᠨᠢ ᠬᠠᠮᠢᠶᠠᠳᠤᠭᠰᠠᠨ ᠪᠠᠶᠢᠪᠠᠯ᠂ ᠳᠤᠬᠠᠢ ᠶᠢᠨ ᠭᠦᠮᠦᠨ ᠵᠠᠪᠠᠯ ᠵᠠᠶᠢᠯᠠᠰᠬᠢᠨ᠎ᠠ᠃ ᠳᠤᠰᠠᠭᠠᠷ ᠰᠠᠨᠠᠯ ᠬᠤᠷᠢᠶᠠᠬᠤ᠂ ᠤᠳᠤᠷᠢᠳᠤᠯᠭ᠎ᠠ ᠪᠢᠨᠳᠤᠯᠠᠨ ᠦᠵᠡᠭᠦ ᠵᠡᠷᠭᠡ ᠭᠡᠯᠪᠡᠷᠢ ᠪᠠᠷ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠎ ᠶᠢᠨ ᠬᠤᠷᠠᠯ ᠤᠨ ᠬᠠᠮᠳᠦ ᠶᠢᠨ ᠶᠠᠷᠢᠯᠴᠠᠭ᠎ᠠ ᠶᠢᠨ ᠰᠢᠢᠳᠪᠤᠷᠢ ᠪᠠᠷ ᠤᠳᠤᠷᠢᠳᠬᠤ ᠺᠠᠳ᠋ᠷ ᠳᠤᠮᠢᠯᠠᠵᠤ ᠤᠭᠴᠠᠷᠠᠭᠤᠯᠬᠤ ᠶᠢ ᠤᠷᠤᠯᠠᠭᠤᠯᠵᠤ ᠪᠤᠯᠬᠤ ᠦᠭᠡᠢ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠎ ᠶᠢᠨ ᠭᠤᠤᠯ ᠪᠤᠯᠬᠤ ᠬᠠᠷᠢᠭᠤᠴᠠᠯᠭᠠᠳᠠᠨ ᠵᠤᠬᠢᠶᠠᠨ ᠪᠠᠶᠢᠭᠤᠯᠤᠯᠳᠠ ᠠᠴᠠ ᠳᠡᠭᠡᠭᠦᠷ ᠪᠠᠶᠢᠵᠤ ᠪᠤᠯᠬᠤ ᠦᠭᠡᠢ᠂ ᠬᠤᠪᠢ ᠬᠦᠮᠦᠨ ᠪᠤᠯᠤᠨ ᠴᠦᠭᠡᠨ ᠳᠤᠭᠠᠨ ᠤ ᠭᠦᠮᠦᠨ ᠭᠠᠭᠴᠠᠭᠠᠷ ᠡᠵᠡᠨ ᠮᠡᠳᠡᠭᠦ ᠶᠢ ᠬᠤᠷᠢᠬᠯᠠᠵᠤ ᠰᠡᠷᠭᠡᠶᠢᠯᠡᠨ᠎ᠠ᠃ ᠤᠳᠤᠷᠢᠳᠬᠤ ᠺᠠᠳ᠋ᠷ ᠳᠤᠮᠢᠯᠠᠵᠤ ᠤᠭᠴᠠᠷᠠᠭᠤᠯᠬᠤ ᠰᠢᠢᠳᠪᠤᠷᠢ ᠶᠢ ᠳᠠᠭᠢᠨ ᠬᠢᠨᠠᠬᠤ ᠴᠢᠬᠤᠯᠠᠳᠠᠢ ᠪᠤᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠎ ᠶᠢᠨ ᠬᠠᠭᠠᠰ ᠠᠴᠠ ᠳᠡᠭᠡᠭᠰᠢᠭᠢ ᠭᠡᠰᠢᠭᠦᠨ ᠤ ᠵᠦᠪᠰᠢᠶᠠᠷᠠᠯ ᠲᠠᠢ ᠪᠤᠯᠪᠠᠯ ᠰᠠᠶ᠋ᠢ ᠳᠠᠬᠢᠨ ᠵᠦᠪᠯᠡᠵᠤ ᠪᠤᠯᠤᠨ᠎ᠠ᠃ ᠳᠤᠳᠤᠨᠤ ᠶᠢᠨ ᠭᠦᠮᠦᠨ ᠢᠶᠠᠨ ᠳᠤᠮᠢᠯᠠᠵᠤ ᠪᠤᠯᠬᠤ ᠦᠭᠡᠢ᠂ ᠤᠳᠤᠷᠢᠳᠤᠯᠭ᠎ᠠ ᠶᠢ ᠳᠤᠷ᠎ᠠ ᠪᠠᠷ ᠳᠤᠮᠢᠯᠠᠵᠤ ᠰᠢᠭᠤᠳ ᠳᠡᠪᠰᠢᠭᠦᠯᠵᠤ ᠪᠤᠯᠬᠤ ᠦᠭᠡᠢ᠂ ᠳᠤᠮᠢᠯᠠᠭᠰᠠᠨ ᠤᠳᠤᠷᠢᠳᠬᠤ ᠺᠠᠳ᠋ᠷ ᠢ ᠳᠦᠷ ᠴᠠᠭ ᠬᠤᠪᠢᠷᠠᠭᠤᠯᠵᠤ ᠪᠤᠯᠬᠤ ᠦᠭᠡᠢ᠂ ᠠᠵᠢᠯ ᠤᠨ ᠭᠡᠮᠵᠢᠶ᠎ᠠ ᠠᠴᠠ ᠭᠡᠳᠦᠷᠡᠭᠦᠯᠵᠤ ᠳᠤᠮᠢᠯᠠᠬᠤ᠂ ᠪᠠᠶᠢᠭᠤᠯᠤᠮᠵᠢ ᠶᠢᠨ ᠭᠡᠪᠴᠢᠶ᠎ᠠ ᠠᠴᠠ ᠭᠡᠳᠦᠷᠡᠭᠦᠯᠵᠤ ᠤᠳᠤᠷᠢᠳᠬᠤ ᠺᠠᠳ᠋ᠷ ᠲᠣᠮᠢᠯᠠᠵᠤ ᠳᠡᠪᠰᠢᠭᠦᠯᠵᠤ ᠪᠤᠯᠬᠤ ᠦᠭᠡᠢ᠂ ᠶᠠᠷᠢᠯᠴᠠᠵᠦ ᠲᠤᠭᠲᠠᠭᠰᠠᠨ ᠪᠠᠶᠢᠳᠠᠯ ᠢ ᠵᠠᠳᠠᠷᠠᠭᠤᠯᠵᠤ ᠪᠤᠯᠬᠤ ᠦᠭᠡᠢ᠂ ᠭᠦᠮᠦᠨ ᠰᠤᠩᠭᠤᠨ ᠭᠡᠷᠡᠭᠯᠡᠭᠦ ᠠᠰᠠᠭᠤᠳᠠᠯ ᠳᠡᠭᠡᠷᠡᠭᠢ ᠲᠦᠪ ᠪᠤᠰᠤ ᠰᠤᠷᠳᠠᠯ ᠢ ᠴᠢᠩᠭ᠎ᠠ ᠰᠡᠷᠭᠡᠶᠢᠯᠡᠵᠤ ᠵᠠᠯᠠᠷᠠᠭᠤᠯᠬᠤ ᠬᠡᠷᠡᠭᠲᠠᠢ᠃     ᠳᠤᠯᠤᠭ᠎ᠠ᠂ ᠬᠠᠷᠢᠭᠤᠴᠠᠯᠭ᠎ᠠ ᠨᠡᠭᠡᠮᠵᠢᠯᠡᠭᠦ ᠶᠢ ᠴᠢᠩᠳᠠᠯᠠᠬᠤ ᠬᠡᠷᠡᠭᠲᠠᠢ      20. ᠵᠤᠬᠢᠶᠠᠨ ᠪᠠᠶᠢᠭᠤᠯᠤᠯᠳᠠ ᠶᠢᠨ ᠭᠢᠨᠠᠯᠳᠠ ᠲᠠᠯᠪᠢᠬᠤ ᠪᠤᠯᠤᠨ ᠤᠯᠠᠨ ᠳᠦᠮᠠᠨ ᠤ ᠭᠢᠨᠠᠯᠳᠠ ᠳᠠᠯᠪᠢᠬᠤ ᠤᠶᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠠᠢ᠃ ᠤᠳᠤᠷᠢᠳᠬᠤ ᠺᠠᠳ᠋ᠷ ᠰᠣᠩᠭᠤᠵᠤ ᠭᠡᠷᠡᠭᠯᠡᠭᠦ ᠠᠵᠢᠯ ᠢ ᠲᠡᠮᠳᠡᠭᠯᠡᠬᠦ ᠵᠡᠷᠭᠡ ᠡᠯ᠎ᠠ ᠳᠦᠷᠦᠯ ᠤᠨ ᠭᠢᠨᠠᠯᠳᠠ ᠲᠠᠯᠪᠢᠬᠤ ᠳᠦᠷᠢᠮ ᠢ ᠨᠠᠷᠢᠨ ᠭᠢᠨᠠᠮᠠᠭᠠᠢ ᠨᠠᠶᠢᠳᠠᠪᠤᠷᠢᠵᠢᠭᠤᠯᠵᠦ᠂ ᠭᠡᠨ ᠬᠦᠢᠴᠡᠳᠬᠡᠪᠠᠯ ᠭᠡᠨ ᠲᠡᠮᠳᠡᠭᠯᠡᠬᠦ ᠵᠠᠷᠴᠢᠮ ᠶᠤᠰᠤᠭᠠᠷ᠂ ᠰᠠᠨᠠᠭᠠᠴᠢᠯᠠᠭ᠎ᠠ ᠠᠴᠠ ᠨᠡᠷ᠎ᠠ ᠲᠤᠷᠠᠳᠬᠤ᠂ ᠠᠷᠠᠳᠴᠢᠯᠠᠯ ᠢᠶᠠᠷ ᠲᠡᠪᠰᠢᠬᠦᠯᠬᠦ᠂ ᠤᠳᠤᠷᠢᠳᠬᠤ ᠺᠠᠳ᠋ᠷ ᠢ ᠪᠠᠶᠢᠴᠠᠭᠠᠬᠤ᠂ ᠶᠠᠷᠢᠯᠴᠠᠵᠤ ᠲᠤᠭᠳᠠᠭᠠᠬᠤ ᠪᠤᠯᠤᠨ ᠲᠤᠰᠢᠶᠠᠯ ᠢ ᠢᠯᠠ ᠵᠠᠷᠯᠠᠬᠤ ᠵᠡᠷᠬᠡ ᠡᠯ᠎ᠠ ᠭᠤᠭᠴᠤᠭ᠎ᠠ ᠶᠢᠨ ᠭᠤᠤᠯ ᠠᠵᠢᠯ ᠪᠤᠯᠤᠨ ᠴᠢᠬᠤᠯᠠ ᠪᠠᠶᠢᠳᠠᠯ ᠢ ᠦᠨᠡᠨ ᠪᠤᠳᠠᠳᠠᠢ ᠪᠠᠷ ᠲᠡᠮᠳᠡᠭᠯᠡᠵᠤ᠂ ᠴᠠᠭ ᠲᠤᠬᠠᠢ ᠳᠤᠨᠢ ᠲᠠᠩᠰᠠᠠ ᠳᠤ ᠤᠷᠤᠭᠤᠯᠤᠨ᠂ ᠵᠤᠬᠢᠰᠳᠠᠢ ᠬᠠᠳᠠᠭᠠᠯᠠᠨ ᠬᠠᠮᠢᠶᠠᠷᠴᠤ ᠂ ᠤᠳᠤᠷᠢᠳᠬᠤ ᠺᠠᠳ᠋ᠷ ᠳᠡᠪᠰᠢᠭᠦᠯᠵᠦ ᠲᠤᠮᠢᠯᠠᠬᠤ ᠠᠵᠢᠯ ᠳᠤ ᠬᠢᠨᠠᠯᠲᠠ ᠲᠠᠯᠪᠢᠵᠦ ᠬᠢᠨᠠᠨ ᠪᠠᠶᠢᠴᠠᠭᠠᠬᠤ ᠪᠤᠯᠤᠨ ᠬᠠᠷᠢᠭᠤᠴᠠᠯᠭ᠎ᠠ ᠨᠡᠬᠡᠮᠵᠢᠯᠡᠬᠦ ᠶᠢᠨ ᠴᠢᠬᠤᠯᠠ ᠪᠠᠷᠢᠮᠳᠠ ᠪᠤᠯᠭᠠᠬᠤ ᠬᠡᠷᠡᠭᠲᠡᠢ᠃ ︽12380︾ ᠤᠳᠠᠰᠤ᠂ ᠵᠠᠬᠢᠳᠠᠯ ᠰᠤᠷᠪᠤᠯᠵᠢᠯᠠᠭ᠎ᠠ᠂ ᠰᠦᠯᠵᠢᠶ᠎ᠠ᠂ ᠴᠠᠬᠢᠮ ᠴᠢᠮᠡᠭᠡ ᠵᠡᠷᠬᠡ ᠲᠦᠷᠪᠠ ᠶᠢ ᠨᠢᠬᠡ ᠴᠤᠭᠴᠠᠵᠢᠭᠤᠯᠤᠭᠰᠠᠠ ᠬᠢᠨᠠᠯᠳᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ ᠢ ᠬᠦᠢᠴᠡᠳ ᠠᠰᠢᠬᠯᠠᠵᠤ᠂ ᠤᠯᠠᠨ ᠲᠦᠮᠡᠨ ᠤ ᠲᠤᠰᠬᠠᠭᠰᠠᠠ ᠬᠦᠮᠦᠨ ᠰᠤᠩᠭᠤᠵᠤ ᠬᠡᠷᠡᠭᠯᠡᠬᠦ ᠠᠰᠠᠭᠤᠳᠠᠯ ᠤᠨ ᠰᠦᠪᠡᠭᠴᠢ ᠲᠤᠳᠤᠷᠬᠠᠢ᠂ ᠠᠭᠤᠯᠭ᠎ᠠ ᠪᠤᠳᠠᠳᠠᠢ ᠯᠡ ᠶᠤᠮ ᠪᠤᠯ ᠪᠦᠬᠦᠨ ᠢ ᠪᠠᠶᠢᠴᠠᠭᠠᠵᠤ ᠬᠠᠷᠭᠤᠭᠤᠯᠬᠤ ᠬᠡᠷᠡᠭᠲᠠᠢ᠃      21. ᠤᠳᠤᠷᠢᠳᠬᠤ ᠺᠠᠳ᠋ᠷ ᠳᠡᠪᠰᠢᠭᠦᠯᠵᠦ ᠲᠤᠮᠢᠯᠠᠬᠤ ᠠᠵᠢᠯ ᠳᠤ ᠦᠷᠬᠦᠯᠵᠢ ᠶᠢᠨ ᠴᠢᠨᠠᠷᠳᠠᠢ ᠬᠢᠨᠠᠯᠲᠠ ᠲᠠᠯᠪᠢᠵᠦ ᠬᠢᠨᠠᠨ ᠪᠠᠶᠢᠴᠠᠭᠠᠬᠤ ᠬᠡᠷᠡᠭᠲᠡᠢ᠃ ᠲᠤᠭᠤᠷᠢᠨ ᠪᠠᠶᠢᠴᠠᠭᠠᠬᠤ ᠪᠤᠯᠤᠨ ︽ᠡᠷᠭᠢᠵᠦ ᠬᠠᠷᠠᠬᠤ︾᠎ ᠲᠠᠢ ᠤᠶᠠᠯᠳᠤᠭᠤᠯᠤᠨ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠎ ᠶᠢᠨ ᠬᠦᠮᠦᠨ ᠰᠤᠩᠭᠤᠵᠤ ᠬᠡᠷᠡᠭᠯᠡᠬᠦ ᠪᠠᠶᠢᠳᠠᠯ ᠳᠤ ᠲᠤᠭᠳᠠᠭᠰᠠᠠ ᠬᠤᠭᠤᠴᠠᠭ᠎ᠠ ᠲᠠᠢ ᠲᠤᠰᠬᠠᠢ ᠲᠦᠷᠦᠯ ᠤᠨ ᠪᠠᠶᠢᠴᠠᠭᠠᠯᠳᠠ ᠬᠢᠵᠤ᠂ ᠰᠠᠨᠠᠭᠠᠴᠢᠯᠠᠭ᠎ᠠ ᠠᠴᠠ ᠨᠡᠷ᠎ᠠ ᠲᠤᠷᠠᠳᠬᠤ᠂ ᠠᠷᠠᠳᠴᠢᠯᠠᠯ ᠢᠶᠠᠷ ᠲᠡᠪᠰᠢᠬᠦᠯᠬᠦ᠂ ᠪᠠᠶᠢᠴᠠᠭᠠᠬᠤ᠂ ᠶᠠᠷᠢᠯᠴᠠᠵᠤ ᠲᠤᠭᠳᠠᠭᠠᠬᠤ᠂ ᠲᠤᠰᠢᠶᠠᠯ ᠳᠤ ᠲᠤᠮᠢᠯᠠᠬᠤ ᠵᠡᠷᠬᠡ ᠡᠯ᠎ᠠ ᠭᠤᠭᠴᠤᠭ᠎ᠠ ᠶᠢᠨ ᠭᠤᠤᠯ ᠠᠵᠢᠯ ᠪᠤᠯᠤᠨ ᠴᠢᠬᠤᠯᠠ ᠪᠠᠶᠢᠳᠠᠯ ᠎ ᠢ ᠲᠠᠷᠠᠭᠠᠯᠠᠨ ᠪᠠᠶᠢᠴᠠᠭᠠᠵᠤ᠂ ᠲᠡᠰ ᠲᠠᠷᠠᠭᠠᠯᠠᠯ ᠵᠤᠬᠢᠮᠵᠢ ᠪᠠᠨ ᠠᠯᠳᠠᠭᠰᠠᠠ᠂ ᠬᠦᠮᠦᠨ ᠬᠡᠷᠡᠭᠯᠡᠬᠦ ᠤᠳᠤᠷᠢᠳᠤᠮᠵᠢ ᠲᠦᠪ ᠪᠤᠰᠤ᠂ ᠬᠦᠮᠦᠨ ᠬᠡᠷᠡᠭᠯᠡᠬᠦ ᠰᠤᠷᠳᠠᠯ ᠴᠢᠬᠡᠴᠢ ᠪᠤᠰᠤ᠂ ᠰᠠᠬᠢᠯᠭ᠎ᠠ ᠪᠠᠳᠤ ᠬᠡᠷᠡᠭᠵᠢᠬᠦᠯᠦᠭᠰᠡᠡ ᠨᠢ ᠴᠢᠩᠭ᠎ᠠ ᠪᠤᠰᠤ ᠵᠡᠷᠬᠡ ᠠᠰᠠᠭᠤᠳᠠᠯ ᠢ ᠢᠯᠡᠷᠡᠬᠦᠯᠬᠦ ᠪᠤᠯᠤᠨ ᠵᠠᠯᠠᠷᠠᠭᠤᠯᠬᠤ ᠶᠢ ᠠᠩᠬᠠᠷᠴᠤ᠂ ᠬᠠᠮᠢᠶ᠎ᠠ ᠪᠦᠬᠦᠢ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠢᠯᠭᠠᠨ ᠲᠤᠳᠤᠷᠬᠠᠶᠢᠯᠠᠨ᠎ᠠ᠃ ᠤᠯᠠᠨ ᠲᠦᠮᠡᠨ ᠤ ᠰᠠᠨᠠᠯ ᠶᠡᠬᠡᠳᠡᠢ᠂ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠭᠰᠡᠡ ᠨᠢ ᠤᠯᠠᠨ᠂ ︽ᠨᠢᠬᠡ ᠮᠡᠳᠡᠬᠦᠯᠦᠯᠳᠠ ᠬᠤᠶᠠᠷ ᠦᠨᠡᠯᠡᠯᠲᠡ︾᠎ ᠶᠢᠨ ᠦᠷ᠎ᠠ ᠳ᠋ᠦᠩ ᠠᠨᠠᠢ᠂ ᠲᠦᠷᠢᠮ ᠠᠴᠠ ᠵᠦᠷᠢᠴᠡᠵᠤ ᠬᠦᠮᠦᠨ ᠬᠡᠷᠡᠭᠯᠡᠭᠰᠡᠡ ᠠᠰᠠᠭᠤᠳᠠᠯ ᠲᠠᠪᠳᠠᠨ ᠢᠯᠡᠷᠡᠭᠰᠡᠡ ᠭᠠᠵᠠᠷ ᠤᠷᠤᠨ ᠪᠤᠯᠤᠨ ᠪᠠᠶᠢᠭᠤᠯᠭ᠎ᠠ ᠶᠢ ᠴᠢᠭᠯᠡᠭᠦᠯᠬᠦ ᠴᠢᠨᠠᠷᠳᠠᠢ ᠪᠠᠷ ᠭᠤᠤᠯᠳᠠᠯᠭ᠎ᠠ ᠲᠠᠢ ᠪᠠᠶᠢᠴᠠᠭᠠᠬᠤ ᠬᠡᠷᠡᠭᠲᠠᠢ᠃      22. ᠤᠳᠤᠷᠢᠳᠬᠤ ᠺᠠᠳ᠋ᠷ ᠢ ︽ᠠᠰᠠᠭᠤᠳᠠᠯ ᠲᠠᠢ ᠪᠠᠶᠢᠳᠠᠯ᠎ᠠ ᠰᠢᠯᠢᠨ ᠲᠡᠪᠰᠢᠬᠦᠯᠬᠦ︾ ᠬᠠᠷᠢᠭᠤᠴᠠᠯᠭ᠎ᠠ ᠲᠤᠯᠭᠠᠬᠤ ᠲᠤᠭᠳᠠᠴᠠ ᠶᠢ ᠪᠠᠶᠢᠭᠤᠯᠵᠤ ᠪᠦᠷᠢᠨᠰᠢᠬᠦᠯᠬᠦ ᠬᠡᠷᠡᠭᠲᠠᠢ᠃ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠬᠡᠪ ᠴᠢᠨᠠᠷ᠂ ᠶᠤᠰᠤ ᠮᠤᠷᠠᠯ ᠤᠨ ᠬᠡᠪ ᠰᠤᠷᠳᠠᠯ᠂ ᠠᠷᠢᠭᠤᠨ ᠴᠢᠬᠡᠴᠢ ᠪᠠᠷ ᠪᠡᠶ ᠠ ᠪᠠᠨ ᠪᠠᠷᠢᠬᠤ ᠵᠡᠷᠬᠡ ᠲᠠᠯ᠎ᠠ ᠳᠤ ᠰᠠᠬᠢᠯᠭ᠎ᠠ ᠲᠦᠷᠢᠮ ᠢ ᠵᠦᠷᠢᠴᠡᠭᠰᠡᠡ ᠠᠵᠢᠯᠯᠠᠭ᠎ᠠ ᠤᠷᠤᠰᠢᠵᠤ ᠬᠡᠷᠡᠭᠯᠡᠬᠦ ᠶᠢ ᠬᠠᠷᠰᠢᠯᠠᠭᠰᠠᠠ ᠪᠠᠶᠢᠳᠠᠯ᠎ᠠ ᠤᠳᠤᠷᠢᠳᠤᠯᠭ᠎ᠠ ᠠᠩᠬᠠᠷᠬᠤ ᠦᠬᠡᠢ᠂ ᠬᠢᠨᠠᠯᠳᠠ ᠰᠤᠯᠠ᠂ ᠪᠠᠶᠢᠴᠠᠭᠠᠯᠳᠠ ᠬᠢᠨᠠᠮᠠᠭᠠᠢ ᠪᠤᠰᠤ ᠴᠢᠨᠠᠭᠰᠢᠯᠠᠨ ᠵᠤᠷᠢᠭᠤᠳᠠ ᠲᠠᠯᠳᠠᠯᠠᠠ᠂ ᠵᠤᠷᠢᠭᠤᠳᠠ ᠪᠠᠷ ᠲᠡᠪᠰᠢᠬᠦᠯᠵᠤ᠂ ᠤᠳᠤᠷᠢᠳᠬᠤ ᠺᠠᠳ᠋ᠷ ᠢ ︽ᠠᠰᠠᠭᠤᠳᠠᠯ ᠲᠠᠢ ᠪᠠᠶᠢᠳᠠᠯ᠎ᠠ ᠰᠢᠯᠢᠨ ᠲᠡᠪᠰᠢᠬᠦᠯᠬᠦ︾ ᠪᠠᠶᠢᠳᠠᠯ ᠭᠠᠷᠭᠠᠪᠠᠯ᠂ ᠲᠡᠬᠦᠨ ᠤ ᠲᠡᠪᠰᠢᠬᠦᠯᠵᠤ ᠲᠤᠮᠢᠯᠠᠭᠰᠠᠠ ᠪᠦᠬᠦ ᠶᠠᠪᠤᠴᠠ  ᠳᠤ ᠬᠡᠳᠡᠷᠬᠦ ᠪᠠᠶᠢᠴᠠᠭᠠᠯᠳᠠ ᠬᠢᠵᠤ᠂ ᠠᠳᠠᠯᠢ ᠪᠤᠰᠤ ᠶᠢᠨ ᠪᠠᠶᠢᠳᠠᠯ ᠢ ᠢᠯᠭᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠂ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠤᠳᠤᠷᠢᠳᠬᠤ ᠺᠠᠳ᠋ᠷ ᠢ ᠪᠠᠶᠢᠴᠠᠭᠠᠬᠤ ᠲᠤᠭᠤᠶᠢᠯᠠᠩ ᠤᠨ ᠭᠤᠤᠯ ᠬᠠᠷᠢᠭᠤᠴᠠᠯᠭᠠᠳᠠᠨ ᠪᠤᠯᠤᠨ ᠬᠠᠮᠢᠶ᠎ᠠ ᠪᠦᠬᠦᠢ ᠤᠳᠤᠷᠢᠳᠤᠯᠭ᠎ᠠ ᠺᠠᠳ᠋ᠷ ᠵᠢᠴᠢ ᠬᠠᠮᠢᠶ᠎ᠠ ᠪᠦᠬᠦᠢ ᠬᠠᠷᠢᠭᠤᠴᠠᠯᠭ᠎ᠠ ᠡᠬᠦᠷᠬᠡᠯᠡᠬᠦ ᠬᠦᠮᠦᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠠᠢ᠃ ᠨᠢᠬᠡ ᠭᠠᠵᠠᠷ ᠤᠷᠤᠨ ᠪᠤᠯᠤᠨ ᠪᠠᠶᠢᠭᠤᠯᠭ᠎ᠠ ᠨᠢᠬᠡᠴᠠ ᠲᠠᠷᠠᠭᠠᠯᠠᠨ ᠡᠰᠡᠬᠦᠯ᠎ᠠ ᠶᠡᠭᠡ ᠬᠡᠮᠵᠢᠶ᠎ᠠ ᠪᠠᠷ ᠤᠳᠤᠷᠢᠳᠬᠤ ᠺᠠᠳ᠋ᠷ ᠢ ︽ᠠᠰᠠᠭᠤᠳᠠᠯ ᠲᠠᠢ ᠪᠠᠶᠢᠳᠠᠯ᠎ᠠ ᠰᠢᠯᠢᠨ ᠲᠡᠪᠰᠢᠬᠦᠯᠬᠦ︾ ᠪᠠᠶᠢᠳᠠᠯ ᠢᠯᠡᠷᠡᠵᠤ᠂ ᠬᠦᠮᠦᠨ ᠬᠡᠷᠡᠭᠯᠡᠬᠦ ᠳᠡᠭᠡᠨ ᠬᠢᠨᠠᠮᠵᠢ ᠦᠬᠡᠶᠢᠳᠡᠵᠤ ᠠᠯᠳᠠᠭ᠎ᠠ ᠭᠠᠷᠭᠠᠠ ᠮᠠᠭᠤ ᠨᠦᠯᠦᠬᠡ ᠡᠰᠡᠬᠦᠯ᠎ᠠ ᠬᠦᠨᠳᠤ ᠨᠤᠴᠢᠳᠠᠢ ᠦᠷ᠎ᠠ ᠳ᠋ᠦᠩ ᠠᠪᠴᠢᠷᠠᠭᠰᠠᠠ ᠨᠠᠮ ᠤᠨ ᠬᠤᠷᠢᠶ᠎ᠠ ︵ᠨᠠᠮ ᠎ ᠤᠨ ᠤᠳᠤᠷᠢᠳᠬᠤ ᠲᠤᠭᠤᠶᠢᠯᠠᠩ︶᠎ ᠶᠢᠨ ᠭᠤᠤᠯ ᠬᠠᠷᠢᠭᠤᠴᠠᠯᠭᠠᠳᠠᠨ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠠᠢ᠃ ᠤᠳᠤᠷᠢᠳᠬᠤ ᠺᠠᠳ᠋ᠷ ᠢ ︽ᠠᠰᠠᠭᠤᠳᠠᠯ ᠎ ᠲᠠᠢ ᠪᠠᠶᠢᠳᠠᠯ᠎ᠠ ᠰᠢᠯᠢᠨ ᠲᠡᠪᠰᠢᠬᠦᠯᠦᠭᠰᠡᠨ︾ ᠨᠡᠶᠢᠳᠡᠯᠢᠭ ᠬᠡᠷᠡᠭ ᠢ ᠴᠠᠭ ᠲᠤᠬᠠᠢ ᠳᠤᠨᠢ ᠵᠠᠷᠯᠠᠬᠤ ᠬᠡᠷᠡᠭᠲᠠᠢ᠃      ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠲᠤᠰ ᠬᠡᠷᠡᠭᠵᠢᠬᠦᠯᠬᠦ ᠰᠠᠨᠠᠯ ᠳᠠᠬᠢ ᠴᠢᠬᠤᠯᠠ ᠪᠠᠶᠢᠳᠠᠯ ᠪᠤᠯᠤᠨ ᠰᠠᠨᠠᠭᠤᠯᠭ᠎ᠠ ᠶᠢ ᠲᠤᠤᠱᠯᠠᠭᠤᠯᠤᠨ ᠬᠡᠷᠡᠭᠵᠢᠬᠦᠯᠵᠤ᠂ ᠴᠠᠭ ᠲᠤᠬᠠᠢ ᠳᠤᠨᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠳᠤ ᠮᠡᠳᠡᠬᠦᠯᠬᠦ ᠬᠡᠷᠡᠭᠲᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号