ᠥᠪᠥᠷ ᠮᠣᠩᠭᠤᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠤᠯᠠᠮ ᠨᠢᠭᠡ ᠠᠯᠬᠤᠮ ᠬᠦᠴᠦᠨ ᠦᠭᠡᠶ ᠪᠣᠯᠭᠠᠬᠤ ᠪᠤᠶᠤ ᠡᠷᠬᠡ ᠶᠢ ᠳᠣᠷᠣᠭᠰᠢ ᠪᠠᠭᠤᠯᠭᠠᠪᠠ
ᠨᠡᠶᠢᠲᠡᠯᠡᠭᠰᠡᠨ ᠴᠠᠭ᠄
2017/1/12
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13 · 5﹀᠎ ᠶᠢᠨ ᠶᠠᠰᠤ ᠴᠢᠨᠠᠷ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶᠎ ᠶᠢ ᠣᠷᠴᠢᠮᠬᠠᠨ ᠨᠡᠶᠢᠲᠡᠯᠡᠪᠡ᠃ ︽ᠲᠥᠯᠥᠪᠵᠢᠭᠦᠯᠭᠡ︾᠎ ᠳᠤ᠂ 2020 ᠣᠨ ᠤ ᠡᠴᠦᠰ ᠪᠤᠯᠲᠠᠯ᠎ᠠ᠂ ᠶᠠᠰᠤ ᠴᠢᠨᠠᠷ ᠤᠨ ᠬᠥᠭᠵᠢᠭᠦᠯᠦᠯᠲᠡ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠶᠠᠰᠤ ᠴᠢᠨᠠᠷ ᠤᠨ ᠬᠥᠭᠵᠢᠭᠦᠯᠦᠯᠲᠡ ᠶᠢᠨ ᠲᠣᠭᠲᠠᠴᠠ ᠶᠢ ᠨᠡᠩ ᠪᠦᠷᠢᠨᠰᠢᠭᠦᠯᠵᠦ᠂ ᠶᠠᠰᠤ ᠴᠢᠨᠠᠷ ᠤᠨ ᠰᠠᠭᠤᠷᠢ ᠶᠢ ᠨᠡᠯᠢᠶᠡᠳ ᠥᠨᠳᠥᠷ ᠲᠦᠪᠰᠢᠨ ᠳᠤ ᠬᠦᠷᠦᠭᠦᠯᠵᠦ᠂ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠴᠢᠳᠠᠪᠤᠷᠢ ᠪᠠ ᠨᠡᠷᠡᠲᠦ ᠲᠡᠮᠳᠡᠭᠲᠦ ᠶᠢᠨ ᠥᠷᠢᠰᠥᠯᠳᠦᠬᠦ ᠴᠢᠳᠠᠪᠤᠷᠢ ᠶᠢ ᠢᠯᠡᠳᠲᠡ ᠨᠡᠮᠡᠭᠳᠡᠭᠦᠯᠵᠦ᠂ ᠶᠠᠰᠤ ᠴᠢᠨᠠᠷ ᠤᠨ ᠶᠡᠷᠦᠩᠬᠡᠢ ᠬᠢᠷᠢ ᠬᠡᠮᠵᠢᠶ᠎ᠡ ᠤᠯᠤᠰ ᠤᠨ ᠳᠤᠮᠳᠠ ᠵᠡᠷᠭᠡ ᠠᠴᠠ ᠳᠡᠭᠡᠭᠰᠢᠬᠢ ᠬᠢᠷᠢ ᠬᠡᠮᠵᠢᠶ᠎ᠡ ᠳᠤ ᠬᠦᠷᠦᠭᠦᠯᠵᠦ᠂ ᠶᠠᠰᠤ ᠴᠢᠨᠠᠷ ᠤᠨ ᠬᠥᠭᠵᠢᠭᠦᠯᠦᠯᠲᠡ ᠶᠢᠨ ᠦᠷ᠎ᠡ ᠪᠦᠲᠦᠮᠵᠢ ᠶᠢ ᠠᠷᠠᠳ ᠤᠯᠠᠨ ᠳᠤ ᠬᠦᠷᠲᠡᠭᠡᠬᠦ ᠬᠡᠷᠡᠭᠲᠡᠢ ᠭᠡᠵᠦ ᠲᠤᠳᠤᠷᠬᠠᠶᠢᠯᠠᠵᠡᠢ᠃      ᠥᠪᠥᠷ ᠮᠣᠩᠭᠤᠯ ︽13 · 5︾᠎ ᠶᠢᠨ ᠬᠤᠭᠤᠴᠠᠭᠠᠨ ᠳᠤ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠵᠥᠪ ᠢᠶᠠᠷ ᠰᠢᠶᠳᠪᠦᠷᠢᠯᠡᠵᠦ᠂ ᠦᠢᠯᠡᠳᠪᠦᠷᠢᠯᠡᠯ ᠤᠨ ᠵᠦᠪᠰᠢᠶᠡᠷᠡᠯ ᠪᠤᠯᠤᠨ ᠶᠠᠰᠤ ᠴᠢᠨᠠᠷ ᠤᠨ ᠵᠦᠪᠰᠢᠶᠡᠷᠡᠯ ᠤᠨ ᠲᠠᠯ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠤᠯᠠᠮ ᠨᠢᠭᠡ ᠠᠯᠬᠤᠮ ᠬᠦᠴᠦᠨ ᠦᠭᠡᠶ ᠪᠣᠯᠭᠠᠬᠤ ᠪᠠ ᠳᠣᠷᠣᠭᠰᠢ ᠪᠠᠭᠤᠯᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠤᠨ ᠪᠦᠲᠦᠭᠡᠯᠴᠢ ᠴᠢᠳᠠᠪᠤᠷᠢ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠬᠦᠯᠢᠶᠡᠰᠦᠯᠡᠯ ᠢ ᠠᠯᠳᠠᠷᠠᠭᠠᠨ ᠳᠠᠷᠤᠭᠠᠰᠤ ᠶᠢ ᠨᠢ ᠬᠥᠩᠭᠡᠷᠡᠭᠦᠯᠵᠦ᠂ ᠠᠵᠤ ᠠᠬᠤᠶᠢᠯᠠᠯ ᠢ ᠦᠨᠡᠨ ᠬᠦ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠶᠠᠰᠤ ᠴᠢᠨᠠᠷ ᠤᠨ ᠪᠡᠶᠡᠴᠢ ᠴᠣᠭᠴᠠ ᠪᠤᠯᠭᠠᠨ᠎ᠠ᠃ ᠶᠠᠰᠤ ᠴᠢᠨᠠᠷ ᠤᠨ ᠠᠳᠡᠯ ᠢ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠰᠡᠷᠡᠮᠵᠢᠯᠡᠭᠦᠯᠬᠦ ᠬᠠᠷᠢᠭᠤᠴᠠᠯᠭ᠎ᠠ ᠲᠤᠯᠭᠠᠬᠤ ᠪᠠ ᠬᠢᠨᠠᠨ ᠵᠢᠯᠣᠭᠤᠳᠬᠤ ᠴᠡᠭᠴᠡᠯᠡᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠬᠤ᠂ ᠶᠠᠰᠤ ᠴᠢᠨᠠᠷ ᠤᠨ ᠠᠳᠡᠯ ᠲᠠᠢ ᠬᠤᠯᠪᠤᠭ᠎ᠠ ᠲᠠᠢ ᠲᠤᠰᠢᠶᠠᠯ ᠢᠶᠠᠨ ᠭᠤᠲᠤᠭᠠᠭᠰᠠᠨ ᠢᠯᠵᠠᠷᠠᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠤᠯᠤᠰ ᠪᠣᠯᠤᠨ ᠮᠠᠨ ᠤ ᠣᠷᠣᠨ ᠤ ᠬᠠᠮᠢᠶ᠎ᠠ ᠪᠦᠬᠦᠢ ᠠᠵᠤ ᠦᠢᠯᠡᠰ ᠤᠨ ᠲᠥᠷᠥ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠦᠢᠯᠡᠳᠪᠦᠷᠢᠯᠡᠬᠦ ᠵᠥᠪᠰᠢᠶᠡᠷᠡᠯ ᠤᠯᠬᠤ ᠴᠢᠬᠤᠯᠠ ᠲᠠᠢ ᠪᠤᠶᠤ ᠠᠯᠪᠠᠳᠠᠯᠭ᠎ᠠ ᠪᠠᠷ ᠦᠨᠡᠮᠰᠢᠭᠦᠯᠦᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠤᠷᠤᠬᠤ ᠵᠦᠪᠰᠢᠶᠡᠷᠡᠯ ᠢ ᠬᠢᠨᠠᠨ ᠪᠠᠶᠢᠴᠠᠭᠠᠬᠤ ᠶᠢ ᠴᠢᠩᠭᠠᠳᠬᠠᠨ᠎ᠠ᠃ ᠬᠠᠤᠯᠢ ᠪᠠᠷ ᠲᠣᠭᠲᠠᠭᠠᠭᠰᠠᠨ ᠨᠥᠬᠦᠴᠡᠯ ᠪᠠ ᠱᠠᠭᠠᠷᠳᠠᠯᠭ᠎ᠠ ᠶᠢ ᠦᠨᠳᠦᠰᠦᠯᠡᠨ᠂ ᠲᠡᠭᠦᠨ ᠤ ᠶᠠᠰᠤ ᠴᠢᠨᠠᠷ ᠤᠨ ᠰᠢᠰᠲ᠋ᠧᠮᠵᠢ᠂ ᠦᠢᠯᠡᠳᠪᠦᠷᠢᠯᠡᠯ ᠤᠨ ᠨᠥᠬᠦᠴᠡᠯ᠂ ᠰᠢᠯᠭᠠᠨ ᠪᠠᠶᠢᠴᠠᠭᠠᠬᠤ ᠠᠷᠭ᠎ᠠ ᠪᠠᠷᠢᠯ᠂ ᠦᠢᠯᠡᠳᠪᠦᠷᠢᠯᠡᠯ ᠤᠨ ᠮᠡᠷᠭᠡᠵᠢᠯ ᠪᠤᠶᠤ ᠭᠠᠷ ᠤᠷᠠᠯᠠᠯ ᠤᠨ ᠪᠤᠭᠤᠮᠲᠠ ᠶᠢ ᠴᠢᠩᠭ᠎ᠠ ᠠᠳᠬᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号