ᠥᠪᠥᠷ ᠵᠠᠰᠠᠭ ᠠᠯᠪᠠᠨ ᠲᠠᠷᠬᠠᠭᠠᠭᠰᠠᠨ ﹇2016﹈ 97 ᠳ᠋ᠤᠭᠠᠷ ᠲᠤᠭᠠᠳᠤ | 2016 ᠣᠨ ᠤ 8 ᠳ᠋ᠤᠭᠠᠷ ᠰᠠᠷ᠎ᠠ ᠶᠢᠨ 10 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ | ᠲᠥᠪᠰᠢᠨ ᠤ ᠠᠵᠢᠯ ᠢ ᠵᠦᠪᠳᠡᠯᠴᠡᠨ ᠰᠢᠯᠭᠠᠨ ᠬᠢᠨᠠᠬᠤ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠤᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠤᠷ ᠲᠥᠪᠰᠢᠨ ᠤ ᠠᠵᠢᠯ ᠢ ᠵᠦᠪᠳᠡᠯᠴᠡᠨ ᠰᠢᠯᠭᠠᠨ ᠬᠢᠨᠠᠬᠤ ᠠᠷᠭ᠎ᠠ | | | ᠨᠢᠭᠡᠳᠦᠭᠡᠷ ᠵᠦᠢᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠢ ᠴᠢᠩᠭᠠᠳᠬᠠᠬᠤ ᠲᠤᠬᠠᠶ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠢᠳᠡᠭᠡᠨ ᠤ ᠵᠦᠢᠯ ᠤᠨ ᠠᠮᠤᠷ ᠲᠥᠪᠰᠢᠨ ᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠦᠨ ᠲᠦᠯᠬᠢᠨ ᠠᠬᠢᠭᠤᠯᠵᠤ᠂ ᠢᠳᠡᠭᠡᠨ ᠤ ᠵᠦᠢᠯ ᠤᠨ ᠠᠮᠤᠷ ᠲᠥᠪᠰᠢᠨ ᠢ ᠵᠠᠰᠠᠬᠤ | ᠰᠢᠰᠲ᠋ᠧᠮᠵᠢ ᠶᠢ ᠲᠦᠷᠭᠡᠳᠭᠡᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠢ ᠰᠢᠮᠳᠠᠭᠤᠯᠵᠤ | ᠪᠠᠶᠢᠭᠠᠳ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ | ᠠᠮᠤᠷ ᠲᠥᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ | ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠳᠦᠷᠢᠮ | ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠢᠳᠡᠭᠡᠨ ᠤ | ᠵᠦᠢᠯ ᠤᠨ ᠠᠮᠤᠷ ᠲᠥᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ︵ᠥᠪᠥᠷ ᠨᠠᠮ | ᠲᠠᠷᠬᠠᠭᠠᠭᠰᠠᠨ ﹇2016﹈ 8 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠤᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠵᠦᠪᠳᠡᠯᠴᠡᠨ ᠰᠢᠯᠭᠠᠨ ᠬᠢᠨᠠᠬᠤ ᠪᠠ ᠥᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ ᠨᠢᠭᠡᠴᠡ ᠶᠢ | ᠵᠦᠪᠳᠡᠯᠴᠡᠬᠦ ᠳᠤ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠵᠦᠪᠳᠡᠯᠴᠡᠨ ᠰᠢᠯᠭᠠᠨ ᠬᠢᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠠᠴᠠ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠥᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠨᠢ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠤᠰᠬᠠᠶ ᠮᠡᠷᠭᠡᠵᠢᠯᠲᠡᠨ ᠢᠶᠠᠷ | ᠪᠦᠷᠢᠯᠳᠦᠭᠰᠡᠨ ᠵᠦᠪᠳᠡᠯᠴᠡᠨ ᠰᠢᠯᠭᠠᠨ ᠬᠢᠨᠠᠬᠤ ᠠᠵᠢᠯ ᠤᠨ ᠳᠤᠭᠤᠶᠢᠯᠠᠩ ᠲᠠᠢ ᠬᠠᠮᠲᠤᠷᠠᠨ ᠪᠣᠳᠠᠲᠠᠶ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | ᠵᠢᠯ ᠪᠦᠷᠢ ᠶᠢᠨ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ | ᠬᠦᠷᠲᠡᠯᠡᠬᠢ ᠶᠢ ᠨᠢᠭᠡ ᠵᠦᠪᠳᠡᠯᠴᠡᠨ ᠰᠢᠯᠭᠠᠨ ᠬᠢᠨᠠᠬᠤ ᠣᠨ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠨᠢ ᠵᠢᠯ ᠪᠦᠷᠢ ᠶᠢᠨ 10 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠰ ᠵᠢᠯ ᠤᠨ | ᠵᠦᠪᠳᠡᠯᠴᠡᠨ ᠰᠢᠯᠭᠠᠨ ᠬᠢᠨᠠᠬᠤ ᠶᠢᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠎ᠠ᠃ | ᠳᠥᠷᠪᠡᠳᠦᠭᠡᠷ ᠵᠦᠢᠯ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠣᠷᠣᠨ | ᠨᠤᠲᠤᠭ ᠤᠨ ᠵᠠᠰᠠᠭ ᠤᠨ ᠣᠷᠳᠣᠨ ᠤ ᠣᠨ ᠤ ᠪᠣᠳᠠᠲᠠᠶ ᠠᠵᠢᠯ ᠤᠨ ᠠᠮᠵᠢᠯᠲᠠ ᠶᠢ ᠰᠢᠯᠭᠠᠨ ᠬᠢᠨᠠᠬᠤ ᠠᠭᠤᠯᠭ᠎ᠠ ᠳᠤ | ᠣᠷᠣᠭᠤᠯᠵᠤ᠂ ᠰᠢᠯᠭᠠᠨ ᠬᠢᠨᠠᠬᠤ ᠲᠡᠩᠨᠡᠭᠦᠯ ᠬᠡᠮᠵᠢᠶ᠎ᠡ ᠶᠢᠨ ᠡᠵᠡᠯᠡᠬᠦ ᠬᠠᠷᠢᠴᠠᠯ ᠢ 5% ᠠᠴᠠ ᠳᠡᠭᠡᠭᠰᠢ | ᠪᠠᠶᠢᠯᠭᠠᠨ᠎ᠠ᠃ | ᠲᠠᠪᠤᠳᠤᠭᠠᠷ ᠵᠦᠢᠯ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠵᠦᠪᠳᠡᠯᠴᠡᠨ | ᠰᠢᠯᠭᠠᠨ ᠬᠢᠨᠠᠬᠤ ᠭᠤᠣᠯ ᠠᠭᠤᠯᠭ᠎ᠠ ᠨᠢ᠄ | ︵ᠨᠢᠭᠡ︶ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠢ ᠴᠢᠩᠭᠠᠳᠬᠠᠬᠤ ᠲᠣᠬᠠᠢ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ︔ | ︵ᠬᠤᠶᠠᠷ︶ ᠳᠦᠷᠦ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠣᠨ ᠤ | ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠯᠤᠭ᠎ᠠ ᠲᠣᠭᠲᠠᠭᠠᠭᠰᠠᠨ ᠣᠨ ᠤ ︽ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠢ ᠨᠠᠶᠢᠳᠠᠪᠤᠷᠢᠵᠢᠭᠤᠯᠤᠭᠰᠠᠨ | ᠪᠠᠶᠢᠳᠠᠯ︔ | ︵ᠳᠦᠷᠪᠡ︶ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠳᠡᠮᠵᠢᠯᠭᠡ ᠪᠠᠲᠤᠯᠠᠭ᠎ᠠ ᠶᠢᠨ ᠪᠠᠶᠢᠳᠠᠯ ᠳᠤ | ᠭᠤᠣᠯᠳᠠᠭᠤ ᠶᠡᠷᠦᠩᠬᠡᠶᠢᠯᠡᠨ ᠵᠣᠬᠢᠴᠠᠭᠤᠯᠬᠤ᠂ ᠳᠦᠷᠢᠮ ᠲᠣᠭᠲᠠᠭᠠᠯ ᠲᠣᠭᠲᠠᠭᠠᠬᠤ᠂ ᠬᠠᠮᠢᠶᠠᠷᠤᠯᠲᠠ ᠶᠢᠨ | ᠰᠢᠰᠲ᠋ᠧᠮᠵᠢ᠂ ᠡᠩᠨᠡᠭᠡᠨ ᠤ ᠪᠠᠶᠢᠭᠤᠯᠤᠯᠲᠠ᠂ ᠵᠠᠷᠤᠳᠠᠯ ᠤᠨ ᠣᠷᠣᠭᠤᠯᠤᠯᠲᠠ᠂ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠪᠠᠭᠲᠠᠨ᠎ᠠ︔ | ︵ᠲᠠᠪᠤ︶ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠣᠯᠳᠠᠭᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠢᠷᠡᠯᠲᠡ ᠠᠴᠠ ᠨᠢ ᠵᠠᠰᠠᠬᠤ᠂ ᠪᠠᠷᠢᠮᠵᠢᠶᠠᠵᠢᠭᠤᠯᠤᠨ ᠬᠠᠮᠢᠶᠠᠷᠬᠤ᠂ ᠲᠤᠬᠠᠶ ᠶᠢᠨ ᠲᠠᠯᠠᠪᠤᠷ ᠲᠤ ᠬᠢᠨᠠᠯᠳᠠ ᠲᠠᠯᠪᠢᠵᠤ | ᠪᠠᠶᠢᠴᠠᠭᠠᠬᠤ᠂ ᠰᠤᠭᠤᠴᠠᠨ ᠪᠠᠶᠢᠴᠠᠭᠠᠵᠤ ᠬᠢᠨᠠᠨ ᠰᠢᠨᠵᠢᠬᠦ᠂ ᠲᠤᠰᠬᠠᠶ ᠵᠦᠢᠯ ᠢᠶᠠᠷ ᠪᠠᠶᠢᠴᠠᠭᠠᠬᠤ ᠪᠠ ᠠᠰᠠᠭᠤᠳᠠᠯ ᠢ | ᠰᠢᠢᠳᠪᠦᠷᠢᠯᠡᠬᠦ ᠵᠡᠷᠭᠡ ᠪᠠᠭᠲᠠᠨ᠎ᠠ︔ | ︵ᠵᠢᠷᠭᠤᠭ᠎ᠠ︶ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠡ᠊ᠨᠳᠡᠯ ᠤᠨ ᠪᠠᠴᠢᠮ ᠪᠠᠶᠢᠳᠠᠯ ᠢ | ᠠᠷᠭᠠᠴᠠᠬᠤ ᠲᠥᠰᠦᠯ ᠢ ᠲᠣᠭᠲᠠᠭᠠᠨ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ︔ | ︵ᠳᠣᠯᠤᠭ᠎ᠠ︶ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠠᠭᠠᠯᠳᠤᠯᠭ᠎ᠠ ᠬᠢᠵᠦ ᠢᠯᠡᠴᠢᠯᠡᠨ | ᠮᠡᠳᠡᠭᠦᠯᠦᠭᠰᠡᠨ ᠢ ᠰᠢᠢᠳᠪᠦᠷᠢᠯᠡᠬᠦ᠂ ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠥᠷᠢᠴᠡᠵᠦ ᠶᠠᠯᠲᠦ ᠬᠡᠷᠡᠭ ᠢ | ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ︔ | ︵ᠨᠠᠶᠢᠮᠠ︶ ᠲᠤᠰ ᠭᠠᠵᠠᠷ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ | ᠵᠢᠴᠢ ᠢᠳᠡᠭᠡᠨ ᠤ ᠵᠦᠢᠯ ᠤᠨ ᠠᠮᠤᠷ ᠲᠥᠪᠰᠢᠨ ᠤ ᠲᠠᠯ᠎ᠠ ᠪᠠᠷ ᠬᠢ ᠤᠯᠠᠨ ᠨᠡᠶᠢᠲᠡ ᠶᠢᠨ ᠬᠠᠨᠤᠮᠵᠢ ᠶᠢᠨ | ᠪᠠᠶᠢᠴᠠᠭᠠᠯᠲᠠ ᠵᠡᠷᠭᠡ ᠪᠠᠶᠢᠳᠠᠯ︔ | ︵ᠶᠢᠰᠦ︶ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠪᠠ ᠡᠮ ᠤᠨ ᠵᠦᠢᠯ ᠤᠨ | ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠦᠪᠳᠡᠯᠴᠡᠨ ᠰᠢᠯᠭᠠᠨ ᠬᠢᠨᠠᠭᠰᠠᠨ ᠪᠠᠶᠢᠳᠠᠯ︔ | ︵ᠠᠷᠪᠠ︶ ᠵᠦᠪᠳᠡᠯᠴᠡᠨ ᠰᠢᠯᠭᠠᠨ ᠬᠢᠨᠠᠬᠤ ᠴᠢᠬᠤᠯᠠᠲᠠᠶ ᠪᠤᠰᠤᠳ ᠪᠠᠶᠢᠳᠠᠯ᠃ | ᠵᠢᠷᠭᠤᠳᠤᠭᠠᠷ ᠵᠦᠢᠯ ᠰᠢᠯᠭᠠᠨ ᠬᠢᠨᠠᠬᠤ ᠠᠷᠭ᠎ᠠ ᠮᠠᠶ᠋ᠢᠭ᠄ | ᠰᠢᠯᠭᠠᠨ ᠬᠢᠨᠠᠬᠤ ᠳᠤ ᠡᠩ ᠤᠨ ᠦᠶ᠎ᠡ ᠶᠢᠨ ᠰᠢᠯᠭᠠᠨ ᠬᠢᠨᠠᠯᠲᠠ᠂ ᠲᠤᠰᠬᠠᠶ ᠵᠦᠢᠯ ᠤᠨ ᠰᠢᠯᠭᠠᠨ ᠬᠢᠨᠠᠯᠲᠠ᠂ | ᠵᠢᠯ ᠤᠨ ᠡᠴᠦᠰ ᠤᠨ ᠰᠢᠯᠭᠠᠨ ᠬᠢᠨᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠨ᠎ᠡ᠂ ᠡᠭᠦᠨ ᠳᠤ᠂ ᠡᠩ ᠤᠨ | ᠦᠶ᠎ᠡ ᠶᠢᠨ ᠰᠢᠯᠭᠠᠨ ᠬᠢᠨᠠᠯᠲᠠ 20% ᠶᠢ ᠡᠵᠡᠯᠡᠨ᠂ ᠲᠤᠰᠬᠠᠶ ᠵᠦᠢᠯ ᠤᠨ ᠰᠢᠯᠭᠠᠨ ᠬᠢᠨᠠᠯᠲᠠ 10% ᠶᠢ | ᠡᠵᠡᠯᠡᠵᠦ᠂ ᠵᠢᠯ ᠤᠨ ᠡᠴᠦᠰ ᠤᠨ ᠰᠢᠯᠭᠠᠨ ᠬᠢᠨᠠᠯᠲᠠ 70% ᠶᠢ ᠡᠵᠡᠯᠡᠨ᠂ 3 ᠵᠦᠢᠯ ᠤᠨ ᠨᠡᠮᠡᠭᠦᠷᠢ ᠶᠢᠨ ᠪᠦᠷᠢᠨ | ᠬᠤᠪᠢ ᠨᠢ 100 ᠬᠤᠪᠢ ᠪᠣᠯᠣᠨ᠎ᠠ᠃ | ᠡᠩ ᠤᠨ ᠦᠶ᠎ᠡ ᠶᠢᠨ ᠰᠢᠯᠭᠠᠨ ᠬᠢᠨᠠᠯᠲᠠ ᠶᠢ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠤᠷ ᠲᠥᠪᠰᠢᠨ ᠤ ᠵᠥᠪᠯᠡᠯ ᠤᠨ ᠡᠯ᠎ᠡ ᠬᠤᠯᠪᠣᠭᠳᠠᠯ ᠪᠥᠬᠦᠢ ᠪᠦᠷᠢᠯᠳᠦᠬᠦᠨ ᠨᠢᠭᠡᠴᠡ ᠠᠴᠠ ᠣᠨ ᠤ | ᠡᠳᠦᠷ ᠲᠤᠳᠤᠮ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ ᠬᠡᠮᠵᠢᠶᠡᠵᠢᠭᠦᠯᠦᠨ ᠬᠤᠪᠢ | ᠣᠯᠭᠤᠨ᠎ᠠ᠃ | ᠲᠤᠰᠬᠠᠶ ᠵᠦᠢᠯ ᠤᠨ ᠰᠢᠯᠭᠠᠨ ᠬᠢᠨᠠᠯᠲᠠ ᠶᠢ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠤᠷ ᠲᠥᠪᠰᠢᠨ ᠤ ᠵᠥᠪᠯᠡᠯ ᠤᠨ ᠠᠯᠪᠠᠨ ᠭᠡᠷ ᠠᠴᠠ ᠣᠨ ᠤ ᠭᠤᠣᠯᠳᠠᠯᠭ᠎ᠠ ᠲᠠᠢ ᠠᠵᠢᠯ ᠪᠤᠶᠤ ᠴᠢᠬᠤᠯᠠ | ᠶᠡᠭᠡ ᠵᠦᠢᠯᠡᠰ ᠢᠶᠠᠷ ᠦᠨᠳᠦᠰᠦᠯᠡᠯ ᠪᠣᠯᠭᠠᠵᠤ᠂ ᠲᠤᠰᠬᠠᠶ ᠵᠦᠢᠯ ᠢ ᠰᠢᠯᠭᠠᠨ ᠬᠢᠨᠠᠬᠤ ᠲᠥᠰᠦᠯ ᠤᠨ ᠱᠠᠭᠠᠷᠳᠠᠯᠭ᠎ᠠ | ᠶᠤᠰᠤᠭᠠᠷ ᠬᠡᠮᠵᠢᠶᠡᠵᠢᠭᠦᠯᠦᠨ ᠬᠤᠪᠢ ᠣᠯᠭᠤᠨ᠎ᠠ᠃ | ᠵᠢᠯ ᠤᠨ ᠡᠴᠦᠰ ᠤᠨ ᠰᠢᠯᠭᠠᠨ ᠬᠢᠨᠠᠬᠤ ᠶᠢ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠤᠷ ᠲᠥᠪᠰᠢᠨ ᠤ ᠵᠥᠪᠯᠡᠯ ᠤᠨ ᠠᠯᠪᠠᠨ ᠭᠡᠷ ᠠᠴᠠ ᠳᠣᠣᠷᠠᠬᠢ ᠳᠡᠰ ᠳᠠᠷᠠᠭᠠᠯᠠᠯ ᠢᠶᠠᠷ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠄ | ︵ᠨᠢᠭᠡ︶ ᠲᠥᠰᠦᠯ ᠲᠣᠭᠲᠠᠭᠠᠬᠤ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ | ᠠᠮᠤᠷ ᠲᠥᠪᠰᠢᠨ ᠤ ᠵᠥᠪᠯᠡᠯ ᠤᠨ ᠠᠯᠪᠠᠨ ᠭᠡᠷ ᠨᠢ ᠵᠢᠯ ᠪᠦᠷᠢ ᠶᠢᠨ 11 ᠳ᠋ᠤᠭᠡᠷ ᠰᠠᠷ᠎ᠠ ᠶᠢᠨ 15 ᠤ ᠡᠳᠦᠷ ᠠᠴᠠ | ᠡᠮᠦᠨ᠎ᠡ ᠣᠨ ᠤ ᠰᠢᠯᠭᠠᠨ ᠬᠢᠨᠠᠬᠤ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠬᠤᠶᠠᠷ︶ ᠥᠪᠡᠷ ᠲᠡᠭᠡᠨ ᠪᠠᠶᠢᠴᠠᠭᠠᠵᠤ ᠥᠪᠡᠷ ᠢ ᠪᠠᠨ ᠦᠨᠡᠯᠡᠬᠦ᠃ ᠡᠯ᠎ᠡ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ | ᠠᠯᠪᠠᠨ ᠭᠡᠷ ᠤᠨ ᠲᠣᠭᠲᠠᠭᠠᠭᠰᠠᠨ ᠣᠨ ᠤ ᠰᠢᠯᠭᠠᠨ ᠬᠢᠨᠠᠬᠤ ᠲᠥᠰᠦᠯ ᠶᠤᠰᠤᠭᠠᠷ ᠥᠪᠡᠷ ᠲᠡᠭᠡᠨ ᠪᠠᠶᠢᠴᠠᠭᠠᠨ | ᠥᠪᠡᠷ ᠢ ᠪᠠᠨ ᠦᠨᠡᠯᠡᠵᠦ᠂ ᠲᠤᠰ ᠵᠢᠯ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ | ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ᠂ ᠥᠪᠡᠷ ᠲᠡᠭᠡᠨ ᠪᠠᠶᠢᠴᠠᠭᠠᠭᠰᠠᠨ ᠮᠡᠳᠡᠭᠦᠯᠦᠯᠲᠡ ᠵᠢᠴᠢ ᠰᠢᠯᠭᠠᠨ ᠬᠢᠨᠠᠬᠤ | ᠬᠠᠮᠢᠶ᠎ᠠ ᠪᠦᠬᠦᠢ ᠭᠡᠷᠡᠴᠢᠯᠡᠯ ᠪᠤᠯᠭᠠᠬᠤ ᠮᠠᠲ᠋ᠧᠷᠢᠶᠠᠯ ᠢ ᠲᠤᠰᠢᠶᠠᠨ᠎ᠠ᠃ | ︵ᠭᠤᠷᠪᠠ︶ ᠲᠣᠬᠠᠢ ᠶᠢᠨ ᠭᠠᠵᠠᠷ ᠲᠤᠨᠢ ᠰᠤᠭᠤᠴᠠᠨ ᠪᠠᠶᠢᠴᠠᠭᠠᠬᠤ᠃ ᠥᠪᠡᠷᠲᠡᠭᠡᠨ ᠵᠠᠰᠠᠬᠤ ᠣᠷᠣᠨ ᠤ | ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠵᠥᠪᠯᠡᠯ ᠤᠨ ᠠᠯᠪᠠᠨ ᠭᠡᠷ ᠠᠴᠠ ᠰᠢᠯᠭᠠᠨ ᠬᠢᠨᠠᠬᠤ | ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠤᠨ ᠬᠠᠷᠢᠭᠤᠴᠠᠵᠤ᠂ ᠠᠶᠢᠮᠠᠭ ᠬᠤᠳᠠ᠂ ᠬᠤᠰᠢᠭᠤ ᠰᠢᠶᠠᠨ ︵ | ᠬᠤᠳᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠠᠵᠤ ᠠᠬᠤᠶᠢᠯᠠᠯ ᠢᠶᠠᠷ ᠭᠦᠨᠵᠡᠭᠡᠶᠢᠷᠡᠨ ᠲᠤᠬᠠᠶ ᠶᠢᠨ | ᠭᠠᠵᠠᠷ ᠲᠤᠨᠢ ᠰᠤᠭᠤᠴᠠᠨ ᠪᠠᠶᠢᠴᠠᠭᠠᠨ᠎ᠠ᠃ | ︵ᠲᠦᠷᠪᠡ︶ ᠶᠡᠷᠦᠩᠬᠡᠶᠢᠯᠡᠭᠰᠡᠨ ᠦᠨᠡᠯᠡᠯᠲᠡ ᠬᠢᠬᠦ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯ ᠤᠨ ᠠᠮᠤᠷ ᠲᠥᠪᠰᠢᠨ ᠤ ᠵᠥᠪᠯᠡᠯ ᠤᠨ ᠠᠯᠪᠠᠨ ᠭᠡᠷ ᠠᠴᠠ ᠡᠯ᠎ᠡ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠥᠪᠡᠷ ᠲᠡᠭᠡᠨ ᠪᠠᠶᠢᠴᠠᠭᠠᠭᠰᠠᠨ ᠮᠡᠳᠡᠭᠦᠯᠦᠯᠲᠡ ᠪᠣᠯᠣᠨ | ᠲᠣᠬᠠᠢ ᠶᠢᠨ ᠭᠠᠵᠠᠷ ᠲᠤᠨᠢ ᠰᠤᠭᠤᠴᠠᠨ ᠪᠠᠶᠢᠴᠠᠭᠠᠭᠰᠠᠨ ᠪᠠᠶᠢᠳᠠᠯ ᠵᠡᠷᠭᠡ ᠶᠢ ᠬᠤᠷᠢᠶᠠᠩᠭᠤᠶᠢᠯᠠᠵᠤ ᠶᠡᠷᠦᠩᠭᠡᠶᠢᠯᠡᠨ | ᠦᠨᠡᠯᠡᠵᠦ᠂ ᠵᠦᠪᠳᠡᠯᠴᠡᠨ ᠰᠢᠯᠭᠠᠨ ᠬᠢᠨᠠᠬᠤ ᠮᠡᠳᠡᠭᠦᠯᠦᠯᠲᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ | ᠪᠠ ᠡᠮ ᠤᠨ ᠵᠦᠢᠯ ᠤᠨ ᠠᠮᠤᠷ ᠲᠥᠪᠰᠢᠨ ᠤ ᠵᠥᠪᠯᠡᠯ ᠢᠶᠠᠷ ᠬᠢᠨᠠᠭᠤᠯᠤᠭᠰᠠᠨ ᠤ ᠳᠠᠷᠠᠭ᠎ᠠ ᠡᠯ᠎ᠡ ᠠᠶᠢᠮᠠᠭ ᠤᠨ | ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠡᠯᠡᠨ᠎ᠡ᠃ | ᠳᠣᠯᠣᠳᠤᠭᠠᠷ ᠵᠦᠢᠯ ᠵᠦᠪᠳᠡᠯᠴᠡᠨ ᠰᠢᠯᠭᠠᠨ ᠬᠢᠨᠠᠭᠰᠠᠨ ᠦᠷ᠎ᠡ ᠳ᠋ᠦ᠋ᠶᠢᠩ ᠢ ᠰᠢᠯᠢᠳᠡᠭ᠂ ᠰᠠᠶᠢᠨ᠂ ᠬᠢᠷᠢ | ᠲᠡᠩᠴᠡᠭᠰᠡᠨ᠂ ᠬᠢᠷᠢ ᠲᠡᠩᠴᠡᠭᠰᠡᠨ ᠦᠭᠡᠢ ᠭᠡᠮᠡᠨ 4 ᠳᠡᠰ ᠬᠤᠪᠢᠶᠠᠨ᠎ᠠ᠃ ᠰᠢᠯᠭᠠᠨ ᠬᠢᠨᠠᠭᠰᠠᠨ ᠦᠷ᠎ᠡ ᠳ᠋ᠦ᠋ᠶᠢᠩ ᠤᠨ | ᠶᠡᠷᠦᠩᠬᠡᠶ ᠬᠤᠪᠢ ᠨᠢ 90 ᠠᠴᠠ ᠳᠡᠭᠡᠭᠰᠢᠬᠢ ᠶᠢ ᠰᠢᠯᠢᠳᠡᠭ᠂ 80 ᠬᠤᠪᠢ ᠠᠴᠠ 90 ᠬᠤᠪᠢ ᠬᠦᠷᠲᠡᠯᠡᠬᠢ ᠶᠢ | ᠰᠠᠶᠢᠨ᠂ 70 ᠬᠤᠪᠢ ᠠᠴᠠ 80 ᠬᠤᠪᠢ ᠬᠦᠷᠲᠡᠯᠡᠬᠢ ᠶᠢ ᠬᠢᠷᠢ ᠲᠡᠩᠴᠡᠭᠰᠡᠨ ᠳᠤ ᠲᠤᠭᠠᠴᠠᠵᠦ᠂ 70 | ᠬᠤᠪᠢ ᠠᠴᠠ ᠳᠣᠷᠣᠭᠰᠢᠬᠢ ᠶᠢ ᠬᠢᠷᠢ ᠲᠡᠩᠴᠡᠭᠰᠡᠨ ᠦᠭᠡᠶ ᠳᠤ ᠲᠤᠭᠠᠴᠠᠨ᠎ᠠ᠃ | ᠳᠣᠣᠷᠠᠬᠢ ᠪᠠᠶᠢᠳᠠᠯ ᠤᠨ ᠨᠢᠭᠡ ᠨᠢ ᠪᠠᠶᠢᠬᠤ ᠮᠥᠷᠲᠡᠭᠡᠨ ᠬᠦᠨᠳᠦ ᠨᠣᠴᠢᠲᠠᠶ ᠦᠷ᠎ᠡ ᠳ᠋ᠦ᠋ᠶᠢᠩ ᠲᠠᠢ ᠪᠤᠯᠤᠬᠰᠠᠨ | ᠪᠠᠶᠢᠪᠠᠯ᠂ ᠰᠢᠯᠭᠠᠨ ᠬᠢᠨᠠᠭᠰᠠᠨ ᠳᠡᠰ ᠢ ᠨᠢ ᠬᠢᠷᠢ ᠲᠡᠩᠴᠡᠬᠦ ᠦᠭᠡᠶ ᠳᠤ ᠲᠤᠭᠠᠴᠠᠨᠡ᠄ | ︵ᠨᠢᠭᠡ︶ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷ᠎ᠠ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠬᠦᠨᠳᠦ ᠶᠡᠭᠡ ᠡ᠊ᠨᠳᠡᠯ ᠭᠠᠷᠤᠭᠰᠠᠨ ᠪᠤᠶᠤ ᠵᠠᠯᠭᠠᠪᠡᠷ ᠢᠳᠡᠭᠡᠨ ᠪᠠ ᠡᠮ ᠤᠨ ᠵᠦᠢᠯ ᠤᠨ ᠠᠮᠤᠷ | ᠲᠥᠪᠰᠢᠨ ᠤ ᠨᠡᠯᠢᠶᠡᠳ ᠬᠦᠨᠳᠦ ᠡ᠊ᠨᠳᠡᠯ ᠭᠠᠷᠤᠭᠰᠠᠨ︔ | ︵ᠬᠤᠶᠠᠷ︶ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷ᠎ᠠ ᠡᠭᠦᠰᠦᠭᠰᠡᠨ ᠢᠳᠡᠭᠡᠨ ᠪᠠ ᠡᠮ ᠤᠨ | ᠵᠦᠢᠯ ᠤᠨ ᠠᠮᠤᠷ ᠲᠥᠪᠰᠢᠨ ᠤ ᠡ᠊ᠨᠳᠡᠯ ᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠵᠣᠬᠢᠴᠠᠭᠤᠯᠵᠤ ᠪᠦᠲᠦᠮᠵᠢᠲᠡᠶ ᠰᠢᠢᠳᠪᠦᠷᠢᠯᠡᠭᠰᠡᠨ ᠦᠭᠡᠢ᠂ ᠮᠠᠭᠤ ᠨᠥᠯᠥᠭᠡ ᠪᠣᠯᠣᠭᠰᠠᠨ ᠪᠤᠶᠤ | ᠬᠤᠬᠢᠷᠠᠯ ᠳᠤ ᠤᠴᠠᠷᠠᠭᠤᠯᠤᠭᠰᠠᠨ︔ | ︵ᠭᠤᠷᠪᠠ︶ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷ᠎ᠠ ᠣᠯᠠᠨ ᠲᠠᠯ᠎ᠠ ᠳᠤ | ᠬᠤᠯᠪᠣᠭᠳᠠᠭᠰᠠᠨ ᠣᠷᠣᠨ ᠪᠦᠰᠡ ᠶᠢᠨ ᠴᠢᠨᠠᠷᠲᠠᠶ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠠᠰᠠᠭᠤᠳᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠴᠡᠭᠴᠡᠯᠡᠨ ᠵᠠᠰᠠᠭᠰᠠᠨ ᠤᠶᠢᠭᠡᠢ᠂ ᠮᠠᠭᠤ ᠨᠥᠯᠥᠭᠡ | ᠪᠣᠯᠣᠭᠰᠠᠨ ᠪᠤᠶᠤ ᠬᠤᠬᠢᠷᠠᠯ ᠳᠤ ᠤᠴᠠᠷᠠᠭᠤᠯᠤᠭᠰᠠᠨ︔ | ︵ᠳᠦᠷᠪᠡ︶ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠠᠳᠡᠯ ᠢ ᠨᠢᠭᠤᠨ ᠳᠠᠯᠳᠠᠯᠠᠭᠰᠠᠨ᠂ | ᠬᠤᠳᠠᠯ ᠢᠶᠠᠷ ᠮᠡᠳᠡᠭᠦᠯᠦᠭᠰᠡᠨ᠂ ᠤᠳᠠᠭᠠᠰᠢᠷᠠᠭᠤᠯᠤᠨ ᠮᠡᠳᠡᠭᠦᠯᠦᠭᠰᠡᠨ᠃ | ᠨᠠᠶᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ | ᠲᠥᠪᠰᠢᠨ ᠤ ᠵᠥᠪᠯᠡᠯ ᠨᠢ ᠬᠠᠭᠠᠰ ᠵᠢᠯ ᠳᠤ ᠪᠦᠷᠢᠯᠳᠦᠬᠦᠨ ᠨᠢᠭᠡᠴᠡ ᠶᠢᠨ ᠠᠵᠢᠯ ᠤᠨ ᠪᠠᠶᠢᠳᠠᠯ ᠤᠨ ᠲᠤᠬᠠᠶ | ᠮᠡᠳᠡᠭᠦᠯᠦᠯᠲᠡ ᠶᠢ ᠨᠢᠭᠡ ᠤᠳᠠᠭ᠎ᠠ ᠰᠣᠨᠣᠰᠬᠤ ᠶᠢᠨ ᠬᠠᠮᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠵᠦᠪᠳᠡᠯᠴᠡᠭᠡ ᠬᠢᠨ᠎ᠡ᠃ | ᠶᠢᠰᠦᠳᠦᠭᠡᠷ ᠵᠦᠢᠯ ᠵᠦᠪᠳᠡᠯᠴᠡᠨ ᠰᠢᠯᠭᠠᠨ ᠬᠢᠨᠠᠭᠰᠠᠨ ᠦᠷ᠎ᠡ ᠳ᠋ᠦ᠋ᠶᠢᠩ ᠢ ᠺᠠᠳ᠋ᠷᠴᠤᠳ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ | ᠮᠡᠳᠡᠭᠦᠯᠦᠨ ᠬᠦᠷᠭᠡᠵᠦ᠂ ᠠᠶᠢᠮᠠᠭ ᠬᠤᠳᠠ᠂ ᠰᠠᠯᠠᠭ᠎ᠠ ᠮᠥᠴᠢᠷ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ | ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠦᠨᠳᠦᠰᠦᠯᠡᠯ ᠪᠣᠯᠭᠠᠨ᠎ᠠ᠃ | ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠠᠵᠢᠯ ᠢ ᠵᠦᠪᠳᠡᠯᠴᠡᠨ ᠰᠢᠯᠭᠠᠨ ᠬᠢᠨᠠᠬᠤ ᠳᠤᠮᠳᠠ ᠬᠤᠳᠠᠯ ᠬᠠᠭᠤᠷᠮᠠᠭ ᠵᠣᠬᠢᠶᠠᠭᠰᠠᠨ ᠭᠠᠵᠠᠷ ᠣᠷᠣᠨ᠂ | ᠰᠠᠯᠠᠭ᠎ᠠ ᠮᠥᠴᠢᠷ ᠢ ᠮᠡᠳᠡᠭᠡᠯᠡᠨ ᠰᠢᠭᠦᠮᠵᠢᠯᠡᠨ᠎ᠡ︔ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠤᠯᠢ ᠴᠠᠭᠠᠵᠠ | ᠰᠠᠬᠢᠯᠭ᠎ᠠ ᠪᠠᠲᠤ ᠶᠢᠨ ᠶᠣᠰᠣᠭᠠᠷ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠠᠷᠪᠠᠨ ᠨᠢᠭᠡᠳᠦᠭᠡᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠲᠤᠰ ᠠᠷᠭ᠎ᠠ ᠪᠠᠷ ᠯᠠᠪᠯᠠᠯᠲᠠ ᠪᠣᠯᠭᠠᠵᠤ᠂ ᠲᠤᠰ ᠭᠠᠵᠠᠷ ᠣᠷᠣᠨ ᠤ ᠪᠠᠨ ᠪᠤᠳᠠᠲᠠᠢ ᠲᠠᠢ | ᠤᠶᠠᠯᠳᠤᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠵᠦᠪᠳᠡᠯᠴᠡᠨ ᠰᠢᠯᠭᠠᠨ ᠬᠢᠨᠠᠬᠤ | ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠳᠣᠰ ᠠᠷᠭ᠎ᠠ ᠶᠢ 2016 ᠣᠨ ᠤ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |