ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠳᠤ ᠣᠷᠣᠯᠴᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠯᠠᠪᠠᠶ ᠳᠤ ᠤᠷᠤᠪᠠ
ᠨᠡᠶᠢᠲᠡᠯᠡᠭᠰᠡᠨ ᠴᠠᠭ᠄
2017/1/13
     1 ᠳ᠋ᠤᠭᠡᠷ ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯᠳᠤᠭᠠᠨ ᠬᠥᠬᠡᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠪᠥᠬᠦ ᠣᠷᠣᠨ ᠤ ᠡᠯ᠎ᠡ ᠦᠨᠳᠦᠰᠦᠲᠡᠨ ᠤ ᠡᠯ᠎ᠡ ᠡᠲᠡᠭᠡᠳ᠂ ᠡᠯ᠎ᠡ ᠹᠷᠣᠨᠲ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠦᠨᠳᠦ ᠡᠭᠦᠷᠭᠡ ᠡᠬᠦᠷᠭᠡᠯᠡᠨ᠂ ᠨᠢᠭᠡ ᠲᠢᠩᠬᠢᠮ ᠳᠤ ᠴᠤᠭᠯᠠᠷᠠᠵᠤ᠂ ᠬᠠᠮᠲᠤᠪᠡᠷ ᠥᠭᠡᠷᠡᠴᠢᠯᠡᠯᠲᠡ᠂ ᠬᠥᠭᠵᠢᠯᠲᠡ ᠶᠢᠨ ᠪᠤᠲᠤᠯᠭ᠎ᠠ ᠶᠢ ᠵᠦᠪᠳᠡᠯᠴᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠳᠤ ᠤᠷᠤᠯᠴᠠᠬᠤ ᠤᠯᠤᠰ ᠲᠦᠷᠦ ᠶᠢᠨ ᠵᠥᠪᠯᠡᠯᠭᠡᠨ ᠤ ᠬᠡᠰᠢᠬᠦᠳ ᠬᠤᠷᠠᠯ ᠤᠨ ᠲᠠᠯᠠᠪᠠᠢ ᠳᠤ ᠤᠷᠤᠪᠠ᠃      ᠡᠨᠡ ᠤᠳᠠᠭᠠᠨ ᠤ ᠬᠤᠷᠠᠯᠳᠤᠭᠠᠨ ᠤ ᠭᠤᠣᠯ ᠵᠥᠪᠯᠡᠬᠦ ᠵᠦᠢᠯ ᠤᠳ ᠪᠣᠯ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂  ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠦᠷᠦ ᠶᠢ ᠵᠠᠰᠠᠵᠤ ᠵᠠᠰᠠᠭ ᠢ ᠶᠠᠪᠤᠭᠤᠯᠬᠤ ᠰᠢᠨ᠎ᠡ ᠤᠨᠤᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠵᠤ᠂  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠦᠪᠯᠡᠨ᠎ᠡ︔ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠶ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠮᠡᠳᠡᠭᠦᠯᠦᠯᠲᠡ ᠶᠢ ᠰᠤᠨᠤᠰᠴᠤ ᠬᠢᠨᠠᠨ ᠵᠦᠪᠯᠡᠨ᠎ᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠳᠤ ᠰᠤᠯᠠ ᠣᠷᠣᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠢᠴᠢ ᠪᠤᠰᠤᠳ ᠬᠤᠯᠪᠣᠭᠳᠠᠯ ᠪᠦᠬᠦᠢ ᠢᠯᠡᠳᠬᠡᠯ ᠢ ᠰᠣᠨᠣᠰᠴᠤ ᠵᠦᠪᠯᠡᠨ᠎ᠡ︔ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠤᠨ ᠲᠤᠬᠠᠶ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯᠳᠤᠭᠠᠨ ᠤ ᠰᠢᠶᠳᠪᠦᠷᠢ ᠶᠢ ᠬᠢᠨᠠᠨ ᠵᠦᠪᠯᠡᠵᠤ ᠪᠠᠲᠤᠯᠠᠨ᠎ᠠ︔ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠰᠠᠨᠠᠯ ᠵᠥᠪᠯᠡᠯᠭᠡ ᠶᠢᠨ ᠵᠦᠪᠯᠡᠯ ᠤᠨ ᠮᠡᠳᠡᠭᠦᠯᠦᠯᠲᠡ ᠶᠢ ᠬᠢᠨᠠᠨ ᠵᠦᠪᠯᠡᠵᠤ ᠪᠠᠲᠤᠯᠠᠨ᠎ᠠ︔ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯᠳᠤᠭᠠᠨ ᠤ ᠤᠯᠤᠰ ᠲᠦᠷᠦ ᠶᠢᠨ ᠰᠢᠶᠳᠪᠦᠷᠢ ᠶᠢ ᠬᠢᠨᠠᠨ ᠵᠦᠪᠯᠡᠵᠤ ᠪᠠᠲᠤᠯᠠᠨ᠎ᠠ︔ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ 2016 ᠣᠨ ᠤ ᠰᠢᠯᠢᠳᠡᠭ ᠰᠠᠨᠠᠯ ᠳᠤᠷᠠᠳᠤᠯᠭ᠎ᠠ ᠶᠢ ᠬᠥᠬᠢᠭᠦᠯᠦᠨ ᠰᠠᠶᠢᠰᠢᠶᠠᠨ᠎ᠠ︔ ᠬᠠᠮᠢᠶ᠎ᠠ ᠪᠦᠬᠦᠢ ᠠᠵᠢᠯᠲᠠᠨ ᠤ ᠶᠠᠪᠤᠳᠠᠯ ᠢ ᠬᠢᠨᠠᠨ ᠵᠦᠪᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号