1 ᠳ᠋ᠦ᠋ᠭᠡᠷ ᠰᠠᠷ᠎ᠠ ᠶᠢᠨ 12 ᠤᠨ ᠡᠳᠦᠷ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠰᠤᠨᠢᠨ ᠮᠡᠳᠡᠭᠡ ᠨᠡᠶᠢᠳᠡᠯᠡᠭᠦ ᠬᠤᠷᠠᠯ ᠬᠢᠵᠦ᠂ ᠦᠪᠡᠷᠳᠡᠭᠡᠨ ᠵᠠᠰᠬᠠᠤ | ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠵᠢᠷᠭᠤᠳᠤᠭᠠᠷ ᠬᠤᠷᠠᠯ ᠤᠨ ᠡᠯ᠎ᠡ ᠵᠦᠢᠯ ᠤᠨ ᠪᠡᠯᠡᠳᠭᠡᠯ ᠠᠵᠢᠯ ᠨᠢᠭᠡᠨᠳᠡ ᠵᠦᠭᠰᠢᠷᠡᠵᠦ᠂ ᠶᠡᠭᠡ ᠬᠤᠷᠠᠯ 1 ᠳ᠋ᠦ᠋ᠭᠡᠷ | ᠰᠠᠷ᠎ᠠ ᠶᠢᠨ 14 ᠤ ᠡᠳᠦᠷ ᠳᠣᠭᠳᠠᠭᠰᠠᠨ ᠴᠠᠭ ᠲᠠᠭᠠᠨ ᠡᠬᠢᠯᠡᠬᠦ ᠶᠢ ᠨᠡᠶᠢᠳᠡᠯᠡᠪᠡ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠰᠤᠨᠢᠨ ᠮᠡᠳᠡᠭᠡ ᠨᠡᠶᠢᠳᠡᠯᠡᠭᠦ ᠬᠤᠷᠠᠯ ᠳᠤ | ᠤᠷᠤᠯᠴᠠᠵᠣ᠂ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠬᠠᠮᠢᠶ᠎ᠠ ᠪᠦᠭᠦᠢ | ᠬᠠᠷᠢᠭᠤᠴᠠᠯᠭᠠᠳᠠᠨ ᠬᠤᠷᠠᠯ ᠢ ᠤᠬᠠᠭᠤᠯᠤᠨ ᠮᠡᠳᠡᠭᠡᠯᠡᠭᠦ ᠠᠵᠢᠯ ᠳᠤ ᠪᠤᠳᠠᠳᠠᠢ ᠱᠠᠭᠠᠷᠳᠠᠯᠭ᠎ᠠ ᠲᠤᠷᠠᠳᠴᠠᠢ᠃ | ᠰᠣᠨᠢᠨ ᠮᠡᠳᠡᠭᠡ ᠨᠡᠶᠢᠳᠡᠯᠡᠬᠦ ᠬᠤᠷᠠᠯ ᠳᠡᠭᠡᠷ᠎ᠡ᠂ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠵᠦᠪᠯᠡᠭᠦ | ᠵᠦᠢᠯᠡᠰ ᠤᠨ ᠲᠤᠬᠢᠷᠠᠭᠤᠯᠤᠯᠳᠠ ᠪᠠ ᠶᠡᠭᠡ ᠬᠤᠷᠠᠯ ᠢ ᠪᠡᠯᠡᠳᠭᠡᠭᠰᠡᠨ ᠪᠠᠶᠢᠳᠠᠯ ᠢ ᠮᠡᠳᠡᠭᠳᠡᠪᠡ᠃ ᠣᠶᠢᠯᠠᠭᠠᠭᠰᠠᠨ ᠢᠶᠠᠷ᠂ | ᠡᠨᠡ ᠣᠳᠠᠭ᠎ᠠ ᠶᠢᠨ ᠶᠡᠭᠡ ᠬᠤᠷᠠᠯ 1 ᠳ᠋ᠦ᠋ᠭᠡᠷ ᠰᠠᠷ᠎ᠠ ᠶᠢᠨ 14 ᠤ ᠡᠳᠦᠷ ᠠᠴᠠ 18 ᠤ ᠡᠳᠦᠷ ᠪᠤᠯᠳᠠᠯ᠎ᠠ | ᠬᠤᠷᠠᠯᠳᠣᠨᠠ᠃ ᠬᠤᠷᠠᠯ ᠤᠨ ᠰᠠᠨᠠᠭᠤᠯᠭ᠎ᠠ ᠶᠢᠨ ᠵᠦᠪᠯᠡᠭᠦ ᠵᠦᠢᠯ ᠭᠤᠤᠯᠳᠠᠭᠤ 7 ᠵᠦᠢᠯ ᠪᠤᠢ᠃ ᠵᠠᠰᠠᠭ ᠤᠨ | ᠤᠷᠳᠤᠨ ᠤ ᠠᠵᠢᠯ ᠤᠨ ᠢᠯᠡᠳᠭᠡᠯ᠂ ᠲᠦᠯᠦᠪᠯᠡᠭᠡ ᠶᠢᠨ ᠮᠡᠳᠡᠭᠦᠯᠦᠯᠳᠡ᠂ ᠲᠦᠰᠦᠪ ᠤᠨ ᠮᠡᠳᠡᠭᠦᠯᠦᠯᠳᠡ᠂ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠪᠠ ︽ | ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠳᠡ ᠵᠡᠷᠭᠡ 6 ᠵᠦᠢᠯ ᠤᠨ ᠮᠡᠳᠡᠭᠦᠯᠦᠯᠳᠡ ᠶᠢ ᠬᠢᠨᠠᠨ ᠪᠠᠶᠢᠴᠠᠭᠠᠵᠦ | ᠵᠦᠪᠰᠢᠶᠡᠷᠡᠭᠦ ᠪᠠ ᠰᠤᠩᠭᠤᠭᠤᠯᠢ ᠶᠢᠨ ᠵᠦᠢᠯᠡᠰ ᠵᠡᠷᠭᠡ ᠪᠣᠯᠣᠨ᠎ᠠ᠃ ᠡᠨᠡ ᠣᠳᠠᠭ᠎ᠠ ᠶᠢᠨ ᠶᠡᠭᠡ ᠬᠤᠷᠠᠯ ᠳᠤ | ᠲᠦᠷᠦᠭᠦᠦ ᠤᠳᠠᠭ᠎ᠠ ᠬᠤᠷᠠᠯ ᠤᠨ ᠰᠤᠷᠳᠠᠯ ᠬᠤᠷᠠᠯ ᠤᠨ ᠰᠠᠬᠢᠯᠭ᠎ᠠ ᠪᠠᠳᠤ ᠳᠤ ᠬᠢᠨᠠᠯᠳᠠ ᠲᠠᠯᠪᠢᠬᠤ ᠲᠤᠭᠤᠶᠢᠯᠠᠩ | ᠪᠠᠶᠢᠭᠤᠯᠵᠦ᠂ ᠶᠡᠭᠡ ᠬᠤᠷᠠᠯ ᠤᠨ ᠰᠤᠷᠳᠠᠯ ᠴᠢᠭᠡᠴᠢ ᠤᠪᠤᠷ ᠲᠦᠪ ᠪᠠᠶᠢᠬᠤ ᠶᠢ ᠪᠠᠳᠤᠯᠠᠬᠤ ᠪᠠᠷ ᠪᠤᠢ᠃ |