︵2017 ᠣᠨ ᠤ 1 ᠳ᠋ᠦ᠋ᠭᠡᠷ ᠰᠠᠷ᠎ᠠ ᠶᠢᠨ 12 ᠤᠨ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠦᠬᠦᠳᠡ | ᠬᠤᠷᠠᠯ ᠠᠴᠠ ᠪᠠᠲᠤᠯᠠᠪᠠ︶ | ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ | 2017 ᠣᠨ ᠤ 1 ᠳ᠋ᠦ᠋ᠭᠡᠷ ᠰᠠᠷ᠎ᠠ ᠶᠢᠨ 11 ᠠᠴᠠ 12 ᠤᠨ ᠡᠳᠦᠷ ᠪᠤᠯᠳᠠᠯ᠎ᠠ ᠬᠦᠬᠡᠬᠤᠳᠠ ᠳᠤ ᠬᠤᠷᠠᠯᠳᠤᠪᠠ᠃ | ᠬᠤᠷᠠᠯ ᠳᠤ ᠤᠷᠤᠯᠴᠠᠬᠰᠠᠨ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ | ᠬᠡᠰᠢᠭᠦᠨ 45 ᠬᠦᠮᠦᠨ᠂ ᠰᠤᠯᠠ ᠤᠷᠤᠯᠴᠠᠬᠰᠠᠨ ᠨᠢ 174 ᠬᠦᠮᠦᠨ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠲᠠᠯᠪᠢᠵᠠᠢ᠃ | ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ | ᠡᠷᠬᠢᠯᠡᠪᠡ᠃ ᠪᠦᠬᠦᠳᠡ ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ | ᠵᠢᠷᠭᠤᠳᠤᠭᠠᠷ ᠪᠦᠬᠦᠳᠡ ᠬᠤᠷᠠᠯ ᠪᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠤᠯᠤᠳᠤᠭᠠᠷ ᠪᠦᠬᠦᠳᠡ ᠬᠤᠷᠠᠯ ᠤᠨ | ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ 2016 ᠣᠨ ᠤ ᠰᠠᠬᠢᠯᠭ᠎ᠠ ᠪᠠᠳᠤ ᠪᠠᠶᠢᠴᠠᠭᠠᠬᠤ ᠠᠵᠢᠯ ᠢ | ᠳ᠋ᠦᠩᠨᠡᠨ᠂ 2017 ᠣᠨ ᠤ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠯᠢᠦ ᠴᠢ ᠹᠠᠨ ᠨᠦᠬᠦᠷ ᠤᠨ | ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ | ᠲᠦᠯᠦᠭᠡᠯᠡᠨ ᠬᠢᠭᠰᠡᠨ ︽ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠳᠠᠯᠠᠨ ᠬᠠᠷᠢᠭᠤᠴᠠᠯᠭ᠎ᠠ ᠶᠢ | ᠲᠠᠮᠵᠢᠭᠤᠯᠬᠤ ᠶᠢ ᠴᠢᠩᠭᠠᠷᠠᠭᠤᠯᠵᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ | ᠡᠰᠡᠷᠭᠦᠴᠡᠭᠦ ᠲᠡᠮᠡᠴᠡᠯ ᠢ ᠬᠦᠨᠵᠡᠭᠡᠶᠢᠷᠡᠭᠦᠯᠰᠦᠭᠡᠢ︾ ᠬᠡᠭᠦ ᠰᠡᠳᠤᠪ ᠢᠶᠠᠷ ᠠᠵᠢᠯ ᠤᠨ ᠮᠡᠳᠡᠭᠦᠯᠦᠯᠳᠡ ᠶᠢ ᠬᠢᠨᠠᠨ | ᠵᠦᠪᠯᠡᠵᠤ ᠪᠠᠳᠤᠯᠠᠵᠠᠢ᠃ | ᠪᠦᠬᠦᠳᠡ ᠬᠤᠷᠠᠯ ᠠᠴᠠ ᠰᠢ ᠶᠢᠨ ᠫᠢᠩ ᠨᠦᠬᠦᠷ ᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠤᠯᠤᠳᠤᠭᠠᠷ ᠪᠦᠬᠦᠳᠡ | ᠬᠤᠷᠠᠯ ᠲᠡᠭᠡᠷ᠎ᠡ ᠬᠢᠭᠰᠡᠨ ᠴᠢᠬᠤᠯᠠ ᠶᠠᠷᠢᠶ᠎ᠠ ᠪᠠ ᠸᠠᠩ ᠴᠢ ᠱᠠᠨ ᠨᠦᠬᠦᠷ ᠤᠨ ᠬᠢᠭᠰᠡᠨ ᠠᠵᠢᠯ ᠤᠨ ᠮᠡᠳᠡᠭᠦᠯᠦᠯᠳᠡ ᠶᠢ | ᠬᠦᠨᠵᠡᠭᠡᠢ ᠤᠶᠢᠯᠠᠭᠠᠵᠤ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠠᠩ ᠡᠷᠠᠰ ᠪᠠᠲᠤ | ᠤᠬᠠᠮᠰᠠᠷ ᠠᠴᠠ ᠪᠠᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠ ᠲᠡᠤᠭᠡᠳᠦ | ᠡᠭᠦᠷᠭᠡ ᠶᠢ ᠡᠭᠦᠷᠬᠡᠯᠡᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠡᠶᠢᠳᠡᠪᠦᠷᠢᠵᠢᠭᠤᠯᠤᠨ᠂ | ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠨ᠂ ᠨᠠᠮ ᠤᠨ ᠲᠤᠳᠤᠭᠠᠳᠦ ᠶᠢᠨ | ᠬᠢᠨᠠᠯᠳᠠ ᠶᠢ ᠴᠢᠩᠭᠠᠳᠬᠠᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ | ᠡᠰᠡᠷᠭᠦᠴᠡᠭᠦ ᠲᠡᠡᠮᠴᠡᠯ ᠢ ᠡᠷᠡᠰ ᠭᠤᠶᠢᠪᠢᠰᠢ ᠦᠭᠡᠢ ᠬᠦᠨᠵᠡᠭᠡᠶᠢᠷᠡᠭᠦᠯᠭᠦ ᠬᠡᠷᠡᠭᠳᠡᠢ ᠬᠡᠵᠤ ᠱᠠᠭᠠᠷᠳᠠᠪᠠ᠃ ᠪᠦᠬᠦᠳᠡ | ᠬᠤᠷᠠᠯ ᠠᠴᠠ ᠯᠢ ᠵᠢᠢ ᠾᠧᠩ ᠨᠦᠬᠦᠷ ᠤᠨ ᠴᠢᠬᠤᠯᠠ ᠶᠠᠷᠢᠶ᠎ᠠ ᠶᠢ ᠬᠢᠨᠠᠮᠠᠭᠠᠢ ᠰᠤᠷᠤᠯᠴᠠᠪᠠ᠃ ᠬᠤᠷᠠᠯ ᠳᠤ | ᠤᠷᠤᠯᠴᠠᠬᠰᠠᠳ ᠰᠠᠨᠠᠯ ᠨᠢᠭᠡᠳᠡᠢ ᠦᠵᠡᠵᠡᠭᠡᠭᠰᠡᠨ ᠨᠢ᠂ ᠶᠠᠷᠢᠶ᠎ᠠ ᠨᠢ ᠮᠠᠨ ᠤ ᠤᠷᠤᠨ ᠤ ᠨᠠᠮ ᠤᠨ ᠰᠤᠷᠳᠠᠯ ᠴᠢᠭᠡᠴᠢ | ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠭᠦ ᠠᠵᠢᠯ ᠤᠨ ᠢᠯᠡᠷᠬᠡᠢ ᠦᠷ᠎ᠡ ᠪᠦᠳᠦᠮᠵᠢ ᠶᠢ ᠬᠦᠢᠴᠡᠳ | ᠨᠤᠳᠠᠯᠠᠵᠤ᠂ ᠲᠤᠯᠭᠠᠷᠠᠵᠤ ᠪᠦᠬᠦᠢ ᠪᠠᠶᠢᠳᠠᠯ ᠪᠠ ᠦᠷᠢᠰᠦᠯᠳᠦᠭᠡᠨ ᠢ ᠰᠢᠨᠵᠢᠯᠡᠭᠦ ᠤᠬᠠᠭᠠᠨᠴᠢ ᠪᠠᠷ ᠵᠠᠳᠠᠯᠤᠨ᠂ | ᠤᠳᠤᠬᠠᠨ ᠤ ᠪᠠ ᠬᠤᠶᠢᠰᠢᠳᠡ ᠶᠢᠨ ᠨᠢᠭᠡ ᠬᠡᠰᠡᠭ ᠬᠤᠭᠤᠴᠠᠭᠠᠨ ᠤ ᠭᠤᠤᠯ ᠡᠭᠦᠷᠭᠡ ᠶᠢ ᠲᠤᠳᠤᠷᠬᠠᠶᠢᠯᠠᠵᠤ᠂ | ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠦᠬᠦᠷ ᠤᠨ ᠰᠢᠷᠢᠰ ᠴᠢᠬᠤᠯᠠ | ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠭᠦ ᠰᠢᠨ᠎ᠡ ᠤᠶᠢᠯᠠᠭᠠᠬᠳᠠᠬᠤᠨ | ᠰᠢᠨ᠎ᠠ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠲᠠᠢ ᠨᠢᠭᠡᠳᠤᠯᠳᠠᠢ ᠪᠠᠶᠢᠯᠭᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠤᠨ ᠲᠠᠰᠤᠷᠠᠯᠳᠠ ᠦᠭᠡᠢ ᠬᠦᠨᠵᠡᠬᠡᠶᠢᠷᠡᠨ ᠬᠦᠭᠵᠢᠭᠦ ᠶᠢ ᠠᠬᠢᠭᠤᠯᠬᠤ ᠬᠡᠷᠡᠭᠳᠡᠢ ᠭᠡᠵᠤ | ᠴᠢᠬᠤᠯᠠᠴᠢᠯᠠᠪᠠ᠃ ᠶᠠᠷᠢᠶ᠎ᠠ ᠨᠢ ᠠᠰᠠᠭᠤᠳᠠᠯ ᠳᠤ ᠰᠢᠭᠤᠳ ᠬᠠᠨᠳᠤᠨ᠂ ᠤᠳᠤ ᠶᠢᠨ ᠬᠡᠮ ᠲᠤᠳᠠᠬᠳᠠᠯ ᠢ ᠤᠨᠤᠭᠠᠬᠰᠠᠨ | ᠪᠦᠭᠡᠳ ᠢᠳᠡᠭᠡᠯ ᠲᠦᠭᠦᠷᠡᠩ ᠪᠠᠶᠢᠵᠤ᠂ ᠬᠦᠮᠦᠰ ᠢ ᠤᠷᠮᠠᠰᠢᠭᠤᠯᠤᠨ ᠲᠠᠪᠰᠢᠭᠤᠯᠵᠤ᠂ ᠮᠠᠰᠢ ᠴᠢᠩᠭ᠎ᠠ ᠤᠯᠤᠰ | ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ ᠪᠠ ᠵᠢᠯᠤᠭᠤᠳᠬᠤ ᠴᠢᠨᠠᠷ ᠲᠠᠢ᠃ ᠪᠦᠬᠦ ᠤᠷᠤᠨ ᠤ ᠡᠯ᠎ᠠ ᠱᠠᠳᠤᠨ ᠤ | ᠨᠠᠮ ᠤᠨ ᠵᠤᠬᠢᠶᠠᠨ ᠪᠠᠶᠢᠭᠤᠯᠤᠯᠳᠠ ᠲᠤᠤᠱᠯᠠᠭᠤᠯᠤᠨ ᠨᠡᠶᠢᠳᠡᠪᠦᠷᠢᠵᠢᠭᠤᠯᠤᠯᠳᠠ ᠶᠢ ᠬᠢᠨᠠᠮᠠᠭᠠᠢ ᠰᠠᠶᠢᠳᠤᠷ ᠠᠳᠬᠤᠬᠤ | ᠬᠡᠷᠡᠭᠳᠡᠢ ᠬᠡᠪᠡ᠃ | ᠪᠦᠬᠦᠳᠡ ᠬᠤᠷᠠᠯ ᠠᠴᠠ ᠦᠵᠡᠭᠰᠡᠨ ᠨᠢ᠂ 2016 ᠣᠨ ᠳᠤ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ | ᠪᠠᠳᠤ ᠪᠠᠶᠢᠴᠠᠭᠠᠬᠤ ᠬᠤᠷᠢᠶ᠎ᠠ ᠪᠠ ᠪᠦᠬᠦ ᠤᠷᠤᠨ ᠤ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠭ᠎ᠠ | ᠨᠠᠮ ᠤᠨ ᠲᠦᠪ ᠬᠤᠷᠢᠶ᠎ᠠ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ | ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠨᠠᠮ ᠤᠨ ᠲᠦᠷᠢᠮ ᠠᠴᠠ | ᠤᠯᠭᠤᠬᠰᠠᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠤ᠂ ᠪᠦᠬᠦ ᠲᠠᠯ᠎ᠠ ᠪᠠᠷ ᠡᠭᠦᠷᠭᠡ ᠴᠢᠳᠠᠪᠬᠢ ᠪᠠᠨ | ᠬᠤᠪᠢᠷᠠᠭᠤᠯᠤᠨ᠂ ᠠᠷᠭ᠎ᠠ ᠬᠡᠯᠪᠡᠷᠢ ᠪᠠᠨ ᠬᠤᠪᠢᠷᠠᠭᠤᠯᠤᠨ᠂ ᠰᠤᠷᠳᠠᠯ ᠢᠶᠠᠨ ᠬᠤᠪᠢᠷᠠᠭᠤᠯᠵᠤ᠂ ᠨᠠᠮ ᠢ ᠬᠠᠮᠢᠶᠠᠷᠦᠨ | ᠨᠠᠮ ᠢ ᠵᠠᠰᠠᠬᠤ ᠶᠢ ᠤᠭᠲᠤ ᠰᠤᠯᠠᠷᠠᠭᠤᠯᠤᠯ ᠦᠭᠡᠢ᠂ ᠰᠤᠷᠳᠠᠯ ᠢᠶᠠᠨ ᠲᠦᠪ ᠪᠤᠯᠭᠠᠨ ᠰᠠᠬᠢᠯᠭ᠎ᠠ ᠪᠠᠳᠤ ᠶᠢ | ᠴᠢᠩᠳᠠᠯᠠᠬᠤ ᠶᠢ ᠤᠭᠲᠤ ᠵᠤᠬᠰᠤᠯ ᠦᠭᠡᠢ᠂ ᠢᠯᠵᠢᠷᠠᠯ ᠢ ᠰᠢᠳᠭᠡᠭᠦ ᠶᠢ ᠤᠭᠲᠤ ᠢᠯᠳᠠᠷ ᠬᠠᠶᠠᠬᠤ ᠦᠭᠡᠢ ᠪᠠᠷ | ᠪᠠᠷᠢᠮᠳᠠᠯᠠᠵᠤ᠂ ᠪᠦᠬᠦ ᠤᠷᠤᠨ ᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ | ᠡᠰᠡᠷᠭᠦᠴᠡᠭᠦ ᠲᠡᠮᠡᠴᠡᠯ ᠤᠨ ᠢᠯᠡᠷᠬᠡᠢ ᠦᠷ᠎ᠡ ᠪᠦᠳᠦᠮᠵᠢ ᠤᠯᠬᠤ ᠶᠢ ᠠᠬᠢᠭᠤᠯᠵᠠᠢ ᠬᠡᠪᠡ᠃ | ᠪᠦᠬᠦᠳᠡ ᠬᠤᠷᠠᠯ ᠠᠴᠠ ᠵᠢᠭᠠᠵᠤ ᠭᠠᠷᠭᠠᠬᠰᠠᠨ ᠨᠢ᠂ ᠠᠮᠵᠢᠯᠳᠡ ᠪᠠᠨ ᠬᠦᠢᠴᠡᠳ ᠨᠤᠳᠠᠯᠠᠬᠤ ᠶᠢᠨ ᠬᠠᠮᠳᠤ᠂ | ᠤᠷᠤᠰᠢᠵᠤ ᠪᠦᠬᠦᠢ ᠲᠤᠪᠤᠶᠢᠮ᠎ᠠ ᠠᠰᠠᠭᠤᠳᠠᠯ ᠳᠤ ᠵᠦᠪ ᠬᠠᠨᠳᠤᠵᠤ᠂ ᠤᠳᠤᠬᠠᠨ ᠤ ᠢᠯᠵᠢᠷᠠᠯ ᠢ ᠡᠰᠡᠷᠭᠦᠴᠡᠭᠦ | ᠲᠡᠮᠡᠴᠡᠯ ᠤᠨ ᠪᠠᠶᠢᠳᠠᠯ ᠮᠦᠨᠭᠦ ᠲᠦᠪᠡᠭ ᠪᠤᠳᠤᠯᠢᠶᠠᠨᠳᠠᠢ᠂ ᠢᠯᠵᠢᠷᠠᠯ ᠢ ᠡᠰᠡᠷᠭᠦᠴᠡᠭᠦ ᠲᠡᠮᠡᠴᠡᠯ ᠮᠦᠨᠭᠦ ᠡᠭᠦᠷᠭᠡ | ᠬᠦᠨᠳᠦ ᠵᠠᠮ ᠬᠤᠯᠠ ᠬᠡᠳᠡᠭ ᠢ ᠲᠤᠳᠤᠷᠬᠠᠢ ᠲᠠᠨᠢᠵᠤ ᠤᠯᠬᠤ ᠬᠡᠷᠡᠭᠲᠡᠢ ᠪᠠᠶᠢᠨ᠎ᠠ᠃ ᠪᠦᠬᠦ ᠤᠷᠤᠨ ᠤ ᠡᠯ᠎ᠠ ᠱᠠᠳᠤᠨ | ᠤ ᠨᠠᠮ ᠤᠨ ᠵᠤᠬᠢᠶᠠᠨ ᠪᠠᠶᠢᠭᠤᠯᠤᠯᠳᠠ 2017 ᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠵᠦᠪ ᠡᠵᠡᠮᠰᠢᠨ᠂ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ | ᠶᠠᠷᠢᠶ᠎ᠠ ᠨᠤᠭᠤᠳ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠤᠯᠤᠳᠤᠭᠠᠷ ᠪᠦᠬᠦᠳᠡ ᠬᠤᠷᠠᠯ ᠤᠨ | ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠵᠤᠷᠢᠭ ᠰᠠᠨᠠᠭ᠎ᠠ ᠶᠤᠰᠤᠭᠠᠷ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ | ᠂ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠪᠠᠳᠤ ᠪᠤᠢ ᠪᠤᠯᠭᠠᠨ᠂ ᠰᠢ ᠶᠢᠨ ᠫᠢᠩ | ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠡᠷᠡᠰ ᠬᠠᠮᠠᠭᠠᠯᠠᠵᠤ᠂ ᠨᠠᠮ ᠤᠨ | ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠨ᠂ ᠨᠠᠮ ᠤᠨ ᠲᠤᠳᠤᠭᠠᠳᠦ ᠶᠢᠨ ᠬᠢᠨᠠᠯᠳᠠ ᠶᠢ | ᠴᠢᠩᠭᠠᠳᠬᠠᠵᠤ᠂ ᠰᠠᠬᠢᠯᠭ᠎ᠠ ᠪᠠᠳᠤ ᠶᠢ ᠬᠡᠷᠡᠭᠵᠢᠭᠦᠯᠭᠦ ᠬᠢᠨᠠᠯᠳᠠ ᠲᠠᠯᠪᠢᠬᠤ ᠬᠠᠷᠢᠭᠤᠴᠠᠯᠭ᠎ᠠ ᠨᠡᠭᠡᠮᠵᠢᠯᠡᠬᠦ ᠶᠢ | ᠴᠢᠩᠭᠠᠷᠠᠭᠤᠯᠵᠤ᠂ ︽ᠲᠦᠷᠪᠡᠨ ᠰᠤᠷᠳᠠᠯ︾ ᠢ ᠰᠤᠯᠠᠷᠠᠭᠤᠯᠤᠯ ᠦᠭᠡᠢ ᠵᠠᠯᠠᠷᠠᠭᠤᠯᠬᠤ ᠬᠡᠷᠡᠭᠳᠡᠢ᠃ ᠡᠷᠬᠡᠪᠰᠢ | ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦ ᠶᠢ ᠪᠠᠳᠤᠯᠠᠵᠤ᠂ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠨ᠂ | ᠰᠠᠬᠢᠯᠭ᠎ᠠ ᠪᠠᠳᠤ ᠶᠢ ᠬᠡᠷᠡᠭᠵᠢᠭᠦᠯᠭᠦ ᠳᠤ ᠬᠢᠨᠠᠯᠳᠠ ᠲᠠᠯᠪᠢᠬᠤ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠤ᠂ | ᠢᠯᠵᠢᠷᠠᠯ ᠤᠨ ᠪᠠᠶᠢᠳᠠᠯ ᠢ ᠵᠠᠯᠬᠠᠭᠠᠨ ᠰᠢᠳᠭᠡᠵᠤ᠂ ᠡᠷᠳᠡ ᠠᠳᠬᠤᠨ ᠪᠠᠭ᠎ᠠ ᠠᠴᠠ ᠨᠢ ᠠᠳᠬᠤᠵᠤ᠂ ᠦᠨᠡᠨ ᠪᠤᠳᠠᠳᠤ | ᠠᠵᠢᠯᠯᠠᠭ᠎ᠠ ᠪᠠᠷ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢ ᠠᠬᠤᠢ ᠶᠢ ᠬᠠᠮᠠᠭᠠᠯᠠᠵᠤ᠂ ᠦᠪᠡᠷᠳᠡᠭᠡᠨ | ᠵᠠᠰᠠᠬᠤ ᠤᠷᠤᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠦᠨᠵᠡᠭᠡᠶᠢᠷᠡᠨ ᠬᠦᠭᠵᠢᠭᠦ ᠶᠢ ᠠᠬᠢᠭᠤᠯᠵᠤ | ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠠᠩ ᠦᠵᠡᠰᠭᠦᠯᠡᠩᠳᠦ ᠰᠠᠶᠢᠬᠠᠨ ᠪᠤᠯᠭᠠᠨ | ᠪᠦᠳᠦᠭᠡᠨ ᠪᠠᠶᠢᠭᠤᠯᠬᠤ ᠳᠤ ᠪᠠᠳᠤ ᠴᠢᠩᠭ᠎ᠠ ᠰᠠᠬᠢᠯᠭ᠎ᠠ ᠪᠠᠳᠤ ᠶᠢᠨ ᠪᠠᠳᠤᠯᠠᠭ᠎ᠠ ᠬᠠᠩᠭᠠᠵᠤ᠂ ᠰᠢᠯᠢᠳᠡᠭ | ᠠᠮᠵᠢᠯᠳᠡ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠬᠤ ᠬᠡᠷᠡᠭᠳᠡᠢ ᠬᠡᠵᠡᠢ᠃ | ᠨᠢᠭᠡ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠶᠢ | ᠰᠠᠶᠢᠳᠤᠷ ᠠᠳᠬᠤᠵᠤ᠂ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠨ᠂ ᠨᠠᠮ ᠤᠨ | ᠲᠤᠳᠤᠭᠠᠳᠦ ᠶᠢᠨ ᠬᠢᠨᠠᠯᠳᠠ ᠶᠢ ᠴᠢᠩᠭᠠᠷᠠᠭᠤᠯᠵᠤ᠂ ᠬᠦᠮᠦᠨ ᠢ ᠰᠢᠯᠢᠨ ᠲᠡᠪᠰᠢᠭᠦᠯᠵᠤ ᠬᠡᠷᠡᠭᠯᠡᠭᠦ ᠪᠤᠭᠤᠮᠳᠠ ᠶᠢ | ᠴᠢᠩᠭ᠎ᠠ ᠰᠠᠬᠢᠬᠤ ᠬᠡᠷᠡᠭᠳᠡᠢ᠃ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ | ᠪᠠᠷᠢᠮᠵᠢᠶ᠎ᠠ ᠨᠤᠭᠤᠳ ᠪᠠ ᠨᠠᠮ ᠤᠨ ᠲᠤᠳᠤᠭᠠᠳᠦ ᠶᠢᠨ ᠬᠢᠨᠠᠯᠳᠠ ᠲᠠᠯᠪᠢᠬᠤ ᠲᠦᠷᠢᠮ ᠢ ᠬᠢᠨᠠᠮᠠᠭᠠᠢ ᠲᠤᠤᠱᠯᠠᠭᠤᠯᠤᠨ | ᠬᠡᠷᠡᠭᠵᠢᠭᠦᠯᠵᠤ᠂ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ ᠲᠦᠷᠢᠮ ᠤᠨ | ᠨᠡᠶᠢᠳᠡᠪᠦᠷᠢᠵᠢᠭᠤᠯᠤᠯᠳᠠ ᠶᠢᠨ ᠪᠠᠶᠢᠳᠠᠯ ᠤᠨ ᠬᠢᠨᠠᠯᠳᠠ ᠲᠠᠯᠪᠢᠬᠤ ᠪᠠᠶᠢᠴᠠᠭᠠᠯᠳᠠ ᠶᠢ ᠴᠢᠩᠭᠠᠳᠬᠠᠨ᠂ ᠨᠠᠮ ᠤᠨ | ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ ᠵᠢᠷᠤᠮᠵᠢᠯ ᠦᠭᠡᠢ ᠠᠰᠠᠭᠤᠳᠠᠯ ᠢ ᠡᠷᠡᠰ ᠵᠠᠯᠠᠷᠠᠭᠤᠯᠬᠤ | ᠬᠡᠷᠡᠭᠳᠡᠢ︔ ᠨᠠᠮ ᠤᠨ ᠲᠦᠷᠢᠮ ᠲᠤᠬᠳᠠᠭᠠᠯ ᠨᠠᠮ ᠤᠨ ᠰᠠᠬᠢᠯᠭ᠎ᠠ ᠪᠠᠳᠤ ᠶᠢ ᠵᠢᠷᠤᠮᠯᠠᠨ᠂ ᠨᠠᠮ ᠤᠨ ᠱᠤᠭᠤᠮ | ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠬᠢᠨᠠᠯᠳᠠ ᠲᠠᠯᠪᠢᠬᠤ | ᠪᠠᠶᠢᠴᠠᠭᠠᠯᠳᠠ ᠶᠢ ᠴᠢᠩᠭᠠᠳᠬᠠᠵᠤ᠂ ᠲᠡᠭᠡᠲᠦ ᠱᠠᠳᠤᠨ ᠤ ᠬᠢᠨᠠᠯᠳᠠ ᠲᠠᠯᠪᠢᠯᠳᠠ ᠬᠤᠯᠠ᠂ ᠲᠤᠰ ᠱᠠᠳᠤᠨ ᠤ ᠬᠢᠨᠠᠯᠳᠠ | ᠲᠠᠯᠪᠢᠯᠳᠠ ᠬᠦᠴᠢᠷ᠂ ᠲᠤᠤᠷᠠᠲᠤ ᠱᠠᠳᠤᠨ ᠤ ᠬᠢᠨᠠᠯᠳᠠ ᠲᠠᠯᠪᠢᠯᠳᠠ ᠰᠤᠯᠠ ᠵᠡᠷᠭᠡ ᠠᠰᠠᠭᠤᠳᠠᠯ ᠢ ᠬᠦᠴᠦᠯᠡᠨ | ᠰᠢᠢᠳᠪᠦᠷᠢᠯᠡᠭᠦ ᠬᠡᠷᠡᠭᠳᠡᠢ︔ ᠬᠦᠮᠦᠨ ᠢ ᠰᠢᠯᠢᠨ ᠲᠡᠪᠰᠢᠭᠦᠯᠵᠤ ᠬᠡᠷᠡᠭᠯᠡᠭᠦ ᠤᠯᠤᠰ ᠲᠦᠷᠦ ᠶᠢᠨ ᠪᠤᠭᠤᠮᠳᠠ᠂ | ᠠᠷᠢᠭᠤᠨ ᠴᠢᠭᠡᠴᠢ ᠶᠢᠨ ᠪᠤᠭᠤᠮᠳᠠ ᠶᠢ ᠴᠢᠩᠭ᠎ᠠ ᠰᠠᠬᠢᠵᠤ᠂ ᠺᠠᠳ᠋ᠷᠴᠤᠳ ᠤᠨ ᠠᠰᠠᠭᠤᠳᠠᠯ ᠲᠠᠢ ᠪᠠᠶᠢᠳᠠᠯ᠎ᠠ ᠪᠠᠨ | ᠲᠡᠪᠰᠢᠭᠦᠯᠦᠭᠳᠡᠭᠦ᠂ ᠠᠰᠠᠭᠤᠳᠠᠯ ᠲᠠᠢ ᠪᠠᠶᠢᠳᠠᠯ᠎ᠠ ᠪᠠᠨ ᠠᠵᠢᠯ ᠤᠨ ᠪᠠᠶᠢᠷᠢ ᠳᠤ ᠭᠠᠷᠬᠤ ᠶᠢ ᠬᠤᠷᠢᠬᠯᠠᠬᠤ ᠬᠡᠷᠡᠭᠳᠡᠢ᠃ | ᠬᠤᠶᠠᠷ᠂ ᠰᠢᠮᠳᠠᠭᠤᠯᠤᠨ ᠵᠢᠯᠤᠭᠤᠳᠬᠤ ᠲᠤᠬᠳᠠᠴᠠ ᠶᠢᠨ ᠰᠢᠨ᠎ᠡ ᠶᠢ ᠡᠭᠦᠳᠴᠤ᠂ ᠬᠠᠷᠢᠭᠤᠴᠠᠯᠭ᠎ᠠ ᠲᠤᠯᠭᠠᠬᠤ | ᠬᠠᠷᠢᠭᠤᠴᠠᠯᠭ᠎ᠠ ᠨᠡᠭᠡᠮᠵᠢᠯᠡᠭᠦ ᠶᠢ ᠴᠢᠩᠳᠠᠯᠠᠨ᠂ ᠭᠤᠤᠯ ᠴᠤᠬᠴᠠ ᠶᠢᠨ ᠬᠠᠷᠢᠭᠤᠴᠠᠯᠭ᠎ᠠ᠂ ᠬᠢᠨᠠᠯᠳᠠ ᠲᠠᠯᠪᠢᠬᠤ | ᠬᠠᠷᠢᠭᠤᠴᠠᠯᠭ᠎ᠠ ᠶᠢ ᠬᠦᠨᠵᠡᠭᠡᠶᠢᠷᠡᠭᠦᠯᠦᠨ ᠲᠠᠮᠵᠢᠭᠤᠯᠬᠤ ᠶᠢ ᠪᠠᠳᠤᠯᠠᠬᠤ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ︽ᠬᠤᠤᠰ ᠬᠠᠷᠢᠭᠤᠴᠠᠯᠭ᠎ᠠ︾ ᠶᠢ ᠰᠢᠮᠳᠠᠭᠤᠯᠤᠨ ᠵᠢᠯᠤᠭᠤᠳᠴᠤ ᠠᠬᠢᠭᠤᠯᠬᠤ ᠲᠤᠬᠳᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠤ᠂ ︽ᠬᠤᠤᠰ ᠬᠠᠷᠢᠭᠤᠴᠠᠯᠭ᠎ᠠ︾ ᠶᠢᠨ ᠭᠤᠤᠯᠳᠦ ᠴᠢᠭᠯᠡᠯ ᠤᠨ ᠲᠠᠮᠵᠢᠭᠤᠯᠭ᠎ᠠ | ᠱᠠᠳᠤ ᠲᠠᠷᠠᠭᠠᠯᠠᠨ ᠬᠠᠰᠤᠬᠳᠠᠵᠤ᠂ ᠬᠦᠨᠳᠡᠯᠡᠨ ᠴᠢᠭᠯᠡᠯ ᠤᠨ ᠲᠠᠮᠵᠢᠭᠤᠯᠭ᠎ᠠ ᠱᠠᠳᠤ ᠲᠠᠷᠠᠭᠠᠯᠠᠨ ᠬᠠᠰᠤᠬᠳᠠᠬᠤ | ᠠᠰᠠᠭᠤᠳᠠᠯ ᠢ ᠰᠢᠢᠳᠪᠦᠷᠢᠯᠡᠭᠦ ᠬᠡᠷᠡᠭᠳᠡᠢ︔ ᠦᠪᠡᠷᠳᠡᠭᠡᠨ ᠵᠠᠰᠠᠬᠤ ᠤᠷᠤᠨ ᠤ ᠬᠠᠷᠢᠭᠤᠴᠠᠯᠭ᠎ᠠ ᠲᠤᠯᠭᠠᠬᠤ ᠲᠦᠷᠢᠮ ᠢ | ᠲᠤᠤᠱᠯᠠᠭᠤᠯᠤᠨ ᠬᠡᠷᠡᠭᠵᠢᠭᠦᠯᠭᠦ ᠠᠷᠭ᠎ᠠ ᠶᠢ ᠴᠢᠩᠭᠠᠳᠬᠠᠵᠤ᠂ ︽ᠨᠢᠭᠡ ᠬᠡᠷᠡᠭ ᠬᠤᠤᠰ ᠪᠠᠶᠢᠴᠠᠭᠠᠬᠤ︾ ᠲᠦᠷᠢᠮ ᠢ | ᠪᠠᠷᠢᠮᠳᠠᠯᠠᠨ᠂ ᠬᠠᠷᠢᠭᠤᠴᠠᠯᠭ᠎ᠠ ᠲᠤᠯᠭᠠᠬᠤ ᠡᠷᠴᠢᠮ ᠢᠶᠠᠨ ᠴᠢᠩᠭᠠᠳᠬᠠᠵᠤ᠂ ᠨᠡᠶᠢᠳᠡᠯᠢᠭ ᠠᠰᠠᠭᠤᠳᠠᠯ ᠢ ᠢᠯᠡᠴᠢᠯᠡᠭᠦ | ᠬᠡᠷᠡᠭᠳᠡᠢ︔ ᠪᠤᠷᠤᠭᠤ ᠶᠢ ᠠᠭᠤᠴᠢᠯᠠᠬᠤ ᠬᠠᠷᠢᠭᠤᠴᠠᠯᠭ᠎ᠠ ᠶᠢ ᠬᠡᠯᠳᠦᠷᠢᠭᠦᠯᠭᠦ ᠪᠠ ᠪᠤᠷᠤᠭᠤ ᠶᠢ ᠵᠠᠯᠠᠷᠠᠭᠤᠯᠬᠤ | ᠬᠠᠷᠢᠭᠤᠴᠠᠯᠭ᠎ᠠ ᠲᠤᠯᠭᠠᠬᠤ ᠶᠢᠨ ᠬᠠᠷᠢᠴᠠᠭ᠎ᠠ ᠶᠢ ᠵᠦᠪ ᠡᠵᠡᠮᠰᠢᠵᠤ᠂ ᠲᠤᠷ᠎ᠡ ᠵᠤᠷᠢᠭ ᠤᠨ ᠬᠢᠳᠡᠯ ᠢ ᠵᠠᠯᠠᠷᠠᠭᠤᠯᠬᠤ | ᠪᠦᠭᠡᠳ ᠵᠤᠷᠢᠬᠳᠠᠢ ᠪᠠᠷ ᠬᠢᠭᠦ ᠶᠢ ᠵᠤᠷᠢᠬᠵᠢᠭᠤᠯᠬᠤ ᠬᠡᠷᠡᠭᠳᠡᠢ᠃ | ᠭᠤᠷᠪᠡ᠂ ᠤᠯᠤᠰ ᠲᠦᠷᠦ ᠶᠢᠨ ᠲᠤᠬᠳᠠᠯ ᠬᠦᠴᠦ ᠶᠢ ᠲᠤᠪᠤᠶᠢᠯᠭᠠᠵᠤ᠂ ᠲᠤᠭᠤᠷᠢᠨ ᠦᠵᠡᠭᠦ ᠲᠤᠭᠤᠷᠢᠨ | ᠪᠠᠶᠢᠴᠠᠭᠠᠬᠤ ᠰᠢᠰᠲ᠋ᠧᠮ ᠢ ᠪᠦᠷᠢᠨᠰᠢᠭᠦᠯᠦᠨ᠂ ᠠᠰᠠᠭᠤᠳᠠᠯ ᠢ ᠢᠯᠡᠷᠡᠭᠦᠯᠭᠦ ᠴᠢᠳᠠᠪᠤᠷᠢ ᠶᠢ ᠲᠡᠭᠡᠭᠰᠢᠯᠡᠭᠦᠯᠭᠦ ᠬᠡᠷᠡᠭᠳᠡᠢ᠃ | ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢ ᠬᠦᠨᠵᠡᠭᠡᠶᠢᠷᠡᠭᠦᠯᠦᠨ᠂ ᠨᠠᠮ ᠤᠨ ᠤᠳᠤᠷᠢᠳᠤᠯᠭ᠎ᠠ ᠰᠤᠯᠠᠷᠠᠬᠰᠠᠨ᠂ | ᠨᠠᠮ ᠤᠨ ᠪᠠᠶᠢᠭᠤᠯᠤᠯᠳᠠ ᠪᠠᠭᠤᠷᠠᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠬᠠᠤ ᠬᠦᠴᠦᠨ ᠬᠦᠷᠦᠯᠴᠡᠭᠦ ᠦᠭᠡᠢ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠵᠡᠷᠭᠡ ᠲᠠᠯ᠎ᠠ ᠳᠤ ᠤᠷᠤᠰᠢᠵᠤ | ᠪᠦᠬᠦᠢ ᠲᠤᠪᠤᠶᠢᠮ᠎ᠠ ᠠᠰᠠᠭᠤᠳᠠᠯ ᠢ ᠲᠦᠪᠯᠡᠷᠡᠭᠦᠯᠦᠨ ᠢᠯᠡᠷᠡᠭᠦᠯᠵᠤ ᠰᠢᠢᠳᠪᠦᠷᠢᠯᠡᠭᠦ ᠬᠡᠷᠡᠭᠳᠡᠢ︔ ᠲᠤᠭᠤᠷᠢᠨ | ᠪᠠᠶᠢᠴᠠᠭᠠᠬᠤ ᠲᠤᠬᠳᠠᠴᠠ ᠶᠢ ᠲᠡᠭᠦᠯᠳᠡᠷᠵᠢᠭᠦᠯᠦᠨ᠂ ᠢᠵᠢᠯ ᠠᠯᠬᠤᠮ᠂ ᠲᠡᠭᠡᠲᠦ ᠲᠤᠤᠷᠠᠲᠤ ᠱᠠᠳᠤ ᠬᠤᠯᠪᠤᠭᠠᠯᠠᠨ | ᠲᠠᠶᠢᠴᠢᠯᠠᠬᠤ ᠲᠤᠭᠤᠷᠢᠨ ᠦᠵᠡᠭᠦ ᠲᠤᠭᠤᠷᠢᠨ ᠪᠠᠶᠢᠴᠠᠭᠠᠬᠤ ᠶᠢ ᠨᠢᠭᠡ ᠴᠤᠬᠴᠠᠵᠢᠭᠤᠯᠤᠬᠰᠠᠨ ᠠᠵᠢᠯ ᠤᠨ | ᠪᠠᠶᠢᠷᠢᠰᠢᠯᠠᠭᠤᠯᠤᠯᠲᠠ ᠶᠢ ᠴᠤᠬᠴᠠᠯᠠᠬᠤ ᠬᠡᠷᠡᠭᠳᠡᠢ︔ ᠲᠤᠭᠤᠷᠢᠨ ᠦᠵᠡᠭᠦ ᠲᠤᠭᠤᠷᠢᠨ ᠪᠠᠶᠢᠴᠠᠭᠠᠬᠤ ᠨᠢ ᠴᠢᠭᠡᠴᠢ | ᠵᠠᠰᠠᠭ ᠤᠨ ᠲᠦᠭᠰᠢᠭᠦᠷᠢ ᠶᠢᠨ ᠴᠢᠳᠠᠪᠬᠢᠳᠦ ᠦᠢᠯᠡᠳᠦᠯ ᠢ ᠰᠠᠨᠠᠭᠠᠴᠢᠯᠠᠭ᠎ᠠ ᠠᠴᠠ ᠪᠠᠨ ᠰᠡᠷᠬᠡᠶᠢᠯᠡᠨ ᠡᠵᠡᠮᠳᠡᠵᠤ᠂ | ᠲᠤᠭᠤᠷᠢᠨ ᠦᠵᠡᠭᠦ ᠲᠤᠭᠤᠷᠢᠨ ᠪᠠᠶᠢᠴᠠᠭᠠᠬᠤ ᠡᠳᠡᠭᠡᠳ ᠤᠨ ᠴᠢᠭᠡᠴᠢ ᠵᠠᠰᠠᠭ ᠤᠨ ᠲᠦᠭᠰᠢᠭᠦᠷᠢ ᠶᠢ ᠰᠢᠯᠭᠠᠨ | ᠦᠨᠡᠯᠡᠭᠦ ᠲᠤᠬᠳᠠᠴᠠ ᠶᠢ ᠪᠠᠶᠢᠭᠤᠯᠵᠤ᠂ ᠤᠨᠢᠨ ᠲᠡᠭᠡᠷ᠎ᠡ ᠨᠢ ᠰᠡᠷᠬᠡᠶᠢᠯᠡᠨ ᠡᠵᠡᠮᠳᠡᠭᠦ᠂ ᠲᠤᠬᠳᠠᠮᠠᠯ ᠴᠡᠭ ᠢᠶᠠᠷ | ᠠᠷᠢᠯᠭᠠᠬᠤ ᠶᠢ ᠬᠡᠷᠡᠭᠵᠢᠭᠦᠯᠵᠤ ᠬᠡᠷᠡᠭ ᠤᠨ ᠡᠮᠦᠨ᠎ᠡ ᠬᠡᠷᠡᠭ ᠤᠨ ᠲᠤᠮᠳᠡ ᠬᠢᠨᠠᠯᠳᠠ ᠲᠠᠯᠪᠢᠬᠤ ᠶᠢ ᠴᠢᠩᠭᠠᠷᠠᠭᠤᠯᠬᠤ | ᠬᠡᠷᠡᠭᠳᠡᠢ᠃ | ᠲᠦᠷᠪᠡ᠂ ᠰᠤᠷᠳᠠᠯ ᠤᠨ ᠪᠠᠶᠢᠭᠤᠯᠤᠯᠳᠠ ᠶᠢ ᠨᠡᠩ ᠨᠠᠷᠢᠯᠢᠭ ᠪᠦᠭᠡᠳ ᠪᠤᠳᠠᠳᠠᠢ ᠠᠳᠬᠤᠬᠤ ᠬᠡᠷᠡᠭᠳᠡᠢ᠃ | ᠲᠦᠪ ᠤᠨ ᠨᠠᠶᠢᠮᠠᠨ ᠲᠤᠬᠳᠠᠭᠠᠯ ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ ᠢᠵᠢ | ᠪᠦᠷᠢᠳᠦᠭᠦᠯᠦᠭᠰᠡᠨ 28 ᠲᠤᠬᠳᠠᠭᠠᠯ ᠢ ᠤᠮᠳᠤᠭᠠᠶᠢᠯᠠᠬᠤ᠂ ᠰᠤᠷᠳᠠᠯ ᠢ ᠲᠡᠷᠰᠯᠡᠨ ᠰᠠᠬᠢᠯᠭ᠎ᠠ ᠪᠠᠳᠤ ᠶᠢ ᠵᠦᠷᠢᠴᠡᠭᠦ | ᠠᠵᠢᠯᠯᠠᠭ᠎ᠠ ᠶᠢ ᠨᠢᠬᠳᠠ ᠠᠩᠬᠠᠷᠴᠤ᠂ ︽ᠲᠦᠷᠪᠡᠨ ᠰᠤᠷᠳᠠᠯ︾ ᠤᠨ ᠠᠰᠠᠭᠤᠳᠠᠯ ᠤᠨ ᠨᠢᠭᠤᠬᠳᠠᠮᠠᠯ ᠪᠠᠶᠢᠳᠠᠯ ᠪᠠ | ᠬᠤᠪᠢᠷᠠᠮᠠᠳᠠᠭᠠᠢ ᠪᠠᠶᠢᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠡᠳᠦᠷ ᠲᠤᠳᠤᠮ ᠤᠨ ᠬᠢᠨᠠᠯᠳᠠ ᠲᠠᠯᠪᠢᠬᠤ | ᠪᠠᠶᠢᠴᠠᠭᠠᠯᠳᠠ ᠪᠠ ᠲᠤᠰᠬᠠᠢ ᠲᠦᠷᠦᠯ ᠤᠨ ᠪᠠᠶᠢᠴᠠᠭᠠᠯᠳᠠ ᠶᠢ ᠴᠢᠩᠭᠠᠷᠠᠭᠤᠯᠵᠤ᠂ ᠬᠠᠷᠢᠭᠤᠴᠠᠯᠭ᠎ᠠ ᠡᠭᠦᠷᠬᠡᠯᠡᠭᠦ ᠠᠴᠠ | ᠵᠢᠷᠤᠬᠡᠰᠢᠶᠡᠭᠦ᠂ ᠬᠠᠷᠢᠭᠤᠴᠠᠯᠭ᠎ᠠ ᠡᠭᠦᠷᠬᠡᠯᠡᠭᠦ ᠲᠤᠷ᠎ᠠ ᠦᠭᠡᠢ᠂ ᠰᠤᠷᠳᠠᠯ ᠨᠠᠵᠠᠭᠠᠶᠢᠷᠠᠬᠤ᠂ ᠦᠷ᠎ᠡ ᠪᠦᠳᠦᠮᠵᠢ ᠲᠤᠤᠷ᠎ᠠ | ᠵᠡᠷᠭᠡ ᠠᠰᠠᠭᠤᠳᠠᠯ ᠢ ᠬᠦᠴᠦᠯᠡᠨ ᠴᠡᠭᠴᠡᠯᠡᠵᠤ᠂ ᠲᠡᠭᠡᠲᠦ ᠱᠠᠳᠤ ᠨᠢ ᠲᠦᠷᠦ ᠶᠢᠨ ᠪᠤᠳᠤᠯᠭ᠎ᠠ ᠲᠠᠢ᠂ ᠲᠤᠤᠷᠠᠲᠤ | ᠱᠠᠳᠤ ᠨᠢ ᠠᠷᠭ᠎ᠠ ᠪᠤᠳᠤᠯᠭ᠎ᠠ ᠲᠠᠢ᠂ ᠵᠢᠭᠠᠪᠤᠷᠢ ᠪᠠᠶᠢᠭᠠᠳ ᠬᠦᠢᠴᠡᠳᠭᠡᠭᠦ ᠦᠭᠡᠢ᠂ ᠴᠠᠭᠠᠵᠠᠯᠠᠵᠤ ᠪᠠᠶᠢᠬᠤ ᠳᠤ | ᠵᠤᠬᠰᠤᠬᠤ ᠦᠭᠡᠢ ᠵᠡᠷᠭᠡ ᠲᠤᠷ᠎ᠠ ᠵᠤᠷᠢᠭ ᠤᠨ ᠬᠢᠳᠡᠯ ᠤᠨ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠵᠤ᠂ | ᠪᠤᠳᠠᠳᠠᠢ ᠲᠦᠷᠢᠮ ᠢᠶᠠᠷ ᠠᠰᠠᠭᠤᠳᠠᠯ ᠲᠠᠢ ᠬᠦᠮᠦᠰ ᠢ ᠬᠠᠮᠢᠶᠠᠷᠴᠤ᠂ ᠦᠨᠡᠨᠴᠢ ᠬᠢᠨᠠᠯᠳᠠ ᠪᠠᠷ ᠦᠨᠡᠨᠴᠢ ᠪᠤᠰᠤ | ᠬᠦᠮᠦᠰ ᠢ ᠬᠠᠮᠢᠶᠠᠷᠬᠤ ᠬᠡᠷᠡᠭᠳᠡᠢ᠃ | ᠲᠠᠪᠤ᠂ ᠰᠠᠬᠢᠯᠭ᠎ᠠ ᠪᠠᠳᠤ ᠶᠢ ᠬᠡᠷᠡᠭᠵᠢᠭᠦᠯᠭᠦ ᠬᠢᠨᠠᠯᠳᠠ ᠲᠠᠯᠪᠢᠬᠤ ︽ᠲᠦᠷᠪᠡᠨ ᠵᠦᠢᠯ ᠤᠨ ᠬᠡᠯᠪᠡᠷᠢ ᠪᠠᠶᠢᠳᠠᠯ︾ | ᠢ ᠨᠡᠶᠢᠳᠡᠪᠦᠷᠢᠵᠢᠭᠤᠯᠵᠤ᠂ ᠤᠯᠠᠩᠬᠢ ᠲᠤᠭ᠎ᠠ ᠶᠢ ᠴᠢᠩᠭ᠎ᠠ ᠬᠠᠮᠢᠶᠠᠷᠴᠤ᠂ ᠲᠦᠢᠯ ᠤᠨ ᠴᠦᠭᠡᠨ ᠲᠤᠭ᠎ᠠ ᠶᠢ ᠡᠷᠡᠰ | ᠪᠠᠶᠢᠴᠠᠭᠠᠨ ᠰᠢᠢᠳᠪᠦᠷᠢᠯᠡᠭᠦ ᠬᠡᠷᠡᠭᠳᠡᠢ᠃ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠤᠨᠴᠠᠭᠠᠶᠢᠯᠠᠨ ᠨᠢᠭᠡᠳᠦᠭᠡᠷ | ᠵᠦᠢᠯ ᠤᠨ ᠬᠡᠯᠪᠡᠷᠢ ᠪᠠᠶᠢᠳᠠᠯ ᠢ ᠵᠦᠪ ᠡᠵᠡᠮᠰᠢᠨ ᠠᠰᠢᠬᠯᠠᠵᠤ᠂ ᠡᠷᠳᠡ ᠠᠳᠬᠤᠵᠤ ᠪᠠᠭ᠎ᠠ ᠠᠴᠠ ᠨᠢ ᠠᠳᠬᠤᠵᠤ᠂ | ᠠᠰᠠᠭᠤᠳᠠᠯ ᠡᠭᠦᠰᠪᠡᠯ ᠬᠠᠷᠢᠭᠤᠴᠠᠯᠭ᠎ᠠ ᠨᠡᠭᠡᠮᠵᠢᠯᠡᠭᠦ ᠱᠠᠭᠠᠷᠳᠠᠯᠭ᠎ᠠ ᠶᠢ ᠨᠠᠷᠢᠯᠢᠬᠵᠢᠭᠤᠯᠤᠨ ᠪᠤᠳᠠᠳᠠᠶᠢᠵᠢᠭᠤᠯᠬᠤ | ᠬᠡᠷᠡᠭᠳᠡᠢ︔ ︽ᠨᠢᠭᠡ ᠬᠡᠷᠡᠭ ᠭᠤᠷᠪᠠ ᠮᠡᠳᠡᠭᠦᠯᠭᠦ︾ ᠲᠦᠷᠢᠮ ᠢ ᠴᠢᠩᠭ᠎ᠠ ᠬᠡᠷᠡᠭᠵᠢᠭᠦᠯᠵᠤ᠂ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ᠂ ᠤᠯᠠᠨ ᠲᠦᠮᠡᠨ ᠤ ᠪᠦᠯᠬᠦᠮ ᠤᠨ ᠴᠢᠨᠠᠷᠳᠠᠢ ᠬᠡᠷᠡᠭ ᠪᠠ ᠠᠮᠤᠷ ᠲᠦᠪᠰᠢᠨ ᠤ ᠠᠳᠡᠯ | ᠤᠨ ᠠᠷᠤ ᠳᠠᠬᠢ ᠢᠯᠵᠢᠷᠠᠯ ᠤᠨ ᠠᠰᠠᠭᠤᠳᠠᠯ ᠢ ᠬᠦᠨᠵᠡᠭᠡᠢ ᠵᠠᠳᠠᠯᠤᠨ᠂ ᠪᠠᠶᠢᠴᠠᠭᠠᠨ ᠰᠢᠢᠳᠪᠦᠷᠢᠯᠡᠭᠦ ᠬᠡᠷᠡᠭᠳᠡᠢ︔ | ᠨᠡᠶᠢᠳᠡᠯᠢᠭ ᠬᠡᠷᠡᠭ ᠢ ᠬᠦᠨᠵᠡᠭᠡᠢ ᠵᠠᠳᠠᠯᠵᠤ᠂ ᠰᠠᠬᠢᠯᠭ᠎ᠠ ᠪᠠᠳᠤ ᠶᠢ ᠵᠦᠷᠢᠴᠡᠭᠰᠡᠨ ᠬᠠᠤᠯᠢ ᠶᠢ ᠵᠦᠷᠢᠴᠡᠭᠰᠡᠨ ᠺᠠᠳ᠋ᠷᠴᠤᠳ | ᠤᠨ ᠬᠡᠮᠰᠢᠯ ᠤᠨ ᠦᠭᠡ ᠶᠢ ᠰᠠᠶᠢᠳᠤᠷ ᠠᠰᠢᠬᠯᠠᠨ᠂ ᠴᠢᠭᠡᠴᠢ ᠵᠠᠰᠠᠭ ᠤᠨ ᠰᠤᠶᠤᠯ ᠤᠨ ᠪᠠᠶᠢᠭᠤᠯᠤᠯᠳᠠ ᠶᠢ | ᠴᠢᠩᠭᠠᠳᠬᠠᠵᠤ᠂ ᠰᠢᠯᠢᠳᠡᠭ ᠨᠠᠮ ᠤᠨ ᠰᠤᠷᠳᠠᠯ ᠢᠶᠠᠷ ᠤᠯᠤᠰ ᠲᠦᠷᠦ ᠶᠢᠨ ᠰᠤᠷᠳᠠᠯ ᠨᠡᠶᠢᠭᠡᠮ ᠤᠨ ᠰᠤᠷᠳᠠᠯ ᠠᠷᠠᠳ | ᠤᠨ ᠰᠤᠷᠳᠠᠯ ᠢ ᠲᠠᠶᠢᠴᠢᠯᠠᠬᠤ ᠬᠡᠷᠡᠭᠳᠡᠢ᠃ | ᠵᠢᠷᠭᠤᠭ᠎ᠠ᠂ ᠠᠷᠠᠳ ᠤᠨ ᠠᠮᠢᠳᠤᠷᠠᠯ ᠤᠨ ᠬᠢᠨᠠᠯᠳᠠ ᠶᠢ ᠴᠢᠩᠭᠠᠳᠬᠠᠵᠤ᠂ ᠤᠯᠠᠨ ᠲᠦᠮᠡᠨ ᠤ ᠠᠰᠢᠭ | ᠲᠤᠰᠠ ᠶᠢ ᠬᠤᠬᠢᠷᠠᠭᠤᠯᠤᠬᠰᠠᠨ ᠲᠦᠪ ᠪᠤᠰᠤ ᠰᠤᠷᠳᠠᠯ ᠪᠠ ᠢᠯᠵᠢᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠭᠦ ᠬᠡᠷᠡᠭᠳᠡᠢ᠃ ᠶᠠᠳᠠᠭᠤ ᠶᠢ ᠲᠡᠳᠭᠦᠭᠦ᠂ ᠮᠠᠯ ᠠᠵᠤ ᠠᠬᠤᠢ ᠲᠠᠷᠢᠶᠠᠯᠠᠩ ᠤᠨ ᠬᠦᠷᠢᠶ᠎ᠡ ᠳᠤ | ᠬᠤᠯᠪᠤᠬᠳᠠᠬᠰᠠᠨ ᠲᠦᠪ ᠪᠤᠰᠤ ᠰᠤᠷᠳᠠᠯ ᠪᠠ ᠢᠯᠵᠢᠷᠠᠯ ᠤᠨ ᠠᠰᠠᠭᠤᠳᠠᠯ ᠢ ᠴᠢᠩᠭ᠎ᠠ ᠴᠡᠭᠴᠡᠯᠡᠵᠤ᠂ ᠶᠠᠳᠠᠭᠤ ᠶᠢ | ᠲᠡᠳᠭᠦᠭᠦ ᠪᠡᠯᠡ ᠮᠦᠩᠭᠦ ᠶᠢ ᠱᠠᠮᠰᠢᠵᠤ ᠰᠢᠯᠵᠢᠭᠦᠯᠦᠨ ᠬᠡᠷᠡᠭᠯᠡᠭᠰᠡᠨ᠂ ᠦᠯᠡᠳᠡᠭᠡᠵᠤ ᠬᠤᠪᠢᠳᠠᠨ ᠠᠪᠤᠬᠰᠠᠨ᠂ | ᠬᠤᠳᠠᠯ ᠢᠶᠠᠷ ᠮᠡᠳᠡᠭᠦᠯᠦᠨ ᠮᠡᠭᠡᠯᠡᠨ ᠤᠯᠤᠬᠰᠠᠨ᠂ ᠤᠯᠠᠨ ᠲᠦᠮᠡᠨ ᠠᠴᠠ ᠪᠠᠷᠢᠮᠵᠢᠶ᠎ᠠ ᠪᠤᠯᠤᠨ ᠬᠡᠪᠴᠢᠶ᠎ᠠ ᠠᠴᠠ | ᠬᠡᠳᠦᠷᠡᠭᠰᠡᠨ ᠪᠡᠯᠡ ᠮᠦᠩᠭᠦ ᠴᠤᠬᠯᠠᠭᠤᠯᠤᠬᠰᠠᠨ᠂ ᠬᠤᠪᠢᠶᠠᠷᠢᠯᠠᠨ ᠨᠤᠬᠳᠠᠭᠤᠯᠬᠤ ᠵᠠᠷᠤᠳᠠᠯ ᠵᠡᠷᠭᠡ ᠠᠰᠠᠭᠤᠳᠠᠯ ᠢ | ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠭᠦ ᠬᠡᠷᠡᠭᠳᠡᠢ︔ ᠦᠨᠳᠦᠰᠦᠨ ᠱᠠᠳᠤᠨ ᠤ ᠢᠯᠵᠢᠷᠠᠯ ᠢ ᠡᠰᠡᠷᠭᠦᠴᠡᠭᠦ | ᠲᠤᠰᠬᠠᠢ ᠠᠵᠢᠯᠯᠠᠭ᠎ᠠ ᠦᠷᠨᠢᠭᠦᠯᠵᠤ᠂ ᠬᠤᠳᠠᠯ ᠢᠶᠠᠷ ᠮᠡᠭᠡᠯᠡᠨ ᠤᠯᠬᠤ᠂ ᠲᠡᠭᠡᠲᠦ ᠲᠤᠤᠷᠠᠲᠤ ᠱᠠᠳᠤᠨ ᠤ ᠬᠢ ᠪᠠᠨ | ᠮᠡᠭᠡᠯᠡᠨ ᠤᠯᠬᠤ᠂ ᠲᠡᠰ ᠲᠡᠰ ᠢᠶᠠᠷ ᠮᠡᠯᠵᠢᠭᠦ᠂ ᠲᠤᠳᠤᠭᠠᠳᠦ ᠭᠠᠳᠠᠭᠠᠳᠦ ᠲᠠᠢ ᠰᠦᠯᠪᠡᠭᠡᠯᠡᠨ ᠱᠠᠮᠰᠢᠬᠤ᠂ ᠭᠠᠭᠴᠠᠭᠠᠷ | ᠡᠵᠡᠷᠬᠡᠨ ᠪᠤᠯᠢᠶᠠᠬᠤ᠂ ᠰᠠᠳᠤᠨ ᠲᠦᠷᠦᠯ ᠨᠠᠶᠢᠵᠢ ᠨᠦᠬᠦᠳ ᠢᠶᠠᠨ ᠦᠮᠦᠬᠡᠷᠡᠭᠦ᠂ ᠠᠷᠠᠳ ᠤᠨ ᠵᠠᠩ ᠵᠠᠩᠰᠢᠯ ᠢ | ᠠᠰᠢᠬᠯᠠᠨ ᠵᠤᠭᠤᠰ ᠬᠢᠬᠠᠬᠤ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠬᠤ ᠬᠡᠷᠡᠭᠳᠡᠢ᠃ | ᠲᠤᠯᠤᠭ᠎ᠠ᠂ ᠦᠭᠡᠷᠡᠴᠢᠯᠡᠯᠳᠡ ᠶᠢᠨ ᠰᠢᠨ᠎ᠡ ᠶᠢ ᠡᠭᠦᠳᠭᠦ ᠡᠷᠴᠢᠮ ᠢ ᠴᠢᠩᠭᠠᠷᠠᠭᠤᠯᠵᠤ᠂ ᠰᠠᠬᠢᠯᠭ᠎ᠠ ᠪᠠᠳᠤ | ᠪᠠᠶᠢᠴᠠᠭᠠᠬᠤ ᠪᠠᠶᠢᠭᠤᠯᠤᠮᠵᠢ ᠲᠤᠬᠳᠠᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠪᠠᠳᠠᠷᠠᠭᠤᠯᠬᠤ | ᠬᠡᠷᠡᠭᠳᠡᠢ᠃ ᠰᠠᠬᠢᠯᠭ᠎ᠠ ᠪᠠᠳᠤ ᠪᠠᠶᠢᠴᠠᠭᠠᠬᠤ ᠠᠵᠢᠯ ᠤᠨ ᠬᠤᠤᠰ ᠤᠳᠤᠷᠢᠳᠤᠯᠭ᠎ᠠ ᠶᠢᠨ ᠪᠤᠳᠠᠳᠠᠶᠢᠵᠢᠵᠤ ᠲᠦᠷᠢᠮᠵᠢᠬᠦ | ᠶᠠᠪᠤᠴᠠ ᠶᠢ ᠠᠬᠢᠭᠤᠯᠵᠤ᠂ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ᠂ ᠡᠮᠬᠢ ᠲᠠᠷᠠᠭᠠᠯᠠᠯ ᠶᠢ ᠨᠠᠷᠢᠯᠢᠬᠵᠢᠭᠤᠯᠦᠨ᠂ | ᠰᠢᠯᠭᠠᠨ ᠦᠨᠡᠯᠡᠭᠦ ᠲᠤᠬᠳᠠᠴᠠ ᠶᠢ ᠲᠡᠭᠦᠯᠳᠡᠷᠵᠢᠭᠦᠯᠵᠤ᠂ ᠬᠠᠮᠢᠶ᠎ᠠ ᠪᠦᠬᠦᠢ ᠬᠠᠮᠢᠶᠠᠷᠤᠯᠳᠠ ᠶᠢᠨ ᠲᠦᠷᠢᠮ ᠢ | ᠪᠦᠷᠢᠨᠰᠢᠭᠦᠯᠭᠦ ᠬᠡᠷᠡᠭᠳᠡᠢ︔ ᠠᠶᠢᠮᠠᠭ ᠬᠤᠳᠠ᠂ ᠬᠤᠰᠢᠭᠤ ᠰᠢᠶᠠᠨ ᠤ ᠲᠤᠮᠢᠯᠠᠨ ᠰᠠᠭᠤᠯᠭᠠᠬᠰᠠᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢᠨ ᠠᠬᠢᠴᠠ ᠶᠢ ᠲᠦᠷᠭᠡᠳᠭᠡᠵᠤ᠂ ᠰᠢᠯᠭᠠᠨ ᠦᠨᠡᠯᠡᠭᠦ ᠠᠷᠭ᠎ᠠ ᠬᠡᠯᠪᠡᠷᠢ ᠶᠢ ᠰᠠᠶᠢᠵᠢᠷᠠᠭᠤᠯᠦᠨ᠂ | ᠰᠢᠯᠭᠠᠨ ᠦᠨᠡᠯᠡᠭᠦ ᠬᠦᠢᠴᠡᠳᠭᠡᠭᠦ ᠲᠤᠭ᠎ᠠ ᠶᠢ ᠲᠤᠬᠢᠷᠠᠭᠤᠯᠵᠤ᠂ ᠰᠢᠮᠳᠠᠭᠤᠯᠤᠨ ᠠᠬᠢᠭᠤᠯᠵᠤ ᠵᠢᠯᠤᠭᠤᠳᠬᠤ ᠪᠠᠨ | ᠴᠢᠩᠭᠠᠳᠬᠬᠤ ᠬᠡᠷᠡᠭᠳᠡᠢ︔ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠭ᠎ᠠ ᠶᠢᠨ ᠲᠤᠳᠤᠭᠠᠳᠤ ᠶᠢᠨ ᠲᠤᠬᠳᠠᠴᠠ ᠶᠢᠨ | ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠲᠤᠳᠤᠭᠠᠳᠦ ᠳᠤ ᠪᠠᠶᠢᠷᠢᠯᠠᠭᠤᠯᠤᠬᠰᠠᠨ ᠪᠠᠶᠢᠭᠤᠯᠤᠮᠵᠢ ᠶᠢ ᠲᠤᠬᠢᠷᠠᠭᠤᠯᠤᠨ | ᠂ ᠰᠠᠬᠢᠯᠭ᠎ᠠ ᠪᠠᠳᠤ ᠶᠢ ᠬᠡᠷᠡᠭᠵᠢᠭᠦᠯᠭᠦ ᠳᠤ ᠬᠢᠨᠠᠯᠳᠠ ᠲᠠᠯᠪᠢᠬᠤ ᠬᠢᠭᠡᠳ ᠰᠠᠬᠢᠯᠭ᠎ᠠ ᠪᠠᠳᠤ ᠶᠢ ᠬᠡᠷᠡᠭᠵᠢᠭᠦᠯᠭᠦ ᠶᠢ ᠬᠢᠨᠠᠨ | ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠶᠢ ᠰᠠᠯᠭᠠᠬᠤ ᠬᠡᠷᠡᠭᠳᠡᠢ︔ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ | ᠬᠡᠰᠢᠭᠦᠨ ᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠲᠤᠳᠤᠷᠬᠠᠶᠢᠯᠠᠨ᠂ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠠ ᠶᠢᠨ ᠬᠡᠰᠢᠭᠦᠨ ᠤ ᠡᠭᠦᠷᠭᠡ ᠴᠢᠳᠠᠪᠬᠢ ᠦᠢᠯᠡᠳᠦᠯ ᠢ ᠪᠠᠳᠠᠷᠠᠭᠤᠯᠬᠤ ᠬᠡᠷᠡᠭᠳᠡᠢ︔ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠰᠠᠶᠢᠳᠤᠷ ᠬᠢᠭᠦ | ᠬᠡᠷᠡᠭᠳᠡᠢ᠃ | ᠨᠠᠢᠮᠠ᠂ ᠰᠢᠨ᠎ᠡ ᠭᠠᠷᠤᠭ᠎ᠠ ᠳᠤ ᠵᠤᠬᠰᠤᠨ᠂ ᠰᠢᠨ᠎ᠡ ᠲᠡᠤᠭᠡᠳᠦ ᠡᠭᠦᠷᠭᠡ ᠶᠢ ᠡᠭᠦᠷᠬᠡᠯᠡᠵᠤ᠂ ᠰᠠᠬᠢᠯᠭ᠎ᠠ | ᠪᠠᠳᠤ ᠶᠢ ᠬᠡᠷᠡᠭᠵᠢᠭᠦᠯᠭᠦ ᠳᠤ ᠬᠢᠨᠠᠯᠳᠠ ᠲᠠᠯᠪᠢᠬᠤ ᠪᠤᠯᠤᠳ ᠴᠡᠷᠢᠭ ᠢ ᠴᠤᠬᠴᠠᠯᠠᠬᠤ ᠬᠡᠷᠡᠭᠳᠡᠢ᠃ ᠦᠵᠡᠯ ᠰᠠᠨᠠᠭ᠎ᠠ | ᠴᠢᠩᠭ᠎ᠠ᠂ ᠰᠤᠷᠳᠠᠯ ᠴᠢᠩᠭ᠎ᠠ᠂ ᠬᠡᠪ ᠪᠤᠯᠪᠠᠰᠤᠷᠠᠯ ᠴᠢᠩᠭ᠎ᠠ᠂ ᠬᠡᠷᠡᠭᠵᠢᠭᠦᠯᠦᠯᠳᠡ ᠴᠢᠩᠭ᠎ᠠ᠂ ᠤᠳᠤᠷᠢᠳᠤᠯᠭ᠎ᠠ ᠴᠢᠩᠭ᠎ᠠ | ᠬᠠᠷᠠᠯᠳᠠ ᠶᠢᠨ ᠱᠠᠭᠠᠷᠳᠠᠯᠭ᠎ᠠ ᠶᠤᠰᠤᠭᠠᠷ᠂ ᠪᠦᠬᠦ ᠤᠷᠤᠨ ᠤ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ | ᠪᠠᠶᠢᠭᠤᠯᠭ᠎ᠠ ᠳᠤ ︽ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ︾ ᠶᠢᠨ ᠠᠵᠢᠯᠯᠠᠭ᠎ᠠ ᠶᠢ | ᠦᠷᠭᠡᠨ ᠲᠡᠯᠭᠡᠷ ᠦᠷᠨᠢᠭᠦᠯᠵᠤ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠭᠦᠷᠬᠡᠯᠡᠭᠦ ᠶᠢ | ᠦᠢᠯᠡᠳᠦᠯᠭᠡᠵᠢᠭᠦᠯᠦᠨ᠂ ᠤᠯᠤᠰ ᠲᠦᠷᠦ ᠶᠢ ᠡᠷᠬᠢᠮᠯᠡᠭᠦ᠂ ᠶᠡᠭᠡ ᠲᠠᠯ᠎ᠠ ᠶᠢ ᠪᠤᠳᠤᠯᠬᠢᠯᠠᠬᠤ᠂ ᠵᠤᠷᠢᠬᠳᠠᠢ ᠪᠠᠷ ᠦᠩᠭᠡᠨ | ᠲᠠᠯ᠎ᠠ ᠠᠴᠠ ᠨᠢ ᠵᠠᠰᠠᠬᠤ᠂ ᠦᠨᠳᠦᠰᠦᠨ ᠠᠴᠠ ᠨᠢ ᠵᠠᠰᠠᠬᠤ ᠳᠤ ᠴᠢᠳᠠᠮᠠᠭᠠᠢ ᠰᠠᠬᠢᠯᠭ᠎ᠠ ᠪᠠᠳᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡ ᠶᠢ ᠴᠤᠬᠴᠠᠯᠠᠬᠤ ᠬᠡᠷᠡᠭᠳᠡᠢ᠃ | ᠪᠦᠬᠦᠳᠡ ᠬᠤᠷᠠᠯ ᠠᠴᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠰᠢ ᠶᠢᠨ | ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠬᠳᠠᠷᠡᠨ ᠪᠦᠯᠬᠦᠮᠳᠡᠵᠤ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠨ᠎ᠡ ᠤᠳᠤᠷᠢᠳᠬᠤ ᠪᠠᠭ᠂ ᠰᠢᠨ᠎ᠡ ᠰᠡᠳᠭᠢᠴᠡ ᠶᠢᠨ | ᠵᠦᠪ ᠤᠨᠤᠪᠴᠢᠳᠠᠢ ᠵᠢᠯᠤᠭᠤᠳᠤᠯᠭ᠎ᠠ ᠲᠤᠤᠷ᠎ᠠ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ | ᠬᠦᠢᠴᠡᠳᠭᠡᠨ᠂ ᠵᠤᠷᠢᠬᠳᠠᠢ ᠪᠠᠷ ᠡᠬᠦᠷᠭᠡᠯᠡᠵᠤ᠂ ᠦᠪᠡᠷᠳᠡᠭᠡᠨ ᠵᠠᠰᠠᠬᠤ ᠤᠷᠤᠨ ᠤ ᠰᠢᠨ᠎ᠠ ᠪᠠᠶᠢᠳᠠᠯ᠂ ᠰᠢᠨ᠎ᠡ ᠲᠦᠷᠢ | ᠲᠦᠷᠭᠦ ᠲᠠᠢ ᠰᠠᠶᠢᠨ ᠰᠠᠶᠢᠬᠠᠨ ᠶᠡᠭᠡ ᠲᠠᠯ᠎ᠠ ᠶᠢᠨ ᠪᠠᠶᠢᠳᠠᠯ ᠲᠤᠤᠷ᠎ᠠ᠂ ᠪᠠᠶᠢᠷᠢ ᠲᠤᠬᠳᠠᠭᠠᠯᠳᠠ ᠪᠠᠨ ᠤᠨᠤᠪᠴᠢᠳᠠᠢ | ᠡᠷᠢᠵᠤ᠂ ᠨᠠᠮ ᠪᠤᠯᠤᠨ ᠠᠷᠠᠳ ᠲᠦᠮᠡᠨ ᠳᠤ ᠬᠠᠨᠤᠮᠵᠢᠳᠠᠢ ᠬᠠᠷᠢᠭᠤᠯᠲᠠ ᠥᠭᠬᠦ ᠭᠡᠷᠡᠭᠳᠡᠢ ᠭᠡᠵᠤ ᠤᠷᠢᠶᠠᠯᠠᠪᠠ᠃ |