1 ᠳ᠋ᠦ᠋ᠭᠡᠷ ᠰᠠᠷ᠎ᠠ ᠶᠢᠨ 13 ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠳᠤ | ᠤᠷᠤᠯᠴᠠᠵᠤ ᠪᠠᠶᠢᠭ᠎ᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ᠂ ᠦᠪᠡᠷᠲᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ | ᠠᠵᠢᠯ ᠤᠨ ᠮᠡᠳᠡᠭᠦᠯᠦᠯᠳᠡ ᠪᠠ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠬᠡᠷ ᠬᠤᠷᠠᠯ ᠠᠴᠠ | ᠨᠠᠰᠢᠬᠢ ᠰᠠᠨᠠᠯ ᠲᠤᠷᠠᠳᠤᠯᠭ᠎ᠠ ᠶᠢᠨ ᠠᠵᠢᠯ ᠤᠨ ᠮᠡᠳᠡᠭᠦᠯᠦᠯᠳᠡ ᠶᠢ ᠲᠤᠭᠤᠶᠢᠯᠠᠩ ᠬᠤᠪᠢᠶᠠᠨ ᠬᠢᠨᠠᠨ ᠵᠦᠪᠯᠡᠪᠠ᠃ | ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠬᠢᠨᠠᠨ ᠵᠦᠪᠯᠡᠬᠦ ᠳᠡᠭᠡᠨ ᠬᠡᠰᠢᠭᠦᠳ ᠠᠴᠠ᠂ | ᠮᠡᠳᠡᠭᠦᠯᠦᠯᠳᠡ ᠨᠢ ︽ᠵᠦᠪ ᠤᠨᠤᠪᠴᠢᠲᠠᠢ ᠤᠯᠤᠰ ᠲᠦᠷᠦ ᠶᠢᠨ ᠴᠢᠭᠯᠡᠯᠲᠡ ᠶᠢ ᠪᠠᠷᠢᠮᠳᠠᠯᠠᠵᠤ᠂ ᠦᠵᠡᠯ ᠰᠠᠨᠠᠭ᠎ᠠ | ᠬᠠᠮᠲᠦ ᠶᠢᠨ ᠲᠠᠨᠢᠯᠲᠠ ᠪᠠᠨ ᠴᠢᠷᠮᠠᠶᠢᠨ ᠲᠡᠭᠡᠭᠰᠢᠯᠡᠬᠦᠯᠪᠠ︾᠂ ︽ᠭᠤᠤᠯ ᠠᠵᠢᠯ ᠤᠨ ᠲᠤᠭᠤᠷᠢᠨ ᠳᠤ ᠲᠦᠷᠦ ᠶᠢᠨ | ᠶᠠᠪᠤᠳᠠᠯ ᠢ ᠵᠦᠪᠯᠡᠨ ᠠᠷᠭ᠎ᠠ ᠤᠬᠠᠭᠠᠨ ᠭᠠᠷᠭᠠᠵᠤ ︿13·5﹀ ᠶᠢᠨ ᠲᠦ᠋ᠯᠦᠪᠵᠢᠬᠦᠯᠭᠡ ᠶᠢ ᠲᠦᠯᠬᠢᠨ ᠠᠬᠢᠭᠤᠯᠵᠦ | ᠰᠠᠶᠢᠨ ᠰᠠᠶᠢᠬᠠᠨ ᠡᠬᠢᠯᠡᠯᠳᠠ ᠶᠢ ᠪᠠᠶᠠᠯᠠᠬᠦᠯᠪᠠ︾᠂ ︽ᠪᠦᠯᠬᠦᠮᠳᠡᠨ ᠬᠠᠮᠳᠤᠷᠠᠨ ᠠᠵᠢᠯᠯᠠᠬᠤ ᠲᠠᠪᠠᠭᠤᠯᠢᠭ ᠢᠶᠠᠨ | ᠪᠠᠳᠠᠷᠠᠭᠤᠯᠤᠨ᠂ ᠠᠷᠠᠳ ᠢᠶᠠᠨ ᠪᠠᠶᠠᠵᠢᠭᠤᠯᠵᠤ ᠤᠷᠤᠨ ᠢᠶᠠᠨ ᠬᠦᠴᠦᠷᠭᠡᠭᠵᠢᠭᠦᠯᠬᠦ ᠳᠤ ᠤᠶᠤᠨ ᠤᠬᠠᠭᠠᠨ ᠬᠦᠴᠤᠨ | ᠴᠢᠳᠠᠯ ᠢᠶᠠᠨ ᠨᠢᠬᠳᠠᠷᠠᠭᠤᠯᠪᠠ︾ ᠭᠡᠬᠦ ᠵᠡᠷᠭᠡ 5 ᠲᠠᠯ᠎ᠠ ᠠᠴᠠ ᠲᠤᠰ ᠬᠤᠭᠤᠴᠠᠭᠠᠨ ᠤ ᠤᠯᠤᠰ ᠲᠦᠷᠦ ᠶᠢᠨ | ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ 2016 ᠤᠨ ᠳᠤ ᠤᠯᠤᠬᠰᠠᠨ ᠠᠮᠵᠢᠯᠲᠠ ᠶᠢ ᠡᠷᠭᠢᠴᠡᠭᠦᠯᠦᠨ | ᠳ᠋ᠦᠡᠭᠨᠡᠵᠦ᠂ ᠤᠷᠤᠰᠢᠵᠦ ᠪᠠᠶᠢᠭ᠎ᠠ ᠵᠦᠷᠢᠶ᠎ᠡ ᠪᠤᠯᠤᠨ ᠬᠦᠷᠦᠯᠴᠡᠬᠦ ᠦᠭᠡᠢ ᠲᠠᠯ᠎ᠠ ᠪᠠᠨ ᠵᠢᠭᠠᠨ ᠭᠠᠷᠭᠠᠵᠤ᠂ | ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ | ᠨᠡᠶᠢᠳᠡᠪᠦᠷᠢᠵᠢᠭᠤᠯᠬᠤ ᠶᠢ ᠤᠳᠤᠬᠠᠨ ᠤ ᠲᠤᠰᠢᠶᠠᠯ ᠬᠠᠷᠢᠭᠤᠴᠠᠯᠭ᠎ᠠ ᠪᠠ ᠡᠭᠦᠷᠭᠡ ᠪᠤᠯᠭᠠᠵᠤ᠂ 2017 ᠤᠨ ᠤ | ᠤᠯᠤᠰ ᠲᠦᠷᠦ ᠶᠢᠨ ᠵᠦᠪᠯᠡᠯᠭᠡᠨ ᠤ ᠠᠵᠢᠯ ᠳᠤ ᠶᠡᠷᠦᠩᠬᠡᠢ ᠱᠠᠭᠠᠷᠳᠠᠯᠭ᠎ᠠ ᠲᠤᠷᠠᠳᠤᠭᠰᠠᠨ ᠪᠠ ᠲᠤᠬᠢᠷᠠᠭᠤᠯᠤᠯᠳᠠ | ᠪᠠᠶᠢᠷᠢᠯᠠᠭᠤᠯᠤᠯᠳᠠ ᠬᠢᠵᠤ᠂ ᠰᠡᠳᠬᠢᠴᠡ ᠲᠤᠳᠤᠷᠬᠠᠢ᠂ ᠭᠤᠤᠯᠳᠠᠯᠭ᠎ᠠ ᠲᠤᠪᠤᠶᠢᠮ᠎ᠠ᠂ ᠦᠬᠡ ᠦᠭᠦᠯᠡᠪᠦᠷᠢ | ᠤᠷᠤᠰᠤᠮ᠎ᠠ ᠪᠤᠯᠵᠠᠢ ᠭᠡᠵᠤ ᠰᠠᠨᠠᠯ ᠨᠢᠭᠡᠳᠡᠢ ᠦᠵᠡᠵᠡᠭᠡᠪᠠ᠃ | ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠬᠦᠯᠦᠯᠲᠡ ᠶᠢ ᠬᠢᠨᠠᠨ ᠵᠦᠪᠯᠡᠬᠦ ᠳᠡᠭᠡᠨ᠂ ᠬᠡᠰᠢᠬᠦᠳ ᠢᠳᠡᠪᠬᠢᠳᠠᠢ | ᠶᠠᠷᠢᠯᠴᠠᠵᠤ᠂ ᠪᠤᠳᠤᠬᠰᠠᠨ ᠰᠠᠨᠠᠬᠰᠠᠨ ᠢᠶᠠᠨ ᠠᠭᠤᠵᠢᠷᠠᠲᠠᠯ᠎ᠠ ᠶᠠᠷᠢᠵᠦ ᠪᠠᠶᠢᠯ᠎ᠠ᠃ ᠤᠯᠠᠨ ᠢᠶᠠᠷ ᠢᠶᠠᠨ ᠦᠵᠡᠭᠰᠡᠨ ᠨᠢ᠂ | ᠮᠡᠳᠡᠬᠦᠯᠦᠯᠲᠡ ᠨᠢ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠦᠷᠪᠡᠳᠦᠭᠡᠷ ᠬᠤᠷᠠᠯ ᠠᠴᠠ ᠨᠠᠰᠢᠬᠢ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠰᠠᠨᠠᠯ ᠳᠤᠷᠠᠳᠤᠯᠭ᠎ᠠ ᠶᠢᠨ ᠠᠵᠢᠯ ᠤᠨ ︽ | ᠳᠤᠷᠠᠳᠬᠤ᠂ ᠲᠠᠩᠰᠠᠯᠠᠬᠤ᠂ ᠲᠤᠰᠢᠶᠠᠬᠤ᠂ ᠬᠦᠢᠴᠡᠳᠭᠡᠬᠦ︾ ᠡᠯ᠎ᠡ ᠭᠤᠬᠴᠤᠭ᠎ᠠ ᠶᠢᠨ ᠠᠵᠢᠯ ᠮᠡᠳᠡᠭᠳᠡᠮ᠎ᠡ | ᠰᠠᠶᠢᠵᠢᠷᠠᠵᠦ᠂ ᠰᠠᠶᠢᠨ ᠰᠠᠶᠢᠬᠠᠨ ᠬᠠᠨᠳᠤᠰᠢ ᠲᠠᠢ ᠪᠤᠯᠵᠠᠢ᠂ ᠡᠨᠡ ᠨᠢ ᠰᠠᠨᠠᠯ ᠳᠤᠷᠠᠳᠤᠯᠭ᠎ᠠ ᠶᠢᠨ ᠠᠵᠢᠯ ᠢ | ᠴᠢᠨᠠᠭᠰᠢᠳᠠ ᠲᠡᠬᠦᠯᠳᠡᠷᠵᠢᠬᠦᠯᠤᠨ᠂ ᠰᠢᠨ᠎ᠠ ᠲᠡᠭᠳᠡᠷ ᠲᠤ ᠭᠠᠷᠭᠠᠬᠤ ᠳᠤ ᠠᠬᠢᠭᠤᠯᠬᠤ ᠦᠢᠯᠡᠳᠤᠯ ᠦᠵᠡᠬᠦᠯᠬᠦ | ᠪᠤᠯᠤᠨ᠎ᠠ ᠭᠡᠵᠡᠭᠡᠪᠠ᠃ 2017 ᠤᠨ ᠪᠤᠯ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠬᠦᠭᠵᠢᠯᠲᠡ ᠶᠢᠨ | ᠠᠬᠢᠴᠠ ᠲᠤᠮᠳᠠᠬᠢ ᠵᠠᠩᠬᠢᠯᠠᠭ᠎ᠠ ᠶᠢᠨ ᠬᠤᠭᠤᠴᠠᠭ᠎ᠠ ᠪᠤᠯᠬᠤ ᠪᠦᠭᠡᠳ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ | ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ | ᠲᠤᠤᠱᠯᠠᠭᠤᠯᠬᠤ ︽ᠨᠠᠶᠢᠳᠠᠪᠤᠷᠢᠵᠢᠭᠤᠯᠬᠤ ᠤᠨ︾ ᠪᠤᠯᠤᠨ᠎ᠠ᠂ ᠮᠦᠨ ᠴᠤ ᠲᠤᠰ ᠬᠤᠭᠤᠴᠠᠭᠠᠨ ᠤ ᠤᠯᠤᠰ | ᠲᠦᠷᠦ ᠶᠢᠨ ᠵᠦᠪᠯᠡᠯᠬᠡᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ︽ᠰᠡᠬᠦᠯ ᠬᠤᠷᠢᠶᠠᠬᠤ ᠤᠨ︾ ᠪᠤᠯᠤᠨ᠎ᠠ᠃ | 2017 ᠤᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠦ ᠡᠭᠦᠷᠭᠡ ᠨᠢ ᠤᠯᠤᠰ ᠲᠦᠷᠦ ᠶᠢᠨ | ᠵᠦᠪᠯᠡᠯᠭᠡᠨ ᠤ ᠭᠡᠰᠢᠬᠦᠳ ᠤᠨ ᠤᠷᠮ᠎ᠠ ᠵᠤᠷᠢᠭ ᠢ ᠬᠦᠪᠴᠢᠯᠡᠨ᠎ᠠ᠃ ᠤᠯᠠᠨ ᠢᠶᠠᠷ ᠢᠶᠠᠨ᠂ ᠦᠷᠬᠦᠯᠵᠢᠯᠡᠨ | ᠰᠡᠳᠬᠢᠯ ᠢᠶᠠᠨ ᠨᠢᠭᠡᠳᠭᠡᠨ ᠬᠦᠴᠤᠨ ᠢᠶᠠᠨ ᠬᠠᠮᠳᠤᠳᠬᠠᠵᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠡᠯ ᠤᠨ | ᠬᠡᠪ ᠪᠤᠯᠪᠠᠰᠤᠷᠠᠯ᠂ ᠵᠦᠪᠯᠡᠭᠦ ᠵᠤᠷᠢᠭ ᠰᠠᠨᠠᠭ᠎ᠠ᠂ ᠤᠯᠤᠰ ᠲᠦᠷᠦ ᠶᠢᠨ ᠵᠦᠪᠯᠡᠯᠭᠡᠨ ᠤ ᠰᠡᠳᠬᠢᠯᠭᠡ ᠪᠠ ᠬᠡᠷ ᠤᠷᠤᠨ ᠤ | ᠬᠠᠷᠢᠭᠤᠴᠠᠯᠭ᠎ᠠ ᠶᠢ ᠢᠯᠡᠷᠡᠭᠦᠯᠦᠨ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠠᠩ | ᠦᠵᠡᠰᠭᠦᠯᠡᠩᠳᠦ ᠰᠠᠶᠢᠬᠠᠨ ᠪᠤᠯᠭᠠᠨ ᠪᠦᠳᠤᠭᠡᠨ ᠪᠠᠶᠢᠭᠤᠯᠬᠤ ᠰᠢᠨ᠎ᠡ ᠬᠠᠭᠤᠳᠠᠰᠦ ᠶᠢ ᠬᠠᠮᠳᠤᠪᠡᠷ ᠪᠢᠴᠢᠭᠯᠡᠨ᠂ | ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠦᠪᠡᠷᠳᠡᠭᠡᠨ ᠵᠠᠰᠠᠬᠤ ᠤᠷᠤᠨ | ᠪᠠᠶᠢᠭᠤᠯᠤᠬᠳᠠᠬᠰᠠᠨ 70 ᠵᠢᠯ ᠤᠨ ᠤᠢ ᠳᠤ ᠪᠡᠯᠡᠭ ᠪᠤᠯᠭᠠᠨ ᠪᠠᠷᠢᠨ᠎ᠠ ᠭᠡᠵᠡᠭᠡᠪᠠ᠃ |