1 ᠳ᠋ᠦ᠋ᠭᠡᠷ ᠰᠠᠷ᠎ᠠ ᠶᠢᠨ 13 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠠᠩᠬᠠᠳᠤᠭᠠᠷ ᠬᠤᠷᠠᠯ ᠬᠢᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ 61 ᠭᠦᠮᠦᠨ ᠪᠣᠢ᠂ | ᠡᠨᠡ ᠣᠳᠠᠭ᠎ᠠ ᠶᠢᠨ ᠬᠤᠷᠠᠯ ᠳᠤ 55 ᠬᠦᠮᠦᠨ ᠣᠷᠣᠯᠴᠠᠵᠣ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ | ᠨᠡᠶᠢᠴᠡᠪᠡ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠪᠠᠶᠢᠩᠭᠤ ᠶᠢᠨ ᠲᠡᠳ᠋ ᠡᠷᠬᠢᠯᠡᠭᠴᠢ ᠬᠤᠷᠴᠡ ᠬᠤᠷᠠᠯ ᠡᠷᠬᠢᠯᠡᠵᠦ᠂ ︽ᠦᠪᠤᠷ ᠮᠤᠩᠭᠤᠯ ᠤᠨ | ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢᠳ ᠤᠨ | ᠨᠡᠷᠡᠰ︾ ᠢ ᠪᠠᠳᠤᠯᠠᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢᠳ | ᠪᠤᠯ ᠯᠢ ᠵᠢᠢ ᠾᠸᠡᠭ᠂ ᠬᠤᠷᠴᠡ᠂ ᠳ᠋ᠦ᠋ ᠽᠢ᠂ ᠨᠠᠰᠦᠨᠮᠦ᠋ᠡᠭᠭᠡ᠂ ᠸᠠᠩ ᠢᠤᠢ ᠮᠢᠩ᠂ ᠬᠠᠨᠭ᠌ ᠭᠦᠢ ᠯᠢᠨ᠂ ᠡᠤ | ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠰᠦᠨ ᠬᠤᠢ ᠮᠢᠨ ᠨᠠᠷ ᠪᠣᠯᠣᠨ᠎ᠠ᠃ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠶᠡᠭᠡ | ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠯᠢ ᠵᠢᠢ ᠾᠸᠡᠭ ᠬᠤᠷᠠᠯ ᠡᠷᠬᠢᠯᠡᠵᠠᠢ᠃ | ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠡᠳᠦᠷ ᠤᠨ ᠲᠠᠷᠠᠭᠠᠯᠠᠯ᠂ ᠭᠦᠢᠴᠡᠳᠭᠡᠭᠦ | ᠲᠡᠷᠢᠭᠦᠯᠡᠭᠴᠢᠳ ᠤᠨ ᠲᠤᠭᠤᠶᠢᠯᠠᠩ ᠬᠤᠪᠢᠶᠠᠬᠰᠠᠨ ᠨᠡᠷᠡᠰ᠂ ᠲᠡᠳ᠋ ᠨᠠᠷᠢᠨ ᠪᠢᠴᠢᠭ ᠤᠨ ᠲᠠᠷᠤᠭ᠎ᠠ ᠶᠢᠨ ᠨᠡᠷᠡᠰ᠂ | ᠲᠦᠯᠦᠭᠡᠯᠡᠭᠴᠢ ᠶᠢᠨ ᠲᠤᠷᠠᠳᠬᠤ ᠰᠠᠨᠠᠯ ᠵᠦᠪᠯᠡᠯᠭᠡ ᠶᠢ ᠬᠤᠷᠢᠶᠠᠨ ᠠᠪᠬᠤ ᠴᠠᠬ ᠤᠨ ᠬᠢᠵᠠᠭᠠᠷ ᠤᠨ ᠲᠤᠬᠳᠠᠭᠠᠯ ᠵᠢᠴᠢ | ᠰᠠᠨᠠᠯ ᠵᠦᠪᠯᠡᠯᠭᠡ ᠶᠢ ᠪᠠᠳᠤᠯᠠᠬᠤ ᠠᠷᠭ᠎ᠠ ᠶᠢ ᠪᠠᠳᠤᠯᠠᠪᠠ᠃ | ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ | ᠬᠡᠯᠳᠡᠰ ᠤᠨ ᠲᠡᠳ᠋ ᠲᠠᠷᠤᠭ᠎ᠠ᠂ ᠶᠡᠭᠡ ᠬᠤᠷᠠᠯ ᠤᠨ ᠲᠡᠳ᠋ ᠨᠠᠷᠢᠨ ᠪᠢᠴᠢᠭ ᠤᠨ ᠲᠠᠷᠤᠭ᠎ᠠ ᠳ᠋ᠦᠡᠭ ᠱᠤ᠋ ᠵᠢᠶᠦ᠋ᠨ ᠤ | ᠬᠢᠭᠰᠡᠨ ᠶᠡᠭᠡ ᠬᠤᠷᠠᠯ ᠤᠨ ᠰᠤᠩᠭᠤᠭᠤᠯᠢ ᠶᠢᠨ ᠠᠷᠭ᠎ᠠ ᠶᠢᠨ ᠲᠦᠰᠦᠯ ᠤᠨ ᠳᠣᠬᠠᠢ ᠲᠤᠳᠤᠷᠬᠠᠶᠢᠯᠠᠯᠳᠠ ᠶᠢ | ᠰᠤᠨᠤᠰᠪᠠ᠃ |