1 ᠳ᠋ᠤᠭᠡᠷ ᠰᠠᠷ᠎ᠠ ᠶᠢᠨ 14 ᠤ ᠡᠳᠦᠷ ᠬᠤᠷᠠᠯᠳᠣᠭᠰᠠᠨ ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠵᠢᠷᠭᠤᠳᠤᠭᠠᠷ ᠬᠤᠷᠠᠯ | ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ 2016 ᠤᠨ ᠤ ᠤᠯᠤᠰ ᠠᠷᠡᠳ ᠤᠨ ᠠᠵᠦ ᠠᠬᠤᠢ ᠪᠤᠯᠤᠨ | ᠨᠡᠶᠢᠬᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠭᠡᠳ 2017 ᠤᠨ ᠤ ᠤᠯᠤᠰ | ᠠᠷᠡᠳ ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢᠨ ᠲᠦᠰᠤᠯ ᠤᠨ | ᠮᠡᠳᠡᠬᠦᠯᠤᠯᠳᠠ ᠶᠢ ᠲᠠᠷᠤᠮᠠᠯᠯᠠᠨ ᠪᠦᠬᠦ ᠲᠦᠯᠦᠭᠡᠯᠡᠭᠴᠢᠳ ᠲᠤ ᠲᠠᠷᠬᠠᠭᠠᠵᠦ ᠬᠢᠨᠡᠨ ᠵᠦᠪᠯᠡᠬᠦᠯᠪᠡ᠃ | ᠮᠡᠳᠡᠬᠦᠯᠤᠯᠳᠠ ᠶᠢ ᠦᠨᠳᠦᠰᠦᠯᠡᠪᠡᠯ᠂ 2016 ᠤᠨ ᠳᠤ ᠪᠦᠬᠦ ᠤᠷᠤᠨ ᠤ ᠡᠯ᠎ᠠ ᠭᠠᠵᠡᠷ ᠤᠨ ᠬᠢᠨ ᠲᠦᠪ ᠤᠨ | ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠣᠨ | ᠨᠠᠶᠢᠳᠠᠪᠤᠷᠢᠵᠢᠭᠤᠯᠵᠤ᠂ ᠲᠤᠭᠳᠠᠭᠤᠨ ᠤ ᠲᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠳᠠᠯᠠᠨ᠂ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠦᠯ ᠦᠬᠡᠢ᠂ ᠨᠡᠭᠡᠭᠡᠯᠲᠡ ᠲᠠᠢ ᠪᠦᠭᠡᠳ ᠬᠠᠮᠲᠤ ᠪᠠᠷ | ᠡᠳ᠋ᠯᠡᠬᠦ ᠬᠦᠭᠵᠢᠯᠳᠠ ᠶᠢᠨ ᠤᠨᠤᠯᠵᠢᠬᠤᠨ ᠢ ᠪᠠᠳᠤ ᠪᠤᠢ ᠪᠤᠯᠭᠠᠵᠤ᠂ ᠠᠵᠦ ᠠᠬᠤᠢ ᠶᠢᠨ ᠬᠦᠭᠵᠢᠯᠳᠠ ᠶᠢᠨ ᠰᠢᠨ᠎ᠠ ᠬᠡᠪ | ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠣ᠂ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ | ᠦᠬᠡᠷᠡᠴᠢᠯᠠᠯᠳᠠ ᠶᠢ ᠴᠢᠩᠭᠠᠳᠬᠠᠬᠤ ᠪᠠᠷ ᠬᠦᠴᠦᠯᠡᠵᠤ᠂ ᠪᠦᠳᠦᠮᠵᠢᠳᠠᠢ ᠬᠡᠷᠡᠭᠴᠡᠭᠡ ᠱᠠᠭᠠᠷᠳᠠᠯᠭ᠎ᠠ ᠶᠢ | ᠢᠳᠡᠪᠬᠢᠳᠠᠢ ᠪᠠᠷ ᠪᠤᠶᠢᠵᠢᠭᠤᠯᠤᠨ ᠦᠷᠬᠡᠳᠬᠡᠵᠤ᠂ ᠠᠵᠤ ᠠᠬᠤᠢ ᠶᠢᠨ ᠡᠷᠭᠢᠯᠳᠡ ᠶᠢ ᠶᠡᠷᠦᠩᠬᠡᠢ ᠳᠡᠭᠡᠨ ᠲᠤᠭᠳᠠᠭᠤᠨ | ᠪᠠᠶᠢᠯᠭᠠᠵᠤ᠂ ᠲᠤᠭᠳᠠᠭᠤᠨ ᠤ ᠲᠤᠮᠳᠠ ᠤᠷᠤᠭᠰᠢᠯᠠᠨ ᠳᠠᠪᠰᠢᠵᠣ᠂ ᠲᠤᠭᠳᠠᠭᠤᠨ ᠤ ᠲᠤᠮᠳᠠ ᠴᠢᠨᠠᠷ ᠢᠶᠠᠨ | ᠲᠡᠬᠡᠭᠰᠢᠯᠡᠬᠦᠯᠵᠤ᠂ ᠪᠦᠬᠦ ᠤᠷᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 7.3% ᠪᠠᠷ | ᠨᠡᠮᠡᠭᠳᠡᠵᠤ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ 12% ᠢᠶᠠᠷ ᠨᠡᠮᠡᠭᠳᠡᠵᠤ᠂ ᠨᠡᠶᠢᠭᠡᠮ ᠤᠨ | ᠬᠡᠷᠡᠭᠯᠡᠬᠡᠨ ᠤ ᠵᠦᠢᠯᠡᠰ ᠢ ᠵᠢᠵᠢᠭᠯᠡᠨ ᠪᠤᠷᠤᠯᠠᠭᠤᠯᠣᠭᠰᠠᠨ ᠶᠡᠷᠦᠩᠬᠡᠢ ᠬᠡᠮᠵᠢᠶ᠎ᠠ 9.7% ᠪᠠᠷ ᠨᠡᠮᠡᠭᠳᠡᠵᠤ᠂ ᠡᠩ ᠤᠨ | ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 7% ᠪᠠᠷ ᠨᠡᠮᠡᠭᠳᠡᠵᠤ᠂ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠤᠷᠤᠯᠭ᠎ᠠ ᠲᠤᠰᠪᠤᠷᠢ 8% ᠪᠠᠷ ᠨᠡᠮᠡᠭᠳᠡᠪᠠ᠃ | ᠮᠡᠳᠡᠭᠦᠯᠦᠯᠳᠡ ᠳᠤ᠂ 2016 ᠤᠨ ᠳᠤ᠂ ᠮᠠᠨ ᠤ ᠤᠷᠤᠨ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠵᠤ ᠲᠡᠰ ᠲᠡᠪᠰᠢᠬᠦᠯᠬᠦ ᠠᠬᠢᠴᠠ ᠪᠠᠨ ᠲᠦᠷᠬᠡᠳᠬᠡᠵᠤ᠂ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠲᠤᠭᠳᠠᠭᠤᠨ ᠤ ᠲᠤᠮᠳᠠ ᠰᠢᠯᠢᠳᠡᠭᠵᠢᠪᠠ᠃ ᠠᠵᠤ ᠦᠢᠯᠡᠳᠪᠤᠷᠢ ᠶᠢᠨ ᠠᠵᠤ ᠠᠬᠤᠢ | ᠲᠤᠭᠳᠠᠭᠤᠨ ᠢᠶᠠᠷ ᠬᠦᠭᠵᠢᠵᠤ᠂ ᠦᠢᠯᠡᠴᠢᠯᠡᠬᠡᠨ ᠤ ᠦᠢᠯᠡᠰ ᠤᠨ ᠨᠡᠮᠡᠭᠳᠡᠯ ᠬᠤᠷᠳᠤᠴᠠ ᠲᠤᠭᠳᠠᠭᠤᠨ ᠢᠶᠠᠷ | ᠲᠡᠬᠡᠭᠰᠢᠯᠡᠡ᠂ ᠰᠢᠨ᠎ᠠ ᠬᠡᠯᠪᠡᠷᠢ ᠶᠢᠨ ᠠᠵᠤ ᠠᠬᠤᠢ ᠦᠷᠬᠦᠯᠵᠢᠯᠠᠨ ᠲᠦᠷᠬᠡᠨ ᠢᠶᠠᠷ ᠨᠡᠮᠡᠭᠳᠡᠪᠠ᠃ ᠠᠵᠤ ᠠᠬᠤᠢ ᠶᠢᠨ | ᠨᠡᠮᠡᠭᠳᠡᠯ ᠤᠨ ᠶᠠᠰᠤ ᠴᠢᠨᠠᠷ ᠢᠯᠡᠳᠳᠠ ᠲᠡᠬᠡᠭᠰᠢᠯᠡᠵᠤ᠂ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠦᠷ᠎ᠠ | ᠠᠰᠢᠬ ᠶᠡᠭᠡ ᠬᠡᠮᠵᠢᠶ᠎ᠠ ᠪᠠᠷ ᠨᠡᠮᠡᠭᠳᠡᠵᠤ᠂ ᠡᠨᠧᠷᠬᠢ ᠠᠷᠪᠢᠯᠠᠵᠤ ᠪᠣᠬᠢᠷᠳᠣᠯ ᠪᠣᠳᠠᠰ ᠭᠠᠳᠠᠭᠰᠢᠯᠠᠭᠤᠯᠬᠤ ᠶᠢ | ᠪᠠᠭᠠᠰᠬᠠᠬᠤ ᠠᠵᠢᠯ ᠤᠨ ᠦᠷ᠎ᠠ ᠪᠦᠳᠦᠮᠵᠢ ᠢᠯᠡᠳᠳᠠ ᠪᠤᠯᠵᠤ᠂ ᠨᠢᠬᠡᠴᠢ ᠦᠢᠯᠡᠳᠪᠤᠷᠢᠯᠡᠯ ᠤᠨ ᠶᠡᠷᠦᠩᠬᠡᠢ | ᠦᠷᠳᠡᠭ ᠤᠨ ᠡᠨᠧᠷᠬᠢ ᠶᠢᠨ ᠬᠤᠷᠤᠭᠳᠠᠯ 4% ᠪᠠᠷ ᠲᠤᠷᠤᠭᠰᠢᠯᠠᠵᠤ᠂ ᠭᠤᠤᠯ ᠪᠣᠯᠬᠤ ᠪᠤᠬᠢᠷᠳᠤᠯ ᠪᠤᠳᠠᠰ ᠢ | ᠭᠠᠳᠠᠭᠰᠢᠯᠠᠭᠤᠯᠤᠭᠰᠠᠨ ᠬᠡᠮᠵᠢᠶ᠎ᠡ ᠤᠯᠤᠰ ᠤᠨ ᠱᠠᠭᠠᠷᠳᠠᠯᠭ᠎ᠠ ᠳᠤ ᠬᠦᠷᠪᠠ᠃ ᠬᠠᠩᠭᠠᠯᠭ᠎ᠠ ᠶᠢᠨ ᠲᠠᠯ᠎ᠠ ᠶᠢᠨ | ᠪᠦᠳᠦᠴᠠ ᠶᠢᠨ ᠴᠢᠨᠠᠷᠳᠠᠢ ᠦᠬᠡᠷᠡᠴᠢᠯᠠᠯᠳᠠ ᠶᠢ ᠢᠳᠡᠪᠬᠢᠳᠠᠢ ᠠᠬᠢᠭᠤᠯᠵᠤ᠂ ᠭᠤᠤᠯᠳᠠᠯᠭ᠎ᠠ ᠲᠠᠢ ᠲᠦᠷᠦᠯ ᠵᠦᠢᠯ ᠤᠨ | ᠪᠦᠳᠦᠬᠡᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ ᠳ᠋ᠦᠩᠰᠢᠭᠤᠷ ᠲᠦᠬᠦᠷᠢᠭ ᠠᠴᠠ ᠲᠡᠬᠡᠭᠰᠢᠬᠢ ᠰᠢᠨ᠎ᠠ ᠪᠠᠷ | ᠠᠵᠢᠯ ᠡᠬᠢᠯᠡᠬᠦᠯᠦᠭᠰᠡᠡ ᠲᠦᠷᠦᠯ ᠵᠦᠢᠯ ᠤᠨ ᠶᠡᠷᠦᠩᠬᠡᠢ ᠬᠡᠪᠴᠢᠶ᠎ᠡ 5516.4 ᠳ᠋ᠦᠩᠰᠢᠭᠤᠷ ᠲᠦᠬᠦᠷᠢᠭ ᠲᠤ | ᠬᠦᠷᠴᠤ᠂ 25.3% ᠪᠠᠷ ᠨᠡᠮᠡᠭᠳᠡᠪᠠ᠃ ᠠᠷᠠᠳ ᠤᠨ ᠠᠮᠢᠳᠤᠷᠠᠯ ᠦᠷᠬᠦᠯᠵᠢᠯᠠᠨ ᠰᠠᠶᠢᠵᠢᠷᠠᠵᠤ᠂ ᠠᠵᠢᠯ ᠤᠯᠭᠤᠯᠳᠠ | ᠲᠤᠭᠳᠠᠭᠤᠨ ᠪᠠᠶᠢᠬᠤ ᠶᠢ ᠪᠠᠳᠤᠯᠠᠪᠠ᠃ ᠬᠤᠳᠠ ᠪᠠᠯᠭᠠᠰᠤᠨ ᠤ ᠰᠢᠨ᠎ᠠ ᠪᠠᠷ ᠨᠡᠮᠡᠭᠳᠡᠭᠰᠡᠡ ᠠᠵᠢᠯ ᠤᠯᠤᠭᠰᠠᠳ 26. | 8 ᠲᠦᠮᠡ ᠳᠤ ᠬᠦᠷᠴᠤ᠂ ᠬᠤᠳᠠ ᠪᠠᠯᠭᠠᠰᠤᠨ ᠤ ᠲᠠᠩᠰᠠᠯᠠᠭᠤᠯᠤᠭᠰᠠᠠ ᠠᠵᠢᠯ ᠠᠯᠳᠠᠭᠰᠠᠳ ᠤᠨ ᠨᠤᠷᠮ᠎ᠠ 3.65% | ᠪᠤᠯᠪᠠ᠃ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠠᠬᠢᠯᠳᠠ ᠲᠠᠢ ᠪᠤᠯᠵᠤ᠂ ᠰᠤᠷᠭᠠᠨ ᠬᠦᠮᠦᠵᠢᠯ ᠤᠨ ᠨᠦᠬᠦᠴᠡᠯ | ᠰᠠᠶᠢᠵᠢᠷᠠᠵᠤ᠂ 400 ᠴᠡᠴᠡᠷᠯᠢᠭ ᠢ ᠰᠢᠨ᠎ᠠ ᠪᠠᠷ ᠪᠠᠶᠢᠭᠤᠯᠤᠭᠰᠠᠨ ᠪᠣᠶᠣ ᠦᠷᠬᠡᠳᠬᠡᠨ ᠪᠠᠶᠢᠭᠤᠯᠪᠠ᠃ | ᠦᠬᠡᠷᠡᠴᠢᠯᠠᠯᠳᠠ ᠨᠡᠬᠡᠬᠡᠯᠳᠠ ᠰᠢᠨ᠎ᠠ ᠰᠢᠪᠳᠤᠯᠤᠯᠳᠠ ᠲᠠᠢ ᠪᠣᠯᠵᠣ᠂ ᠭᠤᠤᠯᠳᠠᠯᠭ᠎ᠠ ᠲᠠᠢ ᠬᠦᠷᠢᠶ᠎ᠠ ᠪᠠ ᠵᠠᠩᠬᠢᠯᠠᠭ᠎ᠠ ᠶᠢᠨ | ᠭᠤᠭᠴᠤᠭ᠎ᠠ ᠶᠢᠨ ᠦᠬᠡᠷᠡᠴᠢᠯᠠᠯᠳᠠ ᠴᠢᠬᠤᠯᠠ ᠦᠷ᠎ᠠ ᠪᠦᠳᠦᠮᠵᠢ ᠤᠯᠪᠠ᠃ 2016 ᠤᠨ ᠳᠤ᠂ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠵᠤ ᠠᠬᠤᠢ ᠶᠢᠨ ᠨᠡᠮᠡᠭᠳᠡᠯ ᠢ ᠲᠤᠭᠳᠠᠪᠤᠷᠢᠵᠢᠭᠤᠯᠬᠤ | ᠣᠯᠠᠨ ᠵᠦᠢᠯ ᠤᠨ ᠲᠦᠷᠦ ᠶᠢᠨ ᠪᠤᠳᠤᠯᠭ᠎ᠠ ᠠᠪᠴᠤ᠂ ᠡᠳ᠋ ᠤᠨ ᠵᠠᠰᠠᠭ ᠮᠦᠩᠬᠦᠨ ᠬᠦᠢᠯᠬᠡᠬᠡ ᠪᠠᠷ ᠠᠵᠤ ᠠᠬᠤᠢ ᠶᠢᠨ | ᠪᠤᠳᠠᠳᠤ ᠴᠤᠭᠴᠠ ᠶᠢ ᠲᠡᠮᠵᠢᠬᠦ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠬᠦᠭᠵᠢᠬᠦᠯᠬᠦ ᠶᠢ | ᠵᠤᠷᠢᠬᠵᠢᠭᠤᠯᠬᠤ᠂ ᠰᠢᠨ᠎ᠠ ᠪᠠᠷ ᠮᠠᠨᠳᠣᠵᠣ ᠪᠠᠶᠢᠭ᠎ᠠ ᠠᠵᠤ ᠦᠢᠯᠡᠰ ᠤᠨ ᠬᠦᠭᠵᠢᠯᠳᠠ ᠶᠢ ᠲᠡᠮᠵᠢᠬᠦ᠂ ᠬᠡᠷ ᠪᠠᠶᠢᠰᠢᠩ | ᠭᠠᠵᠠᠷ ᠬᠦᠷᠦᠩᠬᠡ ᠶᠢᠨ ᠠᠵᠤ ᠦᠢᠯᠡᠰ ᠤᠨ ᠳᠣᠭᠳᠠᠭᠤᠨ ᠢᠶᠠᠷ ᠬᠦᠭᠵᠢᠬᠦ ᠶᠢ ᠠᠬᠢᠭᠤᠯᠬᠤ᠂ ᠠᠵᠤ ᠠᠬᠤᠢ ᠶᠢᠨ | ᠪᠤᠳᠠᠳᠤ ᠴᠤᠭᠴᠠ ᠶᠢᠨ ᠦᠪᠡᠷ ᠤᠨ ᠦᠷᠳᠡᠭ ᠢ ᠪᠠᠭᠤᠷᠠᠭᠤᠯᠬᠤ ᠵᠡᠷᠬᠡ ᠴᠢᠬᠤᠯᠠ ᠲᠦᠷᠦ ᠶᠢᠨ ᠪᠤᠳᠤᠯᠭ᠎ᠠ ᠶᠢ | ᠲᠤᠭᠳᠠᠭᠠᠨ ᠭᠡᠷᠡᠭᠵᠢᠬᠦᠯᠵᠤ᠂ ᠠᠵᠤ ᠠᠬᠤᠢ ᠶᠢᠨ ᠲᠤᠭᠳᠠᠭᠤᠨ ᠢᠶᠠᠷ ᠨᠡᠮᠡᠭᠳᠡᠬᠦ ᠶᠢ ᠪᠠᠳᠤᠯᠠᠬᠤ ᠳᠤ ᠴᠢᠬᠤᠯᠠ | ᠦᠢᠯᠡᠳᠦᠯ ᠦᠵᠡᠬᠦᠯᠪᠠ ᠭᠡᠵᠠᠢ᠃ | ᠮᠡᠳᠡᠬᠦᠯᠦᠯᠳᠠ ᠳᠤ᠂ 2017 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠠ ᠶᠢᠨ ᠵᠢᠱᠢᠭᠰᠡᠡ ᠭᠤᠤᠯ ᠬᠠᠷᠠᠯᠳᠠ ᠪᠤᠯ᠄ ᠦᠢᠯᠡᠳᠪᠤᠷᠢᠯᠡᠯ ᠤᠨ ᠶᠡᠷᠦᠩᠬᠡᠢ ᠦᠷᠳᠡᠭ ᠢ 7.5% | ᠤᠷᠴᠢᠮ ᠢᠶᠠᠷ ᠨᠡᠮᠡᠭᠳᠡᠬᠦᠯᠵᠤ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 12% ᠢᠶᠠᠷ ᠨᠡᠮᠡᠭᠳᠡᠬᠦᠯᠵᠤ᠂ | ᠨᠡᠶᠢᠭᠡᠮ ᠤᠨ ᠬᠡᠷᠡᠭᠯᠡᠬᠡᠨ ᠤ ᠵᠦᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠠ ᠶᠢ 10% ᠤᠷᠴᠢᠮ ᠢᠶᠠᠷ | ᠨᠡᠮᠡᠭᠳᠡᠬᠦᠯᠵᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠬᠠᠷᠢᠴᠠᠭᠤᠯᠵᠤ ᠪᠤᠯᠬᠤ | ᠠᠷᠭ᠎ᠠ ᠬᠡᠪᠴᠢᠶ᠎ᠠ ᠶᠤᠰᠤᠭᠠᠷ 6% ᠤᠷᠴᠢᠮ ᠨᠡᠮᠡᠭᠳᠡᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠬᠦᠮᠦᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ 8% ᠪᠠ 8.5% ᠤᠷᠴᠢᠮ ᠢᠶᠠᠷ ᠨᠡᠮᠡᠭᠳᠡᠬᠦᠯᠵᠤ᠂ | ᠤᠷᠤᠨ ᠨᠣᠳᠤᠭ ᠤᠨ ᠨᠢᠬᠡᠴᠢ ᠦᠢᠯᠡᠳᠪᠤᠷᠢᠯᠡᠯ ᠤᠨ ᠶᠡᠷᠦᠩᠬᠡᠢ ᠦᠷᠳᠡᠭ ᠲᠠᠬᠢ ᠡᠨᠧᠷᠬᠢ ᠶᠢᠨ ᠬᠤᠷᠤᠭᠳᠠᠯ ᠢ 3% | ᠤᠷᠴᠢᠮ ᠲᠤᠷᠤᠭᠰᠢᠯᠠᠭᠤᠯᠵᠤ᠂ ᠬᠤᠳᠠ ᠪᠠᠯᠭᠠᠰᠤᠨ ᠤ ᠰᠢᠨ᠎ᠠ ᠪᠠᠷ ᠠᠵᠢᠯ ᠤᠯᠤᠭᠰᠠᠳ ᠢ 25 ᠲᠦᠮᠡᠨ ᠬᠦᠮᠦᠨ | ᠨᠡᠮᠡᠭᠳᠡᠬᠦᠯᠵᠤ᠂ ᠤᠯᠤᠰ ᠠᠴᠠ ᠪᠠᠭᠤᠯᠭᠠᠭᠰᠠᠠ ᠡᠯ᠎ᠠ ᠵᠦᠢᠯ ᠤᠨ ᠬᠢᠵᠠᠭᠠᠷᠯᠠᠬᠤ ᠴᠢᠨᠠᠷᠳᠠᠢ ᠬᠦᠢᠴᠡᠳᠭᠡᠯ ᠲᠤᠭ᠎ᠠ ᠶᠢ | ᠪᠦᠬᠦ ᠲᠠᠯ᠎ᠠ ᠪᠠᠷ ᠪᠡᠶᠡᠯᠡᠬᠦᠯᠤᠨ᠎ᠠ ᠭᠡᠵᠤ ᠲᠤᠷᠠᠳᠴᠠᠢ᠃ |