| ᠰᠤᠷᠪᠤᠯᠵᠢᠯᠠᠭᠰᠠᠨ ᠴᠠᠭ᠄ | 2016 ᠤᠨ ᠤ 12 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠤᠴᠢᠨ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ | ᠺᠧ ᠶᠦᠩ ᠬᠦᠸᠧ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠬᠠᠮᠲᠤᠷᠠᠯᠴᠠᠬᠤ | ᠶᠠᠪᠤᠳᠠᠯ ᠪᠣᠯ ᠲᠥᠪ ᠤᠨ ᠵᠡᠭᠦᠨ ᠪᠠᠷᠠᠭᠤᠨ ᠪᠦᠰᠡ ᠶᠢᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠦᠨ᠂ ᠦᠨᠳᠦᠰᠦᠲᠡᠨ ᠤ ᠭᠠᠵᠠᠷ ᠣᠷᠣᠨ᠂ ᠪᠠᠷᠠᠭᠤᠨ | ᠪᠦᠰᠡ ᠶᠢᠨ ᠭᠠᠵᠠᠷ ᠣᠷᠣᠨ ᠤ ᠬᠥᠭᠵᠢᠯᠲᠡ ᠶᠢ ᠳᠡᠮᠵᠢᠬᠦ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠮᠦᠨ᠂ ᠪᠠᠰᠠ | ᠴᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠲᠤᠤᠱᠯᠠᠭᠤᠯᠵᠤ᠂ ᠦᠨᠳᠦᠰᠦᠲᠡᠨ ᠨᠦᠭᠦᠳ ᠤᠨ | ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠦᠨ᠃ ᠤᠶᠢᠷ᠎ᠠ ᠳᠤ ᠪᠢᠳᠡ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠺᠧ | ᠶᠦᠩ ᠬᠦᠸᠧ ᠢ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠰᠤᠷᠪᠤᠯᠵᠢᠯᠠᠭ᠎ᠠ ᠳᠤ ᠤᠷᠢᠵᠤ᠂ ︽ | ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠪᠥᠭᠦ ᠲᠠᠯ᠎ᠠ ᠪᠠᠷ | ᠬᠠᠮᠲᠤᠷᠠᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ | ᠣᠷᠳᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠦᠳᠦᠭᠦᠪᠴᠢ ᠵᠦᠪᠳᠡᠯᠴᠡᠭᠡᠷ︾ ᠤᠨ ᠲᠤᠬᠠᠢ ᠰᠦᠯᠵᠢᠶᠡᠨ ᠠᠨᠳᠠ ᠲᠠᠢ ᠰᠠᠨᠠᠯ ᠰᠤᠯᠢᠯᠴᠠᠭᠤᠯᠬᠤ ᠪᠠᠷ ᠪᠤᠢ᠂ | ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ | ᠥᠪᠥᠷ ᠮᠣᠩᠭᠤᠯ︾ ᠰᠦᠯᠵᠢᠶᠡᠨ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ | ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ ᠤᠨ ᠳᠡᠳ᠋ ᠡᠷᠭᠢᠯᠡᠭᠴᠢ ᠺᠧ ᠶᠦᠡᠭ ᠭᠦᠸᠧ ᠢ ᠤᠷᠢᠵᠤ᠂ ︽ᠪᠡᠭᠡᠵᠢᠩ ᠥᠪᠥᠷ ᠮᠣᠩᠭᠤᠯ ᠤᠨ ᠠᠵᠢᠯ | ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠪᠥᠭᠦ ᠲᠠᠯ᠎ᠠ ᠪᠠᠷ ᠬᠠᠮᠲᠤᠷᠠᠯᠴᠠᠬᠤ ᠶᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠳᠦᠭᠦᠪᠴᠢ ᠵᠦᠪᠳᠡᠯᠴᠡᠭᠡᠷ︾ ᠤᠨ ᠲᠤᠬᠠᠢ | ᠲᠠ ᠪᠦᠬᠦᠨ ᠳᠤ ᠲᠠᠶᠢᠯᠪᠤᠷᠢ ᠬᠢᠯᠬᠡᠬᠦ ᠪᠠᠷ ᠪᠤᠯᠤᠯ᠎ᠠ᠃ ᠺᠧ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ︕ | ᠺᠧ ᠶᠦᠩ ᠬᠦᠸᠧ᠄ | ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ | ᠬᠥᠲᠥᠯᠥᠭᠴᠢ᠄ | ᠲᠠ ᠪᠢᠳᠡᠨ ᠳᠤ ᠥᠪᠡᠷᠲᠡᠭᠡᠨ ᠵᠠᠰᠠᠬᠤ ᠣᠷᠣᠨ ᠪᠣᠯᠤᠨ ᠪᠡᠭᠡᠵᠢᠩ ᠬᠤᠳᠠ ︽ᠪᠦᠳᠦᠬᠦᠪᠴᠢ ᠵᠦᠪᠳᠡᠯᠴᠡᠭᠡᠷ︾ | ᠲᠤ ᠬᠠᠮᠲᠤ ᠪᠠᠷ ᠭᠠᠷ ᠤᠨ ᠦᠰᠦᠭ ᠵᠢᠷᠤᠭᠰᠠᠨ ᠠᠬᠤᠶ ᠪᠠᠶᠢᠳᠠᠯ ᠢ ᠶᠠᠷᠢᠭᠠᠳ ᠦᠭᠭᠦᠨ᠎ᠡ ᠤᠤ︖ | ᠺᠧ ᠶᠦᠩ ᠬᠦᠸᠧ᠄ | ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠬᠠᠮᠲᠤᠷᠠᠯᠴᠠᠬᠤ | ᠶᠠᠪᠤᠳᠠᠯ ᠪᠤᠯ ᠲᠥᠪ ᠤᠨ ᠵᠡᠭᠦᠨ ᠪᠠᠷᠠᠭᠤᠨ ᠪᠦᠰᠡ ᠶᠢᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠦᠨ᠂ ᠦᠨᠳᠦᠰᠦᠲᠡᠨ ᠤ ᠭᠠᠵᠠᠷ ᠣᠷᠣᠨ᠂ ᠪᠠᠷᠠᠭᠤᠨ | ᠪᠦᠰᠡ ᠶᠢᠨ ᠭᠠᠵᠠᠷ ᠣᠷᠣᠨ ᠤ ᠬᠥᠭᠵᠢᠯᠲᠡ ᠶᠢᠨ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠮᠦᠨ᠂ ᠪᠠᠰᠠ ᠴᠤ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠲᠤᠤᠱᠯᠠᠭᠤᠯᠵᠤ᠂ ᠦᠨᠳᠦᠰᠦᠲᠡᠨ ᠨᠦᠭᠦᠳ ᠤᠨ | ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠦᠨ᠃ 1996 ᠣᠨ ᠳᠤ | ᠤᠯᠤᠰ ᠠᠴᠠ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠶᠢ | ᠲᠤᠭᠲᠠᠭᠠᠭᠰᠠᠨ ᠠᠴᠠ ᠨᠠᠰᠢ᠂ ᠪᠡᠭᠡᠵᠢᠩ ᠬᠤᠲᠠ ᠶᠡᠭᠡ ᠬᠡᠮᠵᠢᠶᠡᠨ ᠤ ᠬᠥᠮᠦᠨ ᠤ ᠬᠦᠴᠦ᠂ ᠡᠳ᠋ ᠤᠨ ᠬᠦᠴᠦ ᠪᠤᠯᠤᠨ | ᠪᠣᠳᠠᠰ ᠤᠨ ᠬᠦᠴᠦ ᠤᠷᠤᠭᠤᠯᠵᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠭᠰᠡᠨ | ᠪᠠᠶᠢᠨ᠎ᠠ᠃ 2010 ᠣᠨ ᠳᠤ᠂ ᠪᠡᠭᠡᠵᠢᠩ ᠪᠤᠯᠤᠨ ᠥᠪᠥᠷ ᠮᠣᠩᠭᠤᠯ ︽12·5︾ ᠶᠢᠨ ᠲᠦᠯᠦᠪᠵᠢᠭᠦᠯᠭᠡ ᠶᠢᠨ | ᠬᠤᠭᠤᠴᠠᠭᠠᠨ ᠤ ᠣᠷᠣᠨ ᠪᠦᠰᠡ ᠶᠢᠨ ᠬᠠᠮᠲᠤᠷᠠᠯᠴᠠᠭᠠᠨ ᠤ ᠪᠦᠳᠦᠭᠦᠪᠴᠢ ᠵᠦᠪᠳᠡᠯᠴᠡᠭᠡᠷ ᠲᠤ ᠭᠠᠷ ᠤᠨ ᠦᠰᠦᠭ | ᠵᠢᠷᠤᠵᠤ᠂ ᠪᠡᠭᠡᠵᠢᠩ ᠬᠤᠲᠠ ᠳᠡᠮᠵᠢᠯᠭᠡ ᠦᠵᠡᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠤᠯᠠᠭᠠᠨᠬᠠᠳᠠ ᠪᠤᠯᠤᠨ ᠤᠯᠠᠭᠠᠨᠴᠠᠪ ᠲᠤ ᠬᠠᠪᠰᠤᠷᠤᠨ ᠲᠡᠳᠬᠦᠬᠦ 200 ᠭᠠᠷᠤᠶ ᠲᠥᠷᠥᠯ ᠵᠦᠢᠯ ᠢ ᠬᠠᠨᠳᠤᠯᠭᠠᠲᠤ | ᠴᠢᠨᠠᠷᠲᠠᠶ ᠪᠠᠷ ᠬᠡᠷᠡᠭᠵᠢᠭᠦᠯᠵᠦ᠂ ᠪᠡᠭᠡᠵᠢᠩ ᠬᠤᠲᠠ ᠶᠢᠨ ᠠᠵᠤ ᠠᠬᠤᠶᠢᠯᠠᠯ ᠢ ᠵᠣᠷᠢᠭᠵᠢᠭᠤᠯᠤᠨ ᠲᠡᠮᠵᠢᠵᠤ ᠪᠠᠶᠢᠭᠠᠳ | ᠥᠪᠥᠷ ᠮᠣᠩᠭᠤᠯ ᠳᠤ 1900 ᠭᠠᠷᠤᠶ ᠲᠦᠷᠦᠯ ᠵᠦᠢᠯ ᠳᠤ ᠪᠡᠯᠡ ᠤᠷᠤᠭᠤᠯᠵᠤ᠂ 5600 ᠭᠠᠷᠤᠢ ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠭᠠᠳ᠂ ᠪᠡᠭᠡᠵᠢᠩ ᠬᠤᠲᠠ ᠨᠢ ᠥᠪᠥᠷ ᠮᠣᠩᠭᠤᠯ ᠳᠤ | ᠬᠠᠮᠤᠭ ᠤᠨ ᠶᠡᠭᠡ ᠪᠡᠯᠡ ᠤᠷᠤᠭᠤᠯᠤᠭᠰᠠᠨ ᠭᠠᠵᠠᠷ ᠣᠷᠣᠨ ᠪᠤᠯᠤᠭᠰᠠᠨ ᠪᠠᠶᠢᠨ᠎ᠠ᠃ ᠪᠡᠭᠡᠵᠢᠩ ᠪᠠᠰᠠ ᠵᠠᠬ᠎ᠠ | ᠳᠡᠯᠭᠡᠭᠦᠷ ᠤᠨ ᠦᠷᠭᠡᠳᠭᠡᠯ᠂ ᠺᠠᠳ᠋ᠷ ᠤᠨ ᠰᠣᠯᠢᠯᠴᠠᠭ᠎ᠠ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ | ᠵᠡᠷᠭᠡ ᠲᠠᠯ᠎ᠠ ᠪᠠᠷ ᠥᠪᠥᠷ ᠮᠣᠩᠭᠤᠯ ᠳᠤ ᠪᠦᠬᠦ ᠲᠠᠯ᠎ᠠ ᠶᠢᠨ ᠳᠡᠮᠵᠢᠯᠭᠡ ᠦᠵᠡᠬᠦᠯᠪᠡ᠃ | ︽13·5︾ ᠶᠢᠨ ᠲᠦᠯᠦᠪᠵᠢᠬᠦᠯᠭᠡ ᠳᠤ ᠬᠠᠨᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ | ᠵᠡᠭᠦᠨ ᠪᠠᠷᠠᠭᠤᠨ ᠪᠦᠰᠡ ᠶᠢᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠪᠤᠯᠤᠨ ᠥᠪᠥᠷ ᠮᠣᠩᠭᠤᠯ | ᠬᠤᠶᠠᠷ ᠭᠠᠵᠠᠷ ᠤᠨ ᠪᠦᠬᠦ ᠲᠠᠯ᠎ᠠ ᠶᠢᠨ᠂ ᠣᠯᠠᠨ ᠬᠦᠷᠢᠶᠡᠨ ᠤ᠂ ᠭᠦᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠪᠠ | ᠰᠣᠯᠢᠯᠴᠠᠭ᠎ᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠯᠠᠳᠠ᠂ ᠬᠤᠶᠠᠷ ᠭᠠᠵᠠᠷ ᠤᠨ ᠵᠠᠰᠠᠭ ᠤᠨ | ᠣᠷᠳᠣᠨ ︽ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠪᠥᠭᠦ | ᠲᠠᠯ᠎ᠠ ᠪᠠᠷ ᠬᠠᠮᠲᠤᠷᠠᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠡᠭᠡᠵᠢᠩ ᠬᠤᠳᠠ ᠶᠢᠨ ᠠᠷᠠᠳ ᠤᠨ | ᠵᠠᠰᠠᠭ ᠤᠨ ᠣᠷᠳᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠦᠳᠦᠭᠦᠪᠴᠢ ᠵᠦᠪᠳᠡᠯᠴᠡᠭᠡᠷ︾ ᠲᠤ ᠬᠠᠮᠲᠤ ᠪᠠᠷ ᠭᠠᠷ ᠤᠨ ᠦᠰᠦᠭ ᠵᠢᠷᠤᠪᠠ᠃ ᠵᠦᠪᠳᠡᠯᠴᠡᠭᠡᠷ ᠲᠤ ᠭᠠᠷ ᠤᠨ | ᠦᠰᠦᠭ ᠵᠢᠷᠤᠭᠰᠠᠨ ᠨᠢ᠂ ᠬᠤᠶᠠᠷ ᠭᠠᠵᠠᠷ ᠤᠨ ᠡᠯ᠎ᠡ ᠰᠠᠯᠠᠭ᠎ᠠ ᠮᠥᠴᠢᠷ ᠂ ᠭᠠᠵᠠᠷ ᠣᠷᠣᠨ ᠪᠣᠯᠤᠨ ᠨᠡᠶᠢᠭᠡᠮ ᠤᠨ | ᠡᠯ᠎ᠡ ᠡᠲᠡᠭᠡᠳ ᠤᠨ ᠬᠢᠨ ᠢ ᠤᠯᠠᠮ ᠨᠢᠭᠡ ᠠᠯᠬᠤᠮ ᠵᠢᠯᠣᠭᠤᠳᠴᠤ᠂ ᠪᠡᠭᠡᠵᠢᠩ ᠥᠪᠥᠷ ᠮᠣᠩᠭᠤᠯ ᠤᠨ ᠬᠤᠶᠠᠷ | ᠭᠠᠵᠠᠷ ᠤᠨ ᠬᠠᠷᠢᠴᠠᠩᠭᠤᠶ ᠳᠠᠪᠠᠭᠤᠯᠢᠭ ᠲᠠᠯ᠎ᠠ ᠶᠢ ᠨᠡᠩ ᠰᠠᠶᠢᠢᠨ ᠪᠠᠳᠠᠷᠠᠭᠤᠯᠵᠤ᠂ ᠨᠡᠩ ᠪᠦᠬᠦ ᠲᠠᠯ᠎ᠠ ᠶᠢ | ᠬᠠᠮᠤᠷᠠᠭᠰᠠᠨ᠂ ᠨᠡᠩ ᠨᠢᠭᠲᠠᠷᠠᠭᠰᠠᠨ᠂ ᠨᠡᠩ ᠰᠢᠨᠵᠢᠯᠡᠬᠦ ᠤᠬᠠᠭᠠᠨᠴᠢᠯᠠᠭᠰᠠᠨ ᠬᠠᠮᠲᠤᠷᠠᠯᠴᠠᠭ᠎ᠠ ᠶᠢ ᠥᠷᠨᠢᠭᠦᠯᠵᠦ᠂ | ᠨᠡᠩ ᠤᠨᠤᠪᠴᠢᠲᠠᠢ᠂ ᠨᠡᠩ ᠪᠦᠲᠦᠮᠵᠢᠲᠡᠶ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠭᠦᠭᠦ ᠶᠢ ᠬᠡᠷᠡᠭᠵᠢᠬᠦᠯᠵᠤ᠂ | ᠬᠤᠶᠠᠷ ᠭᠠᠵᠠᠷ ᠬᠠᠮᠲᠤ ᠪᠠᠷ ᠬᠥᠭᠵᠢᠨ ᠳᠠᠪᠰᠢᠵᠤ᠂ ᠪᠡᠭᠡᠵᠢᠩ ᠪᠤᠯᠤᠨ ᠥᠪᠥᠷ ᠮᠣᠩᠭᠤᠯ ᠤᠨ ᠠᠵᠢᠯ | ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠰᠢᠨ᠎ᠡ ᠪᠠᠶᠢᠳᠠᠯ ᠢ ᠪᠤᠢ | ᠪᠤᠯᠭᠠᠬᠤ ᠪᠤᠯᠤᠨ᠎ᠠ᠃ | ᠬᠥᠲᠥᠯᠥᠭᠴᠢ᠄ | ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠡᠭᠡᠵᠢᠩ ᠪᠣᠯᠣᠨ ᠥᠪᠥᠷ ᠮᠣᠩᠭᠤᠯ ᠤᠨ | ᠬᠠᠪᠰᠤᠷᠤᠨ ᠲᠡᠳᠬᠦᠬᠦ ᠬᠠᠮᠲᠤᠷᠠᠯᠴᠠᠭ᠎ᠠ ᠳᠤ ᠶᠠᠮᠠᠷ ᠶᠠᠮᠠᠷ ᠠᠵᠠ ᠲᠣᠬᠢᠶᠠᠯ ᠣᠷᠣᠰᠢᠵᠤ ᠪᠠᠶᠢᠬᠤ ᠪᠤᠶ︖ | ᠺᠧ ᠶᠦᠩ ᠭᠦᠸᠧ᠄ | ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠤᠯᠤᠰ ᠤᠨ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠠᠵᠢᠯ ᠨᠢ ᠰᠢᠪᠲᠤᠯᠤᠯᠲᠠ ᠶᠢᠨ ᠱᠠᠲᠤᠨ ᠳᠤ ᠣᠷᠣᠵᠤ᠂ ᠣᠷᠣᠨ ᠪᠦᠰᠡ ᠶᠢᠨ | ᠬᠠᠮᠲᠤᠷᠠᠯᠴᠠᠭ᠎ᠠ ᠶᠢᠨ ᠪᠠᠶᠢᠯᠳᠤᠬᠤ ᠪᠤᠳᠤᠯᠭ᠎ᠠ ᠲᠦᠷᠬᠡᠨ ᠠᠬᠢᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ | ᠬᠠᠮᠲᠤᠷᠠᠯᠴᠠᠭ᠎ᠠ ᠶᠢᠨ ᠬᠥᠭᠵᠢᠯᠲᠡ ᠳᠤ ᠠᠯᠢ ᠤᠯᠠᠨ ᠴᠢᠬᠤᠯᠠ ᠠᠵᠠ ᠲᠣᠬᠢᠶᠠᠯ ᠣᠷᠣᠰᠢᠵᠤ ᠪᠠᠶᠢᠨ᠎ᠠ᠃ | ᠨᠢᠭᠡ ᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠯᠳᠤᠬᠤ ᠪᠤᠳᠤᠯᠭ᠎ᠠ ᠪᠦᠬᠦ | ᠲᠠᠯ᠎ᠠ ᠪᠠᠷ ᠬᠡᠷᠡᠭᠵᠢᠭᠦᠯᠦᠭᠳᠡᠨ᠎ᠡ᠃ ᠶᠡᠷᠦᠩᠬᠡᠶ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠲᠣᠳᠣᠷᠬᠠᠶᠢᠯᠠᠨ | ᠥᠭᠦᠯᠡᠬᠦ ᠳᠡᠭᠡᠨ ᠴᠢᠬᠤᠯᠠᠴᠢᠯᠠᠭᠰᠠᠨ ᠨᠢ᠂ ᠶᠠᠳᠠᠭᠤ ᠶᠢ ᠲᠡᠳᠬᠦᠨ ᠨᠡᠭᠡᠭᠡᠨ ᠬᠥᠭᠵᠢᠭᠦᠯᠬᠦ ᠪᠣᠯ ᠮᠠᠨ ᠤ ᠤᠯᠤᠰ ᠤᠨ | ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢᠨ ᠭᠤᠣᠯᠳᠠᠯᠭ᠎ᠠ ᠲᠠᠢ ᠠᠵᠢᠯ ᠮᠥᠨ᠂ ᠲᠤᠯᠭᠠᠮ᠎ᠠ | ᠰᠡᠳᠬᠢᠯᠭᠡ ᠪᠠᠨ ᠴᠢᠩᠭᠠᠳᠬᠠᠨ᠂ ︽ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠲᠤᠶᠢᠯ ᠤᠨ | ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ︾ ᠶᠢ ᠭᠦᠨᠵᠡᠭᠡᠶ ᠬᠡᠷᠡᠭᠵᠢᠭᠦᠯᠬᠦ ᠬᠡᠷᠡᠭᠲᠡᠢ᠂ ᠬᠦᠴᠢᠷᠳᠡᠯᠲᠡᠶ | ᠭᠠᠵᠠᠷ ᠣᠷᠣᠨ ᠪᠣᠯᠤᠨ ᠬᠦᠴᠢᠷᠳᠡᠯᠲᠡᠶ ᠤᠯᠠᠨ ᠲᠦᠮᠡᠨ ᠢ ᠡᠩᠨᠡᠭᠡ ᠠᠴᠠ ᠪᠠᠨ ᠬᠤᠴᠣᠷᠤᠭᠤᠯᠵᠤ ᠤᠭᠳᠤ ᠪᠣᠯᠬᠤ | ᠦᠭᠡᠢ ᠭᠡᠵᠡᠢ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ | ᠬᠠᠮᠲᠤᠷᠠᠯᠴᠠᠭ᠎ᠠ ᠪᠣᠯ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠪᠦᠷᠢᠯᠳᠦᠬᠦᠨ ᠬᠡᠰᠡᠭ | ᠮᠥᠨ᠂ ᠲᠥᠪ ᠤᠨ ᠪᠠᠶᠢᠷᠢᠯᠠᠭᠤᠯᠤᠯᠲᠠ ᠶᠣᠰᠣᠭᠠᠷ᠂ ᠪᠡᠭᠡᠵᠢᠩ ᠬᠤᠲᠠ ᠮᠠᠨ ᠤ ᠣᠷᠣᠨ ᠤ ᠶᠠᠳᠠᠭᠤ ᠬᠦᠴᠢᠷᠳᠡᠯᠲᠡᠶ | ᠬᠥᠮᠦᠨ ᠠᠮᠠ ᠪᠠᠷ ᠬᠠᠮᠤᠭ ᠤᠨ ᠣᠯᠠᠨ ᠤᠯᠠᠭᠠᠨᠬᠠᠳᠠ᠂ ᠤᠯᠠᠭᠠᠨᠴᠠᠪ ᠬᠤᠶᠠᠷ ᠬᠤᠳᠠ ᠶᠢ ᠠᠵᠢᠯ | ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠨᠢ ᠮᠠᠨ ᠤ ᠣᠷᠣᠨ 2017 ᠣᠨ ᠳᠤ ᠶᠠᠳᠠᠭᠤ ᠠᠴᠠ | ᠠᠩᠭᠢᠵᠢᠷᠠᠭᠤᠯᠬᠤ ᠬᠠᠷᠠᠯᠲᠠ ᠪᠠᠨ ᠤᠷᠢᠳᠴᠢᠯᠠᠨ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ | ᠶᠢᠨ ᠳᠠᠶᠢᠨ ᠳᠤ ᠢᠯᠠᠯᠲᠠ ᠣᠯᠬᠤ ᠶᠢᠨ ᠴᠢᠬᠤᠯᠠ ᠶᠡᠭᠡ ᠠᠵᠠ ᠲᠣᠬᠢᠶᠠᠯ ᠪᠣᠯᠪᠠ᠃ | ᠬᠤᠶᠠᠷ ᠲᠤ ︽ᠨᠢᠭᠡ ᠪᠦᠰᠡ ᠨᠢᠭᠡ ᠵᠠᠮ︾ ᠤᠨ ᠨᠡᠭᠡᠭᠡᠯᠲᠡᠲᠦ ᠪᠠᠶᠢᠷᠢᠰᠢᠯ ᠴᠣᠭᠴᠠᠯᠠᠭᠳᠠᠨᠠ᠃ ᠨᠠᠮ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠠᠴᠠ ᠨᠡᠭᠡᠭᠡᠯᠲᠡᠲᠦ | ᠬᠡᠯᠪᠡᠷᠢ ᠶᠢᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠤᠨ | ᠪᠠᠶᠢᠯᠳᠤᠬᠤ ᠪᠤᠳᠤᠯᠭ᠎ᠠ ᠶᠢ ᠲᠦᠷᠭᠡᠪᠴᠢᠯᠡᠨ ᠬᠡᠷᠡᠭᠵᠢᠭᠦᠯᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ | ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ ᠭᠡᠵᠦ ᠳᠤᠷᠠᠳᠪᠠ᠃ | ᠥᠪᠥᠷ ᠮᠣᠩᠭᠤᠯ ᠣᠷᠣᠰ᠂ ᠮᠣᠩᠭᠤᠯ ᠲᠠᠢ ᠬᠥᠷᠰᠢᠯᠡᠵᠦ᠂ ᠧᠦ᠋ᠷᠣᠫᠠ ᠲᠢᠪ ᠲᠠᠢ ᠨᠡᠪᠲᠡᠷᠡᠯᠴᠡᠵᠦ᠂ ᠤᠯᠤᠰ ᠤᠨ | ᠡᠷᠬᠢᠨ ᠲᠣᠭᠤᠷᠢᠨ ᠪᠣᠯᠤᠨ ᠤᠮᠠᠷᠠᠰᠢ ᠨᠡᠭᠡᠭᠡᠯᠲᠡ ᠬᠢᠬᠦ ᠶᠡᠭᠡ ᠪᠠᠶᠢᠷᠢᠰᠢᠯ ᠳᠤ ᠴᠢᠬᠤᠯᠠ ᠪᠠᠶᠢᠷᠢ ᠰᠠᠭᠤᠷᠢ ᠲᠠᠢ | ᠪᠠᠶᠢᠳᠠᠭ᠃ ᠪᠡᠭᠡᠵᠢᠩ ᠥᠪᠥᠷ ᠮᠣᠩᠭᠤᠯ ᠬᠤᠶᠠᠷ ᠭᠠᠵᠠᠷ ᠳᠥᠭᠦᠮ ᠳᠥᠲᠡ ᠵᠠᠮ ᠬᠠᠷᠢᠯᠴᠠᠭ᠎ᠠ ᠳᠤ ᠲᠦᠰᠢᠭᠯᠡᠨ᠂ | ᠪᠡᠭᠡᠵᠢᠩ ᠤᠨ ᠳᠡᠭᠡᠳᠦ ᠲᠡᠰ ᠤᠨ ᠠᠵᠤ ᠦᠢᠯᠡᠰ ᠤᠨ ᠳᠠᠪᠠᠭᠤᠯᠢᠭ ᠪᠣᠯᠣᠨ ᠥᠪᠥᠷ ᠮᠣᠩᠭᠤᠯ ᠤᠨ ᠡᠯᠪᠡᠭ ᠪᠠᠶᠠᠨ | ᠡᠬᠢ ᠪᠠᠶᠠᠯᠢᠭ᠂ ᠪᠣᠭᠤᠮᠲᠠ ᠶᠢᠨ ᠳᠥᠭᠦᠮ ᠳᠥᠲᠡ ᠳᠠᠪᠠᠭᠤᠯᠢᠭ ᠢ ᠪᠠᠳᠠᠷᠠᠭᠤᠯᠵᠤ᠂ ᠠᠵᠤ ᠦᠢᠯᠡᠰ ᠂ ᠡᠬᠢ ᠪᠠᠶᠠᠯᠢᠭ | ᠬᠢᠭᠡᠳ ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠭᠰᠡᠨ ᠣᠷᠣᠰ ᠮᠣᠩᠭᠤᠯ | ᠬᠢᠭᠡᠳ ᠧᠦ᠋ᠷᠣᠫᠠ ᠳᠤ ᠨᠡᠪᠲᠡᠷᠡᠬᠦ ᠠᠵᠤ ᠠᠬᠤᠶ ᠶᠢᠨ ᠬᠤᠩᠭᠢᠯ ᠢ ᠬᠠᠮᠲᠤᠪᠠᠷ ᠴᠣᠭᠴᠠᠯᠠᠵᠤ᠂ ︽ᠲᠠᠯ᠎ᠠ | ᠨᠤᠲᠤᠭ ᠤᠨ ᠲᠣᠷᠭᠠᠨ ᠵᠠᠮ︾ ᠤᠨ ᠴᠢᠬᠤᠯᠠ ᠠᠵᠤ ᠠᠬᠤᠶ ᠶᠢᠨ ᠵᠠᠮ ᠢ ᠬᠠᠮᠲᠤᠪᠠᠷ ᠪᠠᠶᠢᠭᠤᠯᠬᠤ ᠪᠣᠯᠣᠨ᠎ᠠ᠃ | ᠭᠤᠷᠪᠠ ᠳᠤ᠂ ᠪᠡᠭᠡᠵᠢᠩ ᠲᠢᠶᠠᠨᠵᠢᠨ ᠾᠧᠪᠸᠢ ᠬᠠᠮᠵᠢᠯᠴᠠᠨ ᠬᠥᠭᠵᠢᠭᠦᠯᠵᠦ ᠪᠠᠶᠢᠨ᠎ᠠ᠃ ᠮᠠᠨ ᠤ ᠤᠯᠤᠰ ᠤᠨ | ᠠᠵᠤ ᠠᠬᠤᠶ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠬᠤ ᠶᠢ ᠳᠠᠭᠠᠯᠳᠤᠨ᠂ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠨᠢ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠰᠢᠨ᠎ᠡ ᠬᠥᠳᠡᠯᠭᠡᠭᠴᠢ ᠬᠦᠴᠦᠨ ᠪᠣᠯᠪᠠ᠃ | ᠤᠯᠤᠰ ᠠᠴᠠ ᠪᠡᠭᠡᠵᠢᠩ ᠲᠢᠶᠠᠨᠵᠢᠨ ᠾᠧᠪᠸᠢ ᠶᠢ ᠬᠠᠮᠵᠢᠯᠴᠠᠭᠤᠯᠤᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠶᠢ ᠳᠤᠷᠠᠳᠴᠤ᠂ ᠪᠡᠭᠡᠵᠢᠩ ᠳᠤ ︽ᠳᠥᠷᠪᠡᠨ ᠲᠥᠪ︾ ᠤᠨ ᠰᠢᠨ᠎ᠡ ᠳᠠᠪᠠᠭᠤᠯᠢᠭ ᠢ ᠴᠣᠭᠴᠠᠯᠠᠵᠤ᠂ | ᠨᠡᠶᠢᠰᠯᠡᠯ ᠬᠤᠲᠠ ᠶᠢᠨ ᠪᠤᠰᠤ ᠴᠢᠳᠠᠮᠵᠢ ᠶᠢ ᠲᠦᠷᠭᠡᠳᠬᠡᠨ ᠰᠠᠯᠭᠠᠵᠤ᠂ ᠬᠥᠭᠵᠢᠯᠲᠡ ᠶᠢᠨ ᠣᠷᠴᠢᠨ ᠨᠥᠬᠦᠴᠡᠯ ᠪᠠ | ᠣᠷᠣᠨ ᠵᠠᠶ ᠶᠢᠨ ᠪᠠᠶᠢᠷᠢᠰᠢᠭᠤᠯᠤᠯ ᠢᠶᠠᠨ ᠰᠢᠯᠢᠳᠡᠭᠵᠢᠭᠦᠯᠬᠦ ᠶᠢ ᠱᠠᠭᠠᠷᠳᠠᠪᠠ᠃ ᠥᠪᠥᠷ ᠮᠣᠩᠭᠤᠯ ᠪᠡᠭᠡᠵᠢᠩ ᠲᠠᠢ | ᠬᠦᠷᠰᠢᠯᠡᠵᠦ᠂ ᠡᠬᠢ ᠪᠠᠶᠠᠯᠢᠭ ᠡᠯᠪᠡᠭ ᠳᠡᠯᠪᠡᠭ᠂ ᠣᠷᠣᠨ ᠵᠠᠶ ᠥᠷᠭᠡᠨ ᠠᠭᠤᠳᠠᠮ ᠪᠣᠯᠬᠤᠷ᠂ ᠪᠡᠭᠡᠵᠢᠩ ᠤᠨ ᠠᠵᠤ | ᠦᠢᠯᠡᠰ ᠤᠨ ᠰᠢᠯᠵᠢᠯᠲᠡ ᠪᠠ ᠴᠢᠳᠠᠮᠵᠢ ᠶᠢᠨ ᠰᠠᠯᠭᠠᠯᠲᠠ ᠶᠢ ᠵᠢᠯᠣᠭᠤᠳᠤᠨ ᠵᠣᠬᠢᠴᠠᠭᠤᠯᠬᠤ ᠶᠢ ᠬᠦᠯᠢᠶᠡᠨ ᠠᠪᠴᠤ᠂ | ᠪᠡᠭᠡᠵᠢᠩ ᠤᠨ ᠬᠥᠭᠵᠢᠯᠲᠡ ᠶᠢᠨ ᠪᠣᠭᠤᠮᠢ ᠶᠢ ᠰᠢᠪᠲᠤᠯᠬᠤ ᠶᠢ ᠨᠠᠮᠳᠠᠭᠤᠯᠬᠤ ᠳᠤ ᠴᠢᠬᠤᠯᠠ ᠲᠤᠯᠭᠠᠭᠤᠷᠢ ᠬᠠᠩᠭᠠᠵᠤ᠂ | ᠬᠤᠶᠠᠷ ᠭᠠᠵᠠᠷ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠰᠢᠨ᠎ᠡ ᠬᠥᠳᠡᠯᠭᠡᠬᠦ ᠬᠦᠴᠦᠨ ᠢ ᠴᠢᠩᠭᠠᠷᠠᠭᠤᠯᠵᠤ᠂ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ | ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ | ᠪᠣᠯᠣᠨ᠎ᠠ᠃ | ᠬᠥᠲᠥᠯᠥᠭᠴᠢ᠄ | ︽13·5︾ ᠶᠢᠨ ᠬᠤᠭᠤᠴᠠᠭᠠᠨ ᠳᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ | ᠬᠠᠮᠲᠤᠷᠠᠯᠴᠠᠭ᠎ᠠ ᠳᠤ ᠶᠠᠮᠠᠷ ᠶᠠᠮᠠᠷ ᠵᠢᠯᠣᠭᠤᠳᠬᠤ ᠦᠵᠡᠯ ᠰᠠᠨᠠᠭ᠎ᠠ ᠶᠢ ᠪᠠᠷᠢᠮᠲᠠᠯᠠᠬᠤ ᠪᠤᠢ︖ | ᠺᠧ ᠶᠦᠩ ᠭᠦᠸᠧ᠄ | ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠵᠢᠯᠣᠭᠤᠳᠬᠤ ᠦᠵᠡᠯ ᠰᠠᠨᠠᠭ᠎ᠠ ᠪᠣᠯ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ | ᠰᠠᠨᠠᠭ᠎ᠠ ᠢᠯᠠᠩᠭᠤᠶ᠎ᠠ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠲᠤᠬᠠᠶ ᠴᠢᠬᠤᠯᠠ | ᠵᠢᠭᠠᠪᠤᠷᠢ ᠶᠢ ᠭᠦᠨᠵᠡᠭᠡᠶ ᠲᠤᠤᠱᠯᠠᠭᠤᠯᠵᠤ᠂ ᠲᠥᠪ ᠤᠨ ︽ᠳᠥᠷᠪᠡᠨ ᠪᠦᠬᠦ ᠲᠠᠯ᠎ᠠ ᠶᠢᠨ︾ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ︽ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠲᠤᠯ | ᠦᠭᠡᠢ᠂ ᠨᠡᠭᠡᠭᠡᠯᠳᠡ ᠬᠢᠬᠦ᠂ ᠬᠠᠮᠲᠤ ᠪᠠᠷ ᠡᠳ᠋ᠯᠡᠬᠦ︾ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢ | ᠦᠢᠯᠡᠳᠦᠯᠭᠡᠵᠢᠭᠦᠯᠵᠦ᠂ ︽ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠵᠣᠬᠢᠴᠠᠩᠭᠤᠶ ᠪᠠᠷ | ᠬᠥᠭᠵᠢᠭᠦᠯᠬᠦ︾ ᠪᠠᠷ ᠭᠤᠣᠯ ᠰᠡᠳᠦᠪ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠣᠯᠣᠨ ᠣᠷᠣᠨ | ᠪᠦᠰᠡ ᠶᠢᠨ ᠬᠥᠭᠵᠢᠯᠲᠡ ᠶᠢ ᠨᠢᠭᠲᠠ ᠤᠶᠠᠯᠳᠤᠭᠤᠯᠤᠨ ᠵᠣᠬᠢᠴᠠᠯᠳᠤᠭᠤᠯᠬᠤ ᠪᠠᠷ ᠭᠤᠣᠯ ᠰᠢᠵᠢᠮ ᠪᠤᠯᠭᠠᠬᠤ ᠶᠢ | ᠲᠦᠯᠬᠢᠨ ᠠᠬᠢᠭᠤᠯᠵᠤ᠂ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠵᠢᠯ ᠲᠦᠷᠦᠯ ᠢᠶᠠᠷ ᠢᠶᠠᠨ | ᠬᠠᠪᠰᠤᠷᠤᠨ ᠲᠡᠳᠬᠦᠬᠦ ᠪᠠ ᠣᠷᠣᠨ ᠪᠦᠰᠡ ᠶᠢᠨ ᠬᠠᠮᠲᠤᠷᠠᠯᠴᠠᠭᠠᠨ ᠤ ᠵᠠᠭᠪᠤᠷ ᠶᠢᠨ ᠰᠢᠨ᠎ᠡ ᠶᠢ ᠡᠭᠦᠳᠴᠦ᠂ ᠠᠵᠤ | ᠦᠢᠯᠡᠰ᠂ ᠰᠠᠭᠤᠷᠢ ᠪᠡᠯᠡᠳᠬᠡᠮᠵᠢ ᠂ ᠨᠡᠶᠢᠭᠡᠮ ᠤᠨ ᠡᠬᠢ ᠪᠠᠶᠠᠯᠢᠭ ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ | ᠬᠦᠷᠢᠶᠡᠨ ᠳᠤ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠭᠦᠯᠬᠦ ᠬᠠᠷᠢᠯᠴᠠᠨ ᠨᠥᠬᠦᠪᠥᠷᠢᠯᠡᠬᠦ ᠲᠤᠭᠤᠷᠢᠨ ᠳᠤ ᠲᠤᠶᠢᠯ | ᠤᠨ ᠣᠨᠣᠪᠴᠢᠲᠠᠢ ᠪᠠᠷ ᠬᠠᠪᠰᠤᠷᠤᠨ ᠲᠡᠳᠬᠦᠬᠦ᠂ ᠠᠵᠤ ᠦᠢᠯᠡᠰ ᠢ ᠵᠣᠯᠭᠠᠭᠤᠯᠬᠤ᠂ ᠰᠠᠭᠤᠷᠢ ᠪᠡᠯᠡᠳᠬᠡᠮᠵᠢ ᠶᠢ | ᠳᠡᠭᠡᠭᠰᠢᠯᠡᠭᠦᠯᠬᠦ᠂ ᠠᠮᠢ ᠠᠬᠤᠶ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠤᠯᠠᠨ | ᠨᠡᠶᠢᠲᠡ ᠶᠢᠨ ᠦᠢᠯᠡᠴᠢᠯᠡᠭᠡ ᠶᠢ ᠪᠦᠷᠢᠨᠰᠢᠭᠦᠯᠬᠦ ᠵᠢᠴᠢ ᠣᠷᠣᠨ ᠪᠦᠰᠡ ᠶᠢᠨ ᠨᠡᠭᠡᠭᠡᠯᠲᠡ ᠬᠢᠵᠤ ᠬᠠᠮᠵᠢᠯᠴᠠᠬᠤ | ᠳᠣᠯᠣᠭᠠᠨ ᠶᠡᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠣᠷᠣᠨ ᠪᠦᠰᠡ ᠶᠢᠨ | ᠬᠠᠮᠲᠤᠷᠠᠯᠴᠠᠭ᠎ᠠ ᠶᠢᠨ ᠰᠢᠨ᠎ᠡ ᠪᠠᠶᠢᠳᠠᠯ ᠢ ᠪᠤᠢ ᠪᠣᠯᠭᠠᠵᠤ᠂ ᠪᠡᠭᠡᠵᠢᠩ ᠢ ᠳᠡᠯᠡᠬᠡᠶ ᠶᠢᠨ ᠲᠡᠷᠢᠭᠦᠨ ᠤ ᠡᠶ᠎ᠡ | ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠨᠡᠶᠢᠰᠯᠡᠯ ᠪᠣᠯᠭᠠᠨ ᠪᠠᠶᠢᠭᠤᠯᠬᠤ ᠰᠢᠨ᠎ᠡ ᠬᠠᠷᠠᠯᠲᠠ ᠶᠢ | ᠪᠡᠶᠡᠯᠡᠭᠦᠯᠬᠦ ᠶᠢ ᠠᠬᠢᠭᠤᠯᠵᠤ᠂ ᠥᠪᠥᠷ ᠮᠣᠩᠭᠤᠯ ᠢ ᠡᠬᠡ ᠤᠯᠤᠰ ᠤᠨ ᠤᠮᠠᠷᠠᠲᠤ ᠬᠢᠯᠢ ᠶᠢᠨ ᠨᠡᠩ ᠰᠠᠶᠢᠬᠠᠨ | ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠪᠠᠷ ᠴᠢᠷᠮᠠᠶᠢᠬᠤ ᠶᠠᠪᠤᠳᠠᠯ ᠪᠣᠯᠣᠨ᠎ᠠ᠃ | ᠬᠥᠲᠥᠯᠥᠭᠴᠢ᠄ | ᠺᠧ ᠡᠷᠬᠢᠯᠡᠭᠴᠢ ᠡ ︽13·5︾ ᠶᠢᠨ ᠬᠤᠭᠤᠴᠠᠭᠠᠨ ᠳᠤ ᠪᠡᠭᠡᠵᠢᠩ ᠥᠪᠥᠷ ᠮᠣᠩᠭᠤᠯ ᠤᠨ | ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠭᠤᠣᠯ ᠬᠠᠷᠠᠯᠲᠠ ᠨᠢ ᠶᠠᠭᠤ ᠪᠤᠶ︖ | ᠺᠧ ᠶᠦᠩ ᠭᠦᠸᠧ᠄ | ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠣᠯ ᠬᠠᠷᠠᠯᠲᠠ ᠶᠢ ᠬᠤᠶᠠᠷ ᠱᠠᠲᠤ | ᠬᠤᠪᠢᠶᠠᠵᠤ ᠪᠣᠯᠤᠨ᠎ᠠ᠃ | 2017 ᠣᠨ ᠪᠣᠯᠬᠤ ᠳᠤ᠂ ᠠᠵᠢᠯ ᠳᠦᠷᠦᠯ ᠢᠶᠠᠷ ᠢᠶᠠᠨ ᠬᠠᠪᠰᠤᠷᠤᠨ ᠲᠡᠳᠬᠦᠬᠦ ᠶᠢ ᠮᠥᠨ ᠴᠢᠨᠠᠷ ᠤᠨ | ᠠᠭᠢᠯᠳᠠ ᠲᠠᠢ ᠪᠣᠯᠭᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠪᠦᠬᠦ | ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠤᠯᠠᠭᠠᠨᠬᠠᠳᠠ | ᠬᠤᠳᠠ᠂ ᠤᠯᠠᠭᠠᠨᠴᠠᠪ ᠬᠤᠳᠠ ᠶᠢ ᠬᠠᠪᠰᠤᠷᠤᠨ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠂ ᠬᠠᠷᠢᠴᠠᠯᠠᠰᠢ | ᠥᠭᠡᠢ ᠶᠠᠳᠠᠭᠤ ᠶᠢ ᠤᠰᠠᠳᠬᠠᠬᠤ ᠶᠢ ᠠᠬᠢᠭᠤᠯᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠬᠤᠷᠰᠢᠯᠴᠠᠬᠤ ᠪᠠᠶᠢᠭᠤᠯᠤᠯ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ | ᠡᠯ᠎ᠡ ᠵᠦᠢᠯ ᠤᠨ ᠭᠤᠣᠯᠳᠠᠯᠭ᠎ᠠ ᠲᠠᠢ ᠬᠦᠷᠢᠶᠡᠨ ᠳᠠᠬᠢ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠤᠨ᠎ᠠ᠃ | 2020 ᠣᠨ ᠪᠣᠯᠬᠤ ᠳᠤ᠂ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠳᠤ ᠢᠯᠡᠳᠲᠡ | ᠦᠷ᠎ᠡ ᠪᠦᠲᠦᠮᠵᠢ ᠣᠯᠵᠤ᠂ ᠪᠡᠭᠡᠵᠢᠩ ᠠᠴᠠ ᠤᠯᠠᠭᠠᠨᠬᠠᠳᠠ᠂ ᠤᠯᠠᠭᠠᠨᠴᠠᠪ ᠬᠤᠶᠠᠷ ᠬᠤᠳᠠ ᠶᠢ ᠠᠵᠢᠯ | ᠲᠥᠷᠥᠯ ᠢᠶᠠᠷ ᠢᠶᠠᠨ ᠬᠠᠪᠰᠤᠷᠤᠨ ᠳᠡᠳᠬᠦᠬᠦ ᠠᠵᠢᠯ ᠢ ᠪᠦᠬᠦ ᠤᠯᠤᠰ ᠤᠨ ᠵᠡᠭᠦᠨ ᠪᠠᠷᠠᠭᠤᠨ ᠪᠦᠰᠡ ᠶᠢᠨ ᠶᠠᠳᠠᠭᠤ ᠶᠢ | ᠲᠡᠳᠬᠦᠬᠦ ᠬᠠᠮᠲᠤᠷᠠᠯᠴᠠᠭ᠎ᠠ ᠶᠢᠨ ᠠᠵᠢᠯ ᠳᠤ ᠣᠷᠣᠶᠢᠯᠠᠭᠤᠯᠤᠨᠠ᠃ ᠣᠷᠣᠨ ᠪᠦᠰᠡ ᠶᠢᠨ ᠬᠠᠮᠲᠤᠷᠠᠯᠴᠠᠭᠠᠨ ᠤ | ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠭᠠᠷᠭᠠᠵᠤ᠂ ᠬᠠᠮᠲᠤᠷᠠᠨ ᠬᠥᠭᠵᠢᠬᠦ ᠪᠠᠶᠢᠭᠤᠯᠤᠯ ᠲᠣᠭᠲᠠᠴᠠ ᠶᠢ ᠨᠡᠩ | ᠪᠦᠷᠢᠨᠰᠢᠭᠦᠯᠵᠦ᠂ ᠬᠤᠶᠠᠷ ᠭᠠᠵᠠᠷ ᠤᠨ ᠠᠵᠤ ᠠᠬᠤᠶ ᠨᠡᠶᠢᠭᠡᠮ ᠤᠨ ᠬᠠᠮᠵᠢᠯᠴᠠᠨ ᠬᠥᠭᠵᠢᠬᠦ ᠬᠢᠷᠢ ᠬᠡᠮᠵᠢᠶ᠎ᠡ ᠶᠢ | ᠢᠯᠡᠳᠲᠡ ᠳᠡᠭᠡᠭᠰᠢᠯᠡᠭᠦᠯᠵᠦ᠂ ᠬᠠᠮᠲᠤᠷᠠᠯᠴᠠᠬᠤ ᠬᠦᠷᠢᠶ᠎ᠡ ᠬᠡᠪᠴᠢᠶ᠎ᠡ ᠪᠠ ᠭᠦᠨᠴᠡ ᠶᠢ ᠲᠠᠰᠤᠷᠠᠯᠲᠠ ᠦᠭᠡᠢ | ᠥᠷᠭᠡᠳᠬᠡᠨ᠎ᠡ᠃ | ᠬᠥᠲᠥᠯᠥᠭᠴᠢ᠄ | ︽13·5︾ ᠶᠢᠨ ᠬᠤᠭᠤᠴᠠᠭᠠᠨ ᠳᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ | ᠬᠠᠮᠲᠤᠷᠠᠯᠴᠠᠭᠠᠨ ᠤ ᠭᠤᠣᠯᠳᠠᠯᠭ᠎ᠠ ᠲᠠᠢ ᠲᠦᠯᠬᠢᠨ ᠠᠬᠢᠭᠤᠯᠬᠤ ᠡᠭᠦᠷᠭᠡ ᠨᠢ ᠶᠠᠭᠤ ᠪᠤᠢ︖ | ᠺᠧ ᠶᠦᠩ ᠭᠦᠸᠧ᠄ | ᠭᠤᠣᠯᠳᠠᠯᠭ᠎ᠠ ᠲᠠᠢ ᠲᠦᠯᠬᠢᠨ ᠠᠬᠢᠭᠤᠯᠬᠤ ᠡᠭᠦᠷᠭᠡ ᠳᠤ ᠭᠤᠣᠯᠳᠠᠭᠤ ᠳᠣᠣᠷᠠᠬᠢ ᠬᠤᠶᠠᠷ ᠲᠠᠯ᠎ᠠ | ᠪᠠᠭᠲᠠᠨ᠎ᠠ᠃ | ᠨᠢᠭᠡ ᠳᠤ ᠥᠪᠥᠷ ᠮᠣᠩᠭᠤᠯ ᠤᠨ ᠭᠤᠣᠯᠳᠠᠯᠭ᠎ᠠ ᠲᠠᠢ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢ ᠡᠷᠴᠢᠮᠯᠡᠨ ᠠᠬᠢᠭᠤᠯᠬᠤ ᠪᠣᠯᠣᠨ᠎ᠠ᠃ ᠨᠢᠭᠡ ᠲᠠᠯ᠎ᠠ ᠪᠠᠷ ︽ᠨᠢᠭᠡ ᠶᠢ ᠨᠢᠭᠡ ᠳᠤᠨᠢ ᠳᠠᠭᠠᠭᠠᠯᠭᠠᠬᠤ︾ | ᠬᠤᠣᠰᠯᠠᠯ ᠪᠣᠯᠵᠤ ᠬᠠᠪᠰᠤᠷᠤᠨ ᠲᠡᠳᠬᠦᠬᠦ ᠬᠠᠷᠢᠴᠠᠭ᠎ᠠ ᠶᠢ ᠲᠣᠬᠢᠷᠠᠭᠤᠯᠤᠨ ᠪᠦᠷᠢᠨᠰᠢᠭᠦᠯᠦᠨ᠎ᠡ᠃ ︽ᠲᠦᠢᠯ ᠤᠨ | ᠣᠨᠤᠪᠴᠢᠲᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ︾ | ᠠᠵᠢᠯ ᠤᠨ ᠱᠠᠭᠠᠷᠳᠠᠯᠭ᠎ᠠ ᠪᠣᠯᠣᠨ ︽ᠲᠠᠪᠤᠨ ᠨᠢᠭᠡ ᠪᠦᠯᠦᠭ︾ ᠤᠨ ᠶᠠᠳᠠᠭᠤ ᠠᠴᠠ ᠠᠩᠭᠢᠵᠢᠷᠠᠭᠤᠯᠬᠤ ᠠᠷᠭ᠎ᠠ | ᠵᠠᠮ ᠢᠶᠠᠷ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ ᠶᠢ ᠦᠷᠭᠦᠯᠵᠢᠯᠡᠨ ᠬᠦᠴᠦ ᠪᠠᠨ ᠲᠥᠪᠯᠡᠷᠡᠭᠦᠯᠦᠨ ᠠᠵᠢᠯ | ᠲᠥᠷᠥᠯ ᠢᠶᠠᠷ ᠢᠶᠠᠨ ᠬᠠᠪᠰᠤᠷᠤᠨ ᠲᠡᠳᠬᠦᠨ᠎ᠡ᠃ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ | ᠤᠯᠠᠨ ᠨᠡᠶᠢᠲᠡ ᠶᠢᠨ ᠦᠢᠯᠡᠴᠢᠯᠡᠭᠡᠨ ᠤ ᠦᠨᠳᠦᠰᠦᠨ ᠬᠢᠷᠢ ᠲᠥᠪᠰᠢᠨ ᠢ ᠳᠡᠭᠡᠭᠰᠢᠯᠡᠭᠦᠯᠬᠦ᠂ ᠬᠥᠭᠵᠢᠯᠲᠡ ᠶᠢᠨ | ᠴᠢᠳᠠᠪᠤᠷᠢ ᠶᠢ ᠳᠡᠭᠡᠭᠰᠢᠯᠡᠭᠦᠯᠬᠦ ᠨᠢᠭᠡ ᠪᠦᠯᠦᠭ ᠬᠠᠪᠰᠤᠷᠤᠨ ᠲᠡᠳᠬᠦᠬᠦ ᠲᠥᠷᠥᠯ ᠵᠦᠢᠯ ᠢ ᠭᠤᠣᠯᠳᠠᠯᠭ᠎ᠠ ᠲᠠᠢ | ᠬᠡᠷᠡᠭᠵᠢᠭᠦᠯᠵᠦ᠂ ᠬᠤᠶᠠᠷ ᠬᠤᠳᠠ ᠶᠢᠨ ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ | ᠲᠤᠰᠠᠯᠠᠮᠵᠢ ᠦᠵᠡᠭᠦᠯᠦᠨ᠎ᠡ᠃ ᠡᠭᠦᠨ ᠤ ᠬᠠᠮᠲᠤ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠶᠢᠨ ᠬᠠᠷᠢᠶᠠᠨ ᠳᠠᠬᠢ | ᠤᠯᠤᠰ ᠤᠨ ᠶᠠᠳᠠᠭᠤ ᠶᠢ ᠲᠡᠳᠬᠦᠬᠦ ᠠᠵᠢᠯ ᠤᠨ ᠭᠤᠣᠯᠳᠠᠯᠭ᠎ᠠ ᠲᠠᠢ 16 ᠰᠢᠶᠠᠨ ︵ᠬᠤᠰᠢᠭᠤ︶ ᠳᠤ ᠪᠦᠷᠢᠨ | ᠪᠦᠷᠬᠦᠭᠦᠯᠬᠦ ᠵᠠᠷᠴᠢᠮ ᠢᠶᠠᠷ᠂ ︽ᠨᠢᠭᠡ ᠶᠢ ᠨᠢᠭᠡ ᠳᠤᠨᠢ ᠳᠠᠭᠠᠭᠠᠯᠭᠠᠬᠤ︾ ᠬᠤᠣᠰᠯᠠᠯ ᠪᠣᠯᠵᠤ ᠲᠡᠳᠬᠦᠬᠦ | ᠬᠠᠷᠢᠴᠠᠭ᠎ᠠ ᠶᠢ ᠤᠯᠠᠮ ᠨᠢᠭᠡ ᠠᠯᠬᠤᠮ ᠲᠣᠬᠢᠷᠠᠭᠤᠯᠤᠨ ᠪᠦᠷᠢᠨᠰᠢᠭᠦᠯᠦᠨ᠎ᠡ᠃ ᠨᠦᠬᠦᠭᠡ ᠲᠠᠯ᠎ᠠ ᠪᠠᠷ ᠡᠳ᠋ ᠤᠨ | ᠵᠠᠰᠠᠭ ᠤᠨ ᠪᠡᠯᠡ ᠮᠥᠩᠭᠦᠨ ᠤ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ︽13·5︾ | ᠶᠢᠨ ᠬᠤᠭᠤᠴᠠᠭᠠᠨ ᠳᠤ᠂ ᠪᠡᠭᠡᠵᠢᠩ ᠬᠤᠲᠠ ᠶᠢᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠲᠤᠰᠬᠠᠶ | ᠪᠡᠯᠡ ᠮᠥᠩᠭᠦ ᠲᠣᠬᠢᠷᠠᠭᠤᠯᠬᠤ ᠪᠠᠷᠢᠮᠵᠢᠶ᠎ᠠ ᠶᠢ ︽12·5︾ ᠶᠢᠨ ᠬᠤᠭᠤᠴᠠᠭᠠᠨ ᠤ ᠬᠢ ᠠᠴᠠ ᠳᠣᠣᠷ᠎ᠠ | ᠪᠠᠶᠢᠯᠭᠠᠬᠤ ᠦᠭᠡᠢ ᠪᠠᠶᠢᠵᠤ᠂ ᠮᠠᠨ ᠤ ᠤᠷᠤᠨ 1᠄1 ᠶᠢᠨ ᠬᠠᠷᠢᠴᠠᠯ ᠢᠶᠠᠷ ᠢᠵᠢ ᠪᠦᠷᠢᠳᠦᠭᠰᠡᠨ ᠪᠡᠯᠡ ᠮᠥᠩᠭᠦ | ᠲᠣᠬᠢᠷᠠᠭᠤᠯᠤᠨ᠎ᠠ᠃ | ᠬᠤᠶᠠᠷ ᠲᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠦᠢᠯᠡᠴᠢᠯᠡᠭᠡᠨ ᠤ ᠦᠢᠯᠡᠰ᠂ ᠴᠡᠪᠡᠷ | ᠡᠨᠧᠷᠭᠢ᠂ ᠤᠯᠠᠨ ᠨᠡᠶᠢᠲᠡ ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ᠂ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠢᠯᠭᠡᠭᠡ᠂ ᠰᠠᠭᠤᠷᠢ ᠪᠡᠯᠡᠳᠬᠡᠮᠵᠢ ᠪᠣᠯᠤᠨ ᠤᠯᠤᠰ ᠤᠨ ︽ᠨᠢᠭᠡ ᠪᠦᠰᠡ ᠨᠢᠭᠡ ᠵᠠᠮ︾ | ᠳᠤ ᠦᠢᠯᠡᠴᠢᠯᠡᠬᠦ ᠪᠠᠶᠢᠯᠳᠤᠬᠤ ᠪᠤᠳᠤᠯᠭ᠎ᠠ ᠵᠡᠷᠭᠡ ᠬᠦᠷᠢᠶᠡᠨ ᠳᠠᠬᠢ ᠪᠦᠬᠦ ᠲᠠᠯ᠎ᠠ ᠶᠢᠨ ᠬᠠᠮᠲᠤᠷᠠᠯᠴᠠᠭᠠᠨ ᠤ | ᠡᠷᠴᠢᠮ ᠢᠶᠠᠨ ᠤᠯᠠᠮ ᠴᠢᠩᠭᠠᠷᠠᠭᠤᠯᠣᠨ᠎ᠠ᠃ ᠨᠢᠭᠡ ᠳᠤ ᠣᠷᠣᠨ ᠪᠦᠰᠡ ᠶᠢᠨ ᠠᠮᠢ ᠠᠬᠤᠶ ᠶᠢᠨ ᠪᠣᠬᠢᠷᠲᠤᠯ ᠦᠭᠡᠢ | ᠬᠠᠯᠬᠠᠪᠴᠢ ᠶᠢ ᠬᠦᠴᠦᠯᠡᠨ ᠪᠠᠶᠢᠭᠤᠯᠵᠤ᠂ ᠠᠮᠢ ᠠᠬᠤᠶ ᠶᠢᠨ ᠴᠢᠳᠠᠮᠵᠢᠳᠤ ᠣᠷᠣᠨ ᠤ ᠪᠦᠳᠦᠭᠡᠨ ᠪᠠᠶᠢᠭᠤᠯᠤᠯᠲᠠ ᠶᠢ | ᠬᠠᠮᠲᠤᠪᠠᠷ ᠠᠬᠢᠭᠤᠯᠤᠨ᠂ ᠣᠷᠴᠢᠨ ᠲᠣᠭᠤᠷᠢᠨ ᠤ ᠪᠣᠬᠢᠷᠲᠤᠯ ᠢ ᠬᠠᠮᠲᠤᠪᠠᠷ ᠰᠡᠷᠭᠡᠶᠢᠯᠡᠨ ᠡᠵᠡᠮᠳᠡᠬᠦ ᠶᠢ ᠬᠠᠮᠵᠢᠯᠴᠠᠨ | ᠠᠬᠢᠭᠤᠯᠤᠨ᠎ᠠ᠃ ᠬᠤᠶᠠᠷ ᠲᠤ ᠦᠢᠯᠡᠴᠢᠯᠡᠭᠡᠨ ᠤ ᠦᠢᠯᠡᠰ ᠤᠨ ᠬᠠᠮᠲᠤᠷᠠᠯᠴᠠᠭ᠎ᠠ ᠶᠢ ᠬᠦᠴᠦᠯᠡᠨ ᠠᠬᠢᠭᠤᠯᠵᠤ᠂ | ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠪᠣᠯᠣᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠭᠤᠷᠪᠠ ᠳᠤ ᠴᠡᠪᠡᠷ ᠡᠨᠧᠷᠭᠢ ᠳᠠᠮᠵᠢᠭᠤᠯᠤᠨ ᠬᠦᠷᠭᠡᠬᠦ ᠪᠠᠲᠤᠯᠠᠭ᠎ᠠ ᠶᠢᠨ | ᠴᠢᠳᠠᠪᠤᠷᠢ ᠶᠢ ᠬᠦᠴᠦ ᠲᠠᠯᠪᠢᠨ ᠳᠡᠭᠡᠭᠰᠢᠯᠡᠭᠦᠯᠵᠦ᠂ ᠤᠯᠠᠭᠠᠨᠬᠠᠳᠠ᠂ ᠤᠯᠠᠭᠠᠨᠴᠠᠪ ᠤᠨ ᠴᠡᠪᠡᠷ ᠡᠨᠧᠷᠭᠢ ᠭᠠᠷᠭᠠᠬᠤ | ᠰᠠᠭᠤᠷᠢᠨ ᠭᠠᠵᠠᠷ ᠢ ᠬᠠᠮᠲᠤ ᠪᠠᠷ ᠪᠦᠳᠤᠭᠡᠨ ᠪᠠᠶᠢᠭᠤᠯᠵᠤ᠂ ᠪᠡᠭᠡᠵᠢᠩ ᠤᠨ ᠬᠠᠮᠢᠶ᠎ᠠ ᠪᠦᠬᠦᠢ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠦᠪᠦᠷ ᠮᠣᠩᠭᠤᠯ ᠤᠨ ᠴᠡᠪᠡᠷ ᠡᠨᠧᠷᠭᠢ᠂ ᠨᠡᠭᠦᠷᠡᠰᠦ | ᠴᠠᠬᠢᠯᠭᠠᠨ ᠤ ᠨᠢᠭᠡ ᠴᠣᠭᠴᠠᠵᠢᠯ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠲᠥᠷᠥᠯ ᠵᠦᠢᠯ ᠤᠨ ᠪᠥᠳᠥᠭᠡᠨ | ᠪᠠᠶᠢᠭᠤᠯᠤᠯᠲᠠ ᠳᠤ ᠢᠳᠡᠪᠬᠢᠲᠡᠶ ᠤᠷᠤᠯᠴᠠᠭᠤᠯᠤᠨ᠎ᠠ᠃ ᠳᠥᠷᠪᠡ ᠳᠤ ᠨᠡᠶᠢᠭᠡᠮ ᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠬᠠᠮᠲᠤᠷᠠᠯᠴᠠᠭ᠎ᠠ ᠬᠠᠮᠲᠤ ᠪᠠᠷ ᠬᠥᠷᠲᠡᠬᠦ ᠶᠢ ᠡᠷᠴᠢᠮᠯᠡᠨ ᠠᠬᠢᠭᠤᠯᠵᠤ᠂ ᠰᠤᠷᠭᠠᠨ ᠬᠥᠮᠦᠵᠢᠯ᠂ | ᠰᠣᠶᠣᠯ ᠪᠣᠯᠪᠠᠰᠤᠷᠠᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ | ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠲᠠᠪᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ | ᠰᠢᠯᠵᠢᠯᠲᠡ ᠶᠢᠨ ᠬᠠᠮᠲᠤᠷᠠᠯᠴᠠᠭ᠎ᠠ ᠶᠢ ᠡᠷᠴᠢᠮᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠠᠪᠴᠠᠩ ᠪᠣᠯᠣᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠬᠠᠮᠲᠤᠪᠠᠷ ᠪᠦᠳᠦᠭᠡᠨ | ᠪᠠᠶᠢᠭᠤᠯᠵᠤ᠂ ᠪᠡᠭᠡᠵᠢᠩ ᠤᠨ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠥᠪᠥᠷ | ᠮᠣᠩᠭᠤᠯ ᠳᠤ ᠤᠯᠠᠷᠢᠭᠤᠯᠬᠤ ᠶᠢ ᠬᠠᠮᠵᠢᠯᠴᠠᠨ ᠠᠬᠢᠭᠤᠯᠤᠨ᠎ᠠ᠃ ᠵᠢᠷᠭᠤᠭ᠎ᠠ ᠳᠤ ᠠᠷᠠᠯᠵᠢᠶ᠎ᠠ ᠬᠤᠳᠠᠯᠳᠤᠭ᠎ᠠ | ᠪᠠᠷᠠᠭᠠᠨ ᠤ ᠭᠦᠢᠯᠭᠡᠭᠡ ᠶᠢᠨ ᠠᠵᠤ ᠦᠢᠯᠡᠰ ᠤᠨ ᠬᠠᠮᠲᠤᠷᠠᠯᠴᠠᠭ᠎ᠠ ᠶᠢ ᠡᠷᠴᠢᠮᠯᠡᠨ ᠭᠦᠨᠵᠡᠭᠡᠶᠢᠷᠡᠭᠦᠯᠵᠦ᠂ ᠨᠡᠶᠢᠰᠯᠡᠯ ᠤᠨ | ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠬᠠᠮᠵᠢᠯᠴᠠᠨ | ᠪᠠᠲᠤᠯᠠᠵᠤ᠂ ᠪᠡᠭᠡᠵᠢᠩ ᠬᠤᠳᠠ ᠶᠢᠨ ᠬᠥᠳᠡᠯᠮᠦᠷᠢ ᠬᠦᠴᠦ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠦᠪᠦᠷ | ᠮᠣᠩᠭᠤᠯ ᠳᠤ ᠰᠢᠯᠵᠢᠭᠦᠯᠬᠦ ᠶᠢ ᠬᠠᠮᠲᠤ ᠪᠠᠷ ᠲᠦᠯᠬᠢᠨ ᠠᠬᠢᠭᠤᠯᠤᠨ᠎ᠠ᠃ ᠲᠣᠯᠤᠭ᠎ᠠ ᠳᠤ ᠣᠷᠣᠨ ᠪᠦᠰᠡ ᠶᠢᠨ ᠵᠠᠮ | ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠬᠦᠴᠦ | ᠲᠠᠯᠪᠢᠨ ᠲᠦᠷᠭᠡᠳᠬᠡᠵᠦ᠂ ᠬᠥᠬᠡᠬᠤᠲᠠ ᠠᠴᠠ ᠪᠡᠭᠡᠵᠢᠩ ᠳᠤ ᠬᠦᠷᠬᠦ ᠵᠡᠷᠭᠡ ᠠᠶᠠᠨᠴᠢᠳ ᠤᠨ ᠲᠡᠭᠡᠭᠡᠪᠦᠷᠢ ᠶᠢᠨ | ᠲᠤᠰᠬᠠᠶ ᠱᠤᠭᠤᠮ ᠤᠨ ᠲᠥᠷᠥᠯ ᠵᠦᠢᠯ ᠢ ᠲᠥᠷᠭᠡᠳᠬᠡᠨ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ | ᠬᠤᠭᠤᠷᠣᠨᠳᠣᠬᠢ ᠲᠦᠷᠭᠡᠨ ᠬᠤᠷᠳᠤᠴᠠᠲᠤ ᠵᠠᠰᠠᠮᠠᠯ ᠵᠠᠮ ᠤᠨ ᠨᠡᠪᠲᠡᠷᠡᠯ ᠢ ᠬᠠᠮᠲᠤ ᠪᠠᠷ ᠪᠦᠷᠢᠨᠰᠢᠭᠦᠯᠦᠨ᠎ᠡ᠃ | ᠨᠠᠢᠮᠠ ᠳᠤ ᠤᠯᠤᠰ ᠤᠨ ︽ᠨᠢᠭᠡ ᠪᠦᠰᠡ ᠨᠢᠭᠡ ᠵᠠᠮ︾ ᠪᠠᠶᠢᠯᠳᠤᠬᠤ ᠪᠤᠳᠤᠯᠭ᠎ᠠ ᠳᠤ ᠬᠦᠴᠦ ᠲᠠᠯᠪᠢᠨ | ᠦᠢᠯᠡᠴᠢᠯᠡᠵᠦ᠂ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠤᠨ ᠪᠦᠲᠦᠭᠡᠨ | ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠂ ᠬᠤᠶᠠᠷ ᠭᠠᠵᠠᠷ ᠢ ᠬᠤᠯᠪᠣᠭᠰᠠᠨ᠂ ᠤᠷᠤᠰ ᠮᠣᠩᠭᠤᠯ ᠬᠤᠶᠠᠷ ᠤᠯᠤᠰ | ᠲᠤ ᠦᠢᠯᠡᠳᠦᠯ ᠦᠵᠡᠭᠦᠯᠬᠦ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠰᠢᠰᠲ᠋ᠧᠮᠵᠢ ᠶᠢ ᠴᠢᠷᠮᠠᠶᠢᠨ | ᠪᠠᠶᠢᠭᠤᠯᠤᠨ᠎ᠠ᠃ | ᠬᠥᠲᠥᠯᠥᠭᠴᠢ᠄ | ᠲᠡᠭᠡᠪᠡᠯ᠂ ︽13·5︾ ᠶᠢᠨ ᠬᠤᠭᠤᠴᠠᠭᠠᠨ ᠳᠤ ᠪᠡᠭᠡᠵᠢᠩ ᠥᠪᠥᠷ ᠮᠣᠩᠭᠤᠯ ᠤᠨ ᠬᠠᠪᠰᠤᠷᠤᠨ | ᠲᠡᠳᠬᠦᠬᠦ ᠬᠠᠮᠲᠤᠷᠠᠯᠴᠠᠭᠠᠨ ᠤ ᠠᠵᠢᠯ ᠢ ᠬᠡᠷᠬᠢᠨ ᠪᠠᠲᠤᠯᠠᠬᠤ ᠪᠤᠢ︖ | ᠺᠧ ᠶᠦᠩ ᠭᠦᠸᠧ᠄ | ᠨᠢᠭᠡ ᠳᠤ᠂ ᠣᠷᠣᠨ ᠪᠦᠰᠡ ᠶᠢᠨ ᠬᠠᠮᠲᠤᠷᠠᠯᠴᠠᠭᠠᠨ ᠤ ᠵᠣᠬᠢᠴᠠᠭᠤᠯᠬᠤ ᠲᠣᠭᠲᠠᠴᠠ ᠶᠢ ᠤᠯᠠᠮ | ᠪᠦᠷᠢᠨᠰᠢᠭᠦᠯᠵᠦ᠂ ᠬᠤᠶᠠᠷ ᠲᠠᠯ᠎ᠠ ᠶᠢᠨ ᠳᠡᠭᠡᠳᠦ ᠳᠠᠪᠬᠤᠷᠭ᠎ᠠ ᠶᠢᠨ ᠤᠳᠤᠷᠢᠳᠤᠯᠭ᠎ᠠ ᠨᠤᠭᠤᠳ ᠤᠨ ᠬᠠᠷᠢᠯᠴᠠᠨ | ᠠᠶᠢᠯᠴᠢᠯᠠᠬᠤ ᠪᠠ ᠬᠤᠯᠪᠣᠭᠠᠲᠤ ᠬᠤᠷᠠᠯ ᠤᠨ ᠲᠥᠷᠢᠮ ᠢ ᠪᠠᠶᠢᠭᠤᠯᠵᠤ᠂ ᠪᠡᠭᠡᠵᠢᠩ ᠬᠢᠭᠡᠳ ᠥᠪᠥᠷ ᠮᠣᠩᠭᠤᠯ ᠤᠨ | ᠬᠠᠮᠲᠤᠷᠠᠯᠴᠠᠭᠠᠨ ᠤ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠢ ᠲᠣᠭᠲᠠᠮᠠᠯ ᠬᠤᠭᠤᠴᠠᠭ᠎ᠠ ᠲᠠᠢ ᠪᠠᠷ | ᠡᠷᠬᠢᠯᠡᠵᠦ ᠂ ᠬᠠᠮᠲᠤᠷᠠᠯᠴᠠᠭᠠᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠠᠮᠲᠤᠪᠠᠷ ᠰᠣᠳᠤᠯᠣᠨᠠ᠃ | ᠬᠤᠶᠠᠷ ᠲᠤ ᠴᠢᠬᠤᠯᠠ ᠶᠡᠭᠡ ᠲᠥᠷᠥᠯ ᠵᠦᠢᠯ ᠪᠣᠯᠤᠨ ᠭᠤᠣᠯᠳᠠᠯᠭ᠎ᠠ ᠲᠠᠢ ᠰᠡᠳᠦᠪ ᠤᠨ | ᠰᠣᠳᠤᠯᠭᠠᠨ ᠢ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ︽︿13·5﹀ ᠶᠢᠨ ᠲᠦᠯᠦᠪᠵᠢᠭᠦᠯᠭᠡ ᠶᠢᠨ | ᠬᠤᠭᠤᠴᠠᠭᠠᠨ ᠳᠠᠬᠢ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ | ᠣᠷᠣᠨ ᠪᠦᠰᠡ ᠶᠢᠨ ᠬᠠᠮᠲᠤᠷᠠᠯᠴᠠᠭᠠᠨ ᠤ ᠲᠥᠯᠥᠪᠵᠢᠭᠦᠯᠭᠡ︾ ᠶᠢ ᠬᠠᠮᠲᠤᠪᠠᠷ ᠨᠠᠶᠢᠷᠠᠭᠤᠯᠤᠨ ᠬᠡᠷᠡᠭᠵᠢᠭᠦᠯᠵᠦ᠂ | ᠴᠢᠬᠤᠯᠠ ᠶᠡᠭᠡ ᠲᠥᠷᠥᠯ ᠵᠦᠢᠯ ᠪᠣᠯᠤᠨ ᠭᠤᠣᠯᠳᠠᠯᠭ᠎ᠠ ᠲᠠᠢ ᠰᠡᠳᠦᠪ ᠤᠨ ᠰᠣᠳᠤᠯᠭᠠᠨ ᠢ ᠬᠠᠮᠲᠤᠪᠠᠷ ᠥᠷᠨᠢᠭᠦᠯᠵᠦ᠂ | ︽ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ︾ ᠶᠢ ︽ᠪᠣᠳᠠᠲᠠᠶ ᠦᠷ᠎ᠡ ᠪᠦᠲᠦᠭᠡᠯ︾ ᠲᠡᠰᠢ ᠰᠢᠯᠵᠢᠭᠦᠯᠬᠦ ᠶᠢ | ᠠᠬᠢᠭᠤᠯᠤᠨ᠎ᠠ᠃ | ᠭᠤᠷᠪᠠ ᠳᠤ ᠬᠥᠮᠦᠨ ᠤ ᠬᠦᠴᠦᠨ ᠤ ᠡᠬᠢ ᠪᠠᠶᠠᠯᠢᠭ ᠢ ᠬᠠᠮᠲᠤ ᠬᠦᠷᠲᠡᠬᠦ ᠪᠠ ᠬᠠᠷᠢᠯᠴᠠᠨ ᠺᠠᠳ᠋ᠷ ᠲᠣᠮᠢᠯᠠᠨ | ᠰᠣᠯᠢᠯᠴᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ︽ᠬᠠᠯᠢᠭᠤᠨ ᠭᠠᠯᠠᠭᠤ ᠶᠢᠨ ᠠᠵᠢᠯᠯᠠᠭ᠎ᠠ︾ ᠶᠢᠨ ᠲᠥᠯᠥᠪᠯᠡᠭᠡ | ᠪᠣᠯᠣᠨ ︽ᠪᠡᠭᠡᠵᠢᠩ ᠥᠪᠥᠷ ᠮᠣᠩᠭᠤᠯ ᠤᠨ ᠭᠡᠷᠡᠯ ᠭᠢᠯᠪᠠᠭ᠎ᠠ︾ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ | ᠲᠥᠯᠥᠪᠯᠡᠭᠡ ᠪᠠᠷ ᠲᠦᠰᠢᠭ ᠪᠣᠯᠭᠠᠨ᠂ ᠬᠤᠶᠠᠷ ᠲᠠᠯ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠬᠠᠮᠲᠤᠪᠠᠷ | ᠬᠦᠷᠲᠡᠬᠦ ᠲᠣᠭᠲᠠᠴᠠ ᠶᠢ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠷᠢᠯᠴᠠᠨ ᠺᠠᠳ᠋ᠷ ᠲᠣᠮᠢᠯᠠᠵᠤ ᠲᠤᠰᠢᠶᠠᠯ | ᠡᠭᠦᠷᠭᠡᠯᠡᠭᠦᠯᠬᠦ ᠠᠵᠢᠯ ᠤᠨ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠵᠦ᠂ ᠡᠳᠡᠭᠡᠷ ᠲᠤᠰᠢᠶᠠᠯ ᠡᠭᠦᠷᠭᠡᠯᠡᠬᠦ | ᠺᠠᠳ᠋ᠷ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠬᠥᠲᠥᠯᠥᠭᠴᠢ᠄ | ᠵᠠ ᠰᠡᠶᠢᠠ ᠪᠣᠯᠣᠯ᠎ᠠ᠂ ᠺᠧ ᠡᠷᠬᠢᠯᠡᠭᠴᠢ ᠶᠢᠨ ᠲᠠᠶᠢᠯᠤᠮᠵᠢ ᠬᠢᠭᠰᠡᠨ ᠳᠤ ᠲᠤᠩ ᠲᠠᠯᠠᠷᠬᠠᠵᠤ ᠪᠠᠶᠢᠨ᠎ᠠ᠂ | ᠰᠦᠯᠵᠢᠶᠡᠨ ᠤ ᠠᠨᠳᠠ ᠨᠠᠷ ᠤᠨ ᠤᠷᠤᠯᠴᠠᠭᠰᠠᠨ ᠳᠤ ᠴᠦ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ | ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠳ᠋ᠤᠭᠠᠷ ᠲᠤ ᠪᠠᠶᠠᠷᠲᠠᠶ ᠵᠣᠯᠭᠠᠶ᠎ᠠ᠃ | |