1 ᠳ᠋ᠦ᠋ᠭᠡᠷ ᠰᠠᠷ᠎ᠠ ᠶᠢᠨ 16 ᠤ ᠡᠳᠦᠷ᠂ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ | ᠲᠡᠷᠢᠬᠦᠯᠡᠭᠴᠢᠳ ᠤᠨ ᠪᠦᠯᠬᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ᠃ | ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠦᠷᠢᠯᠳᠦᠬᠦᠨ 61 ᠬᠦᠮᠦᠨ ᠪᠤᠢ᠂ | ᠡᠨᠡ ᠤᠳᠠᠭ᠎ᠠ ᠶᠢᠨ ᠬᠤᠷᠠᠯ ᠳᠤ 57 ᠬᠦᠮᠦᠨ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ | ᠨᠡᠶᠢᠢᠴᠡᠵᠡᠢ᠃ | ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠯᠢ ᠵᠢᠢ ᠡᠾᠧᠩ | ᠬᠤᠷᠠᠯ ᠡᠷᠬᠢᠯᠡᠵᠡᠢ᠃ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠬᠤᠷᠴᠠ᠂ ᠳ᠋ᠦ᠋ ᠽᠢ᠂ | ᠨᠠᠰᠤᠨᠮᠦ᠋ᠩᠬᠡ᠂ ᠸᠠᠩ ᠢᠤᠢ ᠮᠢᠩ᠂ ᠬᠠᠩ ᠬᠦᠢ ᠯᠢᠨ᠂ ᠡᠦ ᠲᠤᠸᠠᠨ ᠶᠢᠩ᠂ ᠯᠢ ᠷᠦᠩ ᠰᠢ᠂ ᠯᠢᠶᠠᠨ ᠰᠥ᠋᠂ | ᠰᠦᠨ ᠬᠤᠢ ᠮᠢᠨ ᠬᠤᠷᠠᠯ ᠳᠤ ᠤᠷᠤᠯᠴᠠᠪᠠ᠃ | ᠬᠤᠷᠠᠯ ᠠᠴᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠤᠬᠢᠶᠠᠨ | ᠪᠠᠶᠢᠭᠤᠯᠬᠤ ᠬᠡᠯᠳᠡᠰ ᠤᠨ ᠲᠠᠷᠤᠭ᠎ᠠ ᠽᠧᠩ ᠢ ᠴᠦᠨ ᠤ ᠬᠢᠭᠰᠡᠨ ᠦᠪᠡᠷᠳᠡᠬᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠠᠴᠠ | ᠨᠦᠬᠦᠨ ᠰᠤᠩᠭᠤᠬᠤ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠲᠡᠳ᠋ ᠡᠷᠬᠢᠯᠡᠭᠴᠢ᠂ ᠬᠡᠰᠢᠬᠦᠨ ᠤ ᠵᠢᠱᠢᠭᠳᠡᠭᠰᠡᠳ ᠤᠨ ᠲᠤᠬᠠᠢ | ᠲᠤᠳᠤᠷᠬᠠᠶᠢᠯᠠᠯᠲᠠ ᠶᠢ ᠰᠤᠨᠤᠰᠴᠤ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ | ᠲᠡᠷᠢᠬᠦᠯᠡᠭᠴᠢᠳ ᠤᠨ ᠪᠦᠯᠬᠦᠮ ᠤᠨ ᠨᠡᠷ᠎ᠡ ᠲᠤᠷᠠᠳᠤᠬᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ᠂ ᠲᠡᠳ᠋ ᠡᠷᠬᠢᠯᠡᠭᠴᠢ᠂ ᠬᠡᠰᠢᠬᠦᠨ ᠤ ᠵᠢᠱᠢᠭᠳᠡᠭᠰᠡᠳ ᠤᠨ ᠨᠡᠷᠡᠰ︾ ᠢ ᠪᠠᠳᠤᠯᠠᠵᠤ᠂ | ᠪᠠᠳᠤᠯᠠᠬᠰᠠᠨ ᠤ ᠲᠠᠷᠠᠭᠠᠬᠢ ᠵᠢᠱᠢᠭᠳᠡᠭᠴᠢ ᠶᠢᠨ ᠨᠡᠷᠡᠰ ᠢ ᠲᠡᠷᠢᠬᠦᠯᠡᠭᠴᠢᠳ ᠤᠨ ᠪᠦᠯᠬᠦᠮ ᠤᠨ ᠲᠤᠷᠠᠳᠤᠬᠰᠠᠨ | ᠵᠢᠱᠢᠭᠳᠡᠭᠴᠢ ᠶᠢᠨ ᠨᠡᠷᠡᠰ ᠪᠤᠯᠭᠠᠵᠣ᠂ ᠪᠦᠬᠦ ᠲᠦᠯᠦᠬᠡᠯᠡᠭᠴᠢᠳ ᠲᠤ ᠲᠠᠷᠤᠮᠠᠯᠯᠠᠨ ᠲᠠᠷᠬᠠᠭᠠᠵᠤ ᠬᠢᠨᠠᠨ ᠵᠦᠪᠯᠡᠬᠦᠯᠵᠦ᠂ | ᠶᠠᠷᠢᠯᠴᠠᠭᠤᠯᠬᠤ ᠪᠠᠷ ᠳᠣᠭᠳᠠᠪᠠ᠃ |