ᠦᠪᠡᠷᠲᠡᠭᠡᠨ ᠵᠠᠰᠠᠬᠤ ᠤᠷᠤᠨ ᠤ ᠤᠯᠤᠰ ᠲᠥᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠠᠢᠮᠠᠳᠤᠭᠠᠷ ᠤᠳᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2017/1/17
      1 ᠳ᠋ᠦ᠋ᠭᠡᠷ ᠰᠠᠷ᠎ᠠ ᠶᠢᠨ 16᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠷᠪᠠᠨ ᠨᠠᠢᠮᠠᠳᠤᠭᠠᠷ ᠤᠳᠠᠭ᠎ᠠ ᠶᠢᠨ ᠬᠤᠷᠠᠯ ᠬᠢᠪᠡ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ ᠬᠤᠷᠠᠯ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠶᠠᠩ ᠴᠧᠩ ᠸᠠᠩ᠂ ᠴᠧᠨ ᠢᠥᠢ᠂ ᠳ᠋ᠦᠩ ᠡᠾᠧᠩ ᠢᠥᠢ᠂ ᠵᠧᠩ ᠹᠦ᠋ ᠲᠢᠶᠠᠨ᠂ ᠴᠠᠩ ᠬᠠᠢ᠂ ᠯᠢᠶᠠᠩ ᠲᠢᠶᠧ ᠴᠧᠩ᠂ ᠸᠠᠩ ᠬᠤᠸᠠᠨ ᠴᠧᠩ᠂ ᠯᠦᠸᠧ ᡁᠢ ᠬᠤ᠋ ᠪᠤᠯᠤᠨ ᠨᠠᠷᠢᠨ ᠪᠢᠴᠢᠭ ᠤᠨ ᠳᠠᠷᠤᠭ᠎ᠠ ᠸᠧᠢ ᠵᠢᠶᠦ᠋ᠨ ᠬᠤᠷᠠᠯ ᠎ ᠳᠤ ᠤᠷᠤᠯᠴᠠᠵᠠᠢ᠃      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠡᠭᠭᠤ ᠶᠢᠨ ᠭᠡᠰᠢᠬᠦᠨ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠤᠤᠯ ᠤᠨ ᠲᠠᠳ᠋ ᠺᠤᠮᠢᠰᠰᠠᠷ ᠵᠠᠩ ᠶᠢᠩ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠡᠭᠭᠤ ᠶᠢᠨ ᠭᠡᠰᠢᠬᠦᠨ᠂ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠦᠪᠤᠷ ᠮᠤᠩᠭᠤᠯ ᠤᠨ ᠬᠤᠷᠢᠶ᠎ᠠ ᠶᠢᠨ ᠡᠷᠬᠢᠯᠡᠭᠴᠢ ᠭᠡᠰᠢᠬᠦᠨ ᠯᠢᠤ ᠪᠢᠨ ᠲᠠᠷᠢᠬᠦᠯᠡᠭᠴᠢᠳ ᠤᠨ ᠲᠠᠶᠢᠰᠠᠨ ᠳᠤ ᠰᠠᠭᠠᠳᠠᠪᠠ᠃      ᠬᠤᠷᠠᠯ ᠠᠴᠠ᠂ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠎ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠲᠡ ᠶᠢᠨ ᠲᠤᠬᠠᠢ ᠰᠢᠢᠳᠪᠦᠷᠢ ︵ᠲᠦᠰᠦᠯ︶᠂ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠦᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠰᠠᠨ ᠪᠠᠶᠢᠳᠠᠯ ᠤᠨ ᠲᠤᠬᠠᠢ ᠮᠡᠳᠡᠬᠦᠯᠦᠯᠲᠡ ︵ᠲᠦᠰᠦᠯ︶᠂ ᠤᠯᠤᠰ ᠲᠦᠷᠦ ᠎ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠤᠯᠤᠰ ᠲᠦᠷᠦ ᠶᠢᠨ ᠰᠢᠢᠳᠪᠦᠷᠢ ︵ᠲᠦᠰᠦᠯ︶ ᠵᠡᠷᠭᠡ ᠭᠤᠷᠪᠠᠨ ᠵᠦᠢᠯ ᠎ ᠤᠨ ᠲᠡᠭᠦᠰᠬᠦ ᠬᠤᠷᠠᠯ ᠳᠤ ᠲᠠᠪᠰᠢᠬᠦᠯᠬᠦ ᠪᠢᠴᠢᠭ ᠮᠠᠲ᠋ᠧᠷᠢᠶᠠᠯ ᠢ ᠬᠢᠨᠠᠨ ᠵᠦᠪᠯᠡᠵᠠᠢ᠃      ᠬᠤᠷᠠᠯ ᠠᠴᠠ ᠪᠠᠰᠠ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠰᠤᠩᠭᠤᠭᠤᠯᠢ ᠶᠢᠨ ᠠᠷᠭ᠎ᠠ ︵ᠲᠦᠰᠦᠯ︶᠂ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠎ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠰᠤᠩᠭᠤᠭᠤᠯᠢ ᠶᠢᠨ ᠶᠡᠷᠦᠩᠬᠡᠢ ᠪᠢᠯᠧᠲ ᠬᠢᠨᠠᠬᠴᠢ᠂ ᠳᠡᠳ᠋ ᠶᠡᠷᠤᠩᠭᠡᠢ ᠪᠢᠯᠧᠲ ᠬᠢᠨᠠᠬᠴᠢ᠂ ᠪᠢᠯᠧᠲ ᠬᠢᠨᠠᠬᠴᠢ ᠶᠢᠨ ᠨᠡᠷᠡᠰ ︵ᠲᠦᠰᠦᠯ︶ ᠵᠢᠴᠢ ᠠᠵᠢᠯᠲᠠᠨ ᠤ ᠶᠠᠪᠤᠳᠠᠯ ᠤᠨ ᠬᠠᠮᠢᠶ᠎ᠠ ᠪᠦᠬᠦᠢ ᠵᠦᠢᠯᠡᠰ ᠵᠡᠷᠭᠡ ᠰᠤᠩᠭᠤᠭᠤᠯᠢ ᠶᠢᠨ ᠶᠡᠭᠡ ᠬᠤᠷᠠᠯ ᠳᠤ ᠲᠠᠪᠰᠢᠬᠦᠯᠬᠦ ᠪᠢᠴᠢᠭ ᠮᠠᠲ᠋ᠧᠷᠢᠶᠠᠯ ᠢ ᠬᠢᠨᠠᠨ ᠵᠦᠪᠯᠡᠵᠡᠢ᠃      ᠲᠤᠰ ᠡᠳᠦᠷ ᠤᠨ ᠦᠳᠡ ᠶᠢᠨ ᠬᠤᠶᠢᠨ᠎ᠠ᠂ ᠪᠠᠰᠠ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ 64 ᠳ᠋ᠤᠬᠡᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠢᠵᠤ᠂ ᠡᠯ᠎ᠠ ᠶᠠᠷᠢᠯᠴᠠᠬᠤ ᠲᠤᠭᠤᠶᠢᠯᠠᠩ ᠤᠨ ᠲᠤᠭᠤᠶᠢᠯᠠᠩ ᠬᠤᠪᠢᠶᠠᠵᠤ ᠶᠠᠷᠢᠯᠴᠠᠬᠰᠠᠨ ᠪᠠᠶᠢᠳᠠᠯ ᠢ ᠰᠤᠨᠤᠰᠴᠤ᠂ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠠᠢᠮᠠᠳᠤᠭᠠᠷ ᠬᠤᠷᠠᠯ ᠳᠤ ᠲᠡᠪᠰᠢᠭᠦᠯᠭᠦ ᠬᠠᠮᠢᠶ᠎ᠠ ᠪᠦᠬᠦᠢ ᠵᠦᠢᠯᠡᠰ ᠢ ᠬᠢᠨᠠᠨ ᠵᠦᠪᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号