ᠪᠦ᠋ ᠰᠢᠶᠤᠤ ᠯᠢᠨ ᠲᠦᠯᠦᠭᠡᠯᠡᠭᠴᠢᠳ ᠭᠡᠰᠢᠭᠦᠳ ᠲᠠᠢ ᠬᠠᠮᠳᠤ ᠢᠯᠡᠳᠭᠡᠯ ᠮᠡᠳᠡᠭᠦᠯᠦᠯᠳᠡ ᠶᠢ ᠬᠢᠨᠠᠨ ᠵᠦᠪᠯᠡᠵᠦ ᠶᠠᠷᠢᠯᠴᠠᠬᠤ ᠳᠠᠭᠠᠨ ᠬᠡᠯᠡᠭᠰᠡᠨ ᠨᠢ᠄ ᠰᠤᠶᠤᠯ ᠤᠨ ᠦᠪᠡᠷ ᠤᠨ ᠢᠳᠡᠭᠡᠯ ᠢ ᠪᠤᠢ ᠪᠤᠯᠭᠠᠵᠦ ᠦᠨᠳᠦᠰᠦᠳᠡᠨ ᠤ ᠰᠢᠯᠢᠳᠡᠭ ᠰᠤᠶᠤᠯ ᠢ ᠶᠡᠬᠡᠪᠡᠷ ᠪᠠᠳᠠᠷᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2017/1/18
    1 ᠳ᠋ᠤᠭᠡᠷ ᠰᠠᠷ᠎ᠠ ᠶᠢᠨ 17᠎ ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠴᠦᠭᠡᠨ ᠲᠤᠭᠠᠳᠤ ᠦᠨᠳᠦᠰᠦᠳᠡᠨ ᠤ ᠡᠳᠡᠭᠡᠳ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠲᠠᠢ ᠬᠠᠮᠳᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠬᠢᠨᠠᠨ ᠵᠥᠪᠯᠡᠵᠡᠢ᠃      1 ᠳ᠋ᠤᠭᠡᠷ ᠰᠠᠷ᠎ᠠ ᠶᠢᠨ 16᠎ ᠤ ᠦᠳᠡ ᠶᠢᠨ ᠬᠤᠶᠢᠨ᠎ᠠ ᠪᠠ 1 ᠰᠠᠷ᠎ᠠ ᠶᠢᠨ 17᠎ ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠬᠠᠢ ᠬᠤᠳᠠ  ᠶᠢᠨ ᠲᠦᠯᠦᠭᠡᠯᠡᠭᠴᠢᠳ ᠤᠨ ᠪᠦᠯᠭᠦᠮ ᠤᠨ ᠠᠷᠠᠳ ᠤᠨ ᠲᠦᠯᠦᠭᠡᠯᠡᠭᠴᠢᠳ᠂ ᠴᠦᠭᠡᠨ ᠲᠤᠭᠠᠳᠤ ᠦᠨᠳᠦᠰᠦᠳᠡᠨ ᠤ ᠡᠳᠡᠭᠡᠳ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠲᠠᠢ ᠲᠤᠰ ᠳᠣᠰ ᠵᠠᠰᠠᠭ ᠤᠨ ᠤᠷᠳᠤᠨ ᠤ ᠠᠵᠢᠯ ᠤᠨ ᠢᠯᠡᠳᠭᠡᠯ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠪᠠ ︽ᠬᠤᠶᠠᠷ ᠬᠤᠷᠢᠶ᠎ᠠ︾᠎ ᠶᠢᠨ ᠠᠵᠢᠯ ᠎ ᠤᠨ ᠮᠡᠳᠡᠭᠦᠯᠦᠯᠳᠡ ᠶᠢ ᠬᠢᠨᠠᠨ ᠵᠦᠪᠯᠡᠵᠦ ᠶᠠᠷᠢᠯᠴᠠᠪᠠ᠃      ᠦᠬᠠᠢ ᠬᠤᠳᠠ ᠶᠢᠨ ᠲᠦᠯᠦᠭᠡᠯᠡᠭᠴᠢᠳ ᠤᠨ ᠪᠦᠯᠭᠦᠮ ᠳᠤ᠂ ᠱᠢ ᠸᠠᠨ ᠵᠢᠶᠦ᠋ᠨ᠂ ᠬᠤᠤ ᠵᠢᠶᠠᠨ ᠵᠢᠶᠦ᠋ᠨ ᠵᠡᠷᠭᠡ ᠲᠦᠯᠦᠭᠡᠯᠡᠭᠴᠢ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠲᠠᠢ ᠤᠶᠠᠯᠳᠤᠭᠤᠯᠵᠦ᠂ ᠠᠶᠤᠯ ᠦᠭᠡᠢ ᠦᠢᠯᠡᠳᠪᠤᠷᠢᠯᠡᠯ᠂ ᠦᠬᠠᠢ ᠬᠤᠳᠠ ᠪᠠ ᠡᠷᠬᠢᠨ ᠲᠤᠭᠤᠷᠢᠨ ᠤ ᠭᠠᠵᠠᠷ ᠤᠷᠤᠨ ᠤ ᠬᠦᠭᠵᠢᠯᠳᠠ᠂ ᠬᠠᠳᠠᠨ ᠵᠢᠷᠤᠬ ᠢ ᠬᠠᠮᠠᠭᠠᠯᠠᠬᠤ᠂ ᠠᠵᠦ ᠦᠢᠯᠡᠳᠪᠤᠷᠢ ᠶᠢᠨ ᠬᠡᠯᠪᠡᠷᠢ ᠶᠢ ᠬᠤᠪᠢᠷᠠᠭᠤᠯᠵᠦ ᠲᠠᠰ ᠲᠡᠪᠰᠢᠭᠦᠯᠭᠦ ᠵᠡᠷᠭᠡ ᠠᠭᠤᠯᠭ᠎ᠠ ᠶᠢᠨ ᠲᠤᠭᠤᠷᠢᠨ ᠲᠤ ᠪᠣᠳᠣᠭᠰᠠᠨ ᠰᠠᠨᠠᠭᠰᠠᠨ ᠢᠶᠠᠨ ᠶᠠᠷᠢᠵᠣ᠂ ᠠᠷᠭ᠎ᠠ ᠬᠡᠮᠵᠢᠶ᠎ᠡ ᠪᠠᠨ ᠳᠣᠭᠠᠴᠠᠵᠣ᠂ ᠤᠯᠤᠯᠳᠠ ᠲᠦᠷᠦᠭᠳᠡᠯ ᠢᠶᠠᠨ ᠶᠠᠷᠢᠵᠠᠭᠠᠪᠠ᠃ ᠪᠦ᠋ ᠰᠢᠶᠤᠤ ᠯᠢᠨ ᠲᠦᠯᠦᠭᠡᠯᠡᠭᠴᠢᠳ ᠤᠨ ᠶᠠᠷᠢᠬᠤ ᠶᠢ ᠬᠢᠨᠠᠮᠠᠭᠠᠢ ᠰᠤᠨᠤᠰᠤᠬᠰᠠᠨ ᠎ ᠤ ᠲᠠᠷᠠᠭ᠎ᠠ ᠬᠠᠮᠢᠶ᠎ᠠ ᠪᠦᠭᠦᠢ ᠠᠰᠠᠭᠤᠳᠠᠯ ᠤᠨ ᠲᠤᠭᠤᠷᠢᠨ ᠳᠤ ᠤᠯᠠᠨ ᠲᠠᠢ ᠰᠠᠨᠠᠯ ᠢᠶᠠᠨ ᠰᠤᠯᠢᠯᠴᠠᠨ ᠬᠦᠨᠵᠡᠭᠡᠢ ᠶᠠᠷᠢᠯᠴᠠᠪᠠ᠃ ᠲᠦᠯᠦᠭᠡᠯᠡᠭᠴᠢᠳ ᠤᠨ ᠬᠡᠯᠡᠭᠰᠡᠨ ᠤᠳᠤᠬᠠᠨ ᠤ ᠦᠬᠠᠢ ᠬᠤᠳᠠ ᠶᠢᠨ ᠠᠶᠤᠯᠭᠦᠢ ᠦᠢᠯᠡᠳᠪᠤᠷᠢᠯᠡᠯ ᠎ ᠤᠨ ᠠᠵᠢᠯ ᠤᠨ ᠪᠠᠶᠢᠳᠠᠯ ᠪᠠ ᠲᠠᠷᠠᠭᠠᠴᠢ ᠪᠠᠷ ᠠᠶᠤᠯ ᠦᠭᠡᠢ ᠦᠢᠯᠡᠳᠪᠤᠷᠢᠯᠡᠯ ᠢ ᠴᠢᠩᠭᠠᠳᠬᠠᠬᠤ ᠠᠷᠭ᠎ᠠ ᠬᠡᠮᠵᠢᠶ᠎ᠡ ᠶᠢᠨ ᠲᠤᠬᠠᠢ ᠶᠠᠷᠢᠬᠤ ᠶᠢ ᠰᠤᠨᠤᠰᠤᠬᠰᠠᠨ ᠤ ᠲᠠᠷᠠᠭ᠎ᠠ᠂ ᠪᠦ᠋ ᠰᠢᠶᠤᠤ ᠯᠢᠨ ᠵᠢᠭᠠᠵᠦ ᠭᠠᠷᠭᠠᠬᠰᠠᠨ ᠨᠢ᠂ ᠦᠬᠠᠢ ᠬᠤᠳᠠ ᠳᠤ ᠠᠶᠣᠯ ᠲᠦᠭᠰᠢᠭᠦᠷᠢ ᠶᠡᠬᠡᠳᠡᠢ ᠠᠵᠢᠯ ᠲᠦᠷᠦᠯ ᠠᠵᠦ ᠠᠬᠤᠶᠢᠯᠠᠯ ᠨᠡᠯᠢᠶᠡᠳ ᠤᠯᠠᠨ᠂ ᠠᠶᠣᠯ ᠦᠭᠡᠢ ᠦᠢᠯᠡᠳᠪᠤᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠭᠡᠬᠦ ᠬᠡᠷᠡᠭᠳᠡᠢ᠂ ᠣᠳᠣ ᠶᠠᠭ ᠴᠠᠭᠠᠨ ᠰᠠᠷ᠎ᠠ ᠣᠶᠢᠷᠠᠳᠴᠣ ᠪᠣᠢ᠂ ᠠᠶᠤᠯ ᠦᠭᠡᠢ ᠦᠢᠯᠡᠳᠪᠦᠷᠢᠯᠡᠯ ᠳᠤ ᠶᠠᠭᠠᠬᠢᠭᠰᠠᠨ ᠴᠦ ᠬᠦᠩᠭᠡᠨ ᠬᠠᠭᠤᠳᠠᠮ ᠬᠠᠨᠳᠣᠵᠣ ᠤᠬᠳᠤᠬᠠᠨ ᠴᠤ ᠴᠠᠯᠠᠭᠠᠶᠢᠳᠠᠵᠦ ᠪᠤᠯᠬᠤ ᠦᠭᠡᠢ᠂ ᠠᠮᠤᠷ ᠲᠦᠪᠰᠢᠨ ᠤ ᠭᠡᠮ ᠰᠤᠭᠤᠭ ᠢ ᠪᠦᠭᠦ ᠲᠠᠯ᠎ᠠ ᠪᠠᠷ ᠪᠠᠶᠢᠴᠠᠭᠠᠵᠣ ᠠᠷᠢᠯᠭᠠᠬᠤ ᠬᠡᠷᠡᠭᠳᠡᠢ ᠬᠡᠪᠡ᠃      ᠴᠦᠭᠡᠨ ᠲᠤᠭᠠᠳᠤ ᠦᠨᠳᠦᠰᠦᠳᠡᠨ ᠤ ᠡᠳᠡᠭᠡᠳ ᠢᠯᠭᠠᠯ ᠤᠨ ᠶᠠᠷᠢᠯᠴᠠᠬᠤ ᠲᠤᠭᠤᠶᠢᠯᠠᠩ ᠳᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠪᠤᠤ ᠭᠧᠨ ᠵᠤ᠋᠂ ᠾᠧ ᠵᠦᠡᠭ ᠫᠢᠡᠭ᠂ ᠮᠦᠡᠭᠭᠡᠨ᠋ᠦ᠋ᠯᠵᠡᠢ᠂ ᠬᠠᠨᠳᠠᠰᠦ᠋ᠷᠦᠩ᠂ ᠠ ᠹᠠᠨᠭ᠌᠂ ᠯᠢᠤ ᠰᠢᠶᠤᠤ ᠶᠦᠨ᠂ ᠡᠤ ᠶᠤᠸᠠᠢ ᠶᠢᠨ ᠵᠢᠴᠢ ᠰᠤᠯᠠ ᠤᠷᠤᠯᠴᠠᠬᠴᠢ ᠪᠠᠢ ᠯᠢ ᠵᠢᠶᠦ᠋ᠨ᠂ ᠤᠨᠴᠠ ᠤᠷᠢᠬᠴᠢ ᠦᠨᠡᠨ ᠨᠠᠷ ᠲᠤᠰ ᠳᠣᠰ ᠦᠭᠡ ᠬᠡᠯᠡᠵᠦ᠂ ᠮᠤᠩᠭᠤᠯ ᠡᠮ ᠡᠮᠨᠡᠯᠭᠡ ᠶᠢᠨ ᠠᠵᠣ ᠦᠢᠯᠡᠰ ᠢ ᠬᠦᠴᠦᠷᠭᠡᠭᠵᠢᠭᠦᠯᠭᠦ᠂ ᠱᠠᠰᠢᠨ ᠰᠤᠷᠳᠠᠬᠤᠨ ᠤ ᠠᠵᠢᠯ ᠢ ᠬᠦᠨᠳᠦᠳᠭᠡᠬᠦ᠂ ᠮᠤᠩᠭᠤᠯ ᠬᠡᠪᠯᠡᠯ ᠤᠨ ᠪᠦᠲᠦᠭᠡᠭᠳᠡᠭᠦᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠬᠤ᠂ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ᠂ ︽ᠭᠤᠷᠪᠠᠨ ᠴᠦᠭᠡᠨ ᠲᠤᠭᠠᠳᠤ ᠦᠨᠳᠦᠰᠦᠳᠡᠨ︾᠎ ᠳᠤ ᠵᠦᠷᠢᠶᠡᠴᠢᠭᠦᠯᠦᠨ ᠲᠡᠮᠵᠢᠭᠦ ᠲᠦᠷᠦ ᠶᠢᠨ ᠪᠤᠳᠤᠯᠭ᠎ᠠ ᠬᠡᠷᠡᠭᠵᠢᠭᠦᠯᠬᠦ᠂ ᠴᠦᠭᠡᠨ ᠲᠤᠭᠠᠳᠤ ᠦᠨᠳᠦᠰᠦᠳᠡᠨ ᠤ ᠰᠤᠷᠭᠠᠨ ᠬᠦᠮᠦᠵᠢᠯ ᠢ ᠠᠬᠢᠭᠤᠯᠬᠤ ᠵᠡᠷᠭᠡ ᠠᠭᠤᠯᠭ᠎ᠠ ᠪᠠᠷ ᠰᠠᠨᠠᠭᠤᠯᠭ᠎ᠠ ᠲᠤᠷᠠᠳᠪᠠ᠃ ᠪᠦ᠋ ᠰᠢᠶᠤᠤ ᠯᠢᠨ ᠨᠠᠷᠢᠨ ᠬᠢᠨᠠᠮᠠᠭᠠᠢ ᠲᠡᠮᠳᠡᠭᠯᠡᠯ ᠬᠢᠭᠦ ᠶᠢᠨ ᠬᠠᠮᠳᠣ ᠪᠠᠶᠢᠨ ᠳᠠᠬᠢᠨ ᠲᠦᠯᠦᠭᠡᠯᠡᠭᠴᠢᠳ ᠭᠡᠰᠢᠭᠦᠳ ᠤᠨ ᠦᠭᠡ ᠶᠢ ᠡᠯᠭᠦᠨ ᠬᠠᠮᠢᠶ᠎ᠠ ᠪᠦᠬᠦᠢ ᠠᠰᠠᠭᠤᠳᠠᠯ ᠢ ᠣᠯᠠᠨ ᠲᠠᠢ ᠵᠦᠪᠳᠡᠨ ᠰᠦᠪᠡᠭᠴᠢᠯᠡᠵᠦ᠂ ᠭᠡᠰᠢᠭᠦᠳ ᠤᠨ ᠴᠢᠩᠭ᠎ᠠ ᠳᠣᠯᠭᠠᠮ᠎ᠠ ᠬᠠᠷᠢᠭᠤᠴᠠᠯᠭ᠎ᠠ ᠶᠢᠨ ᠤᠬᠠᠮᠰᠠᠷ ᠲᠠᠢ ᠪᠠᠶᠢᠬᠤ ᠳᠤ ᠲᠠᠯᠠᠷᠬᠠᠵᠦ ᠪᠠᠶᠢᠬᠤ ᠪᠠᠨ ᠢᠯᠡᠷᠭᠡᠶᠢᠯᠡᠪᠡ᠃ ᠲᠡᠷᠡ ᠭᠡᠯᠡᠭᠰᠡᠨ ᠨᠢ᠂ ᠤᠯᠠᠨ ᠤ ᠲᠤᠷᠠᠳᠤᠬᠰᠠᠨ ᠰᠠᠨᠠᠯ ᠰᠠᠨᠠᠭᠤᠯᠭ᠎ᠠ ᠴᠢᠭᠯᠡᠭᠦᠯᠦᠯᠳᠦ ᠴᠢᠨᠠᠷ ᠢᠶᠠᠷ ᠴᠢᠩᠭ᠎ᠠ᠂ ᠰᠣᠨᠣᠰᠣᠭᠰᠠᠨ ᠎ ᠤ ᠳᠠᠷᠠᠭ᠎ᠠ ᠮᠠᠰᠢ ᠰᠡᠩᠭᠡᠷᠡᠭᠦᠯᠦᠯ ᠤᠯᠵᠠᠢ᠂ ᠨᠠᠷᠢᠨ ᠬᠢᠨᠠᠮᠠᠭᠠᠢ ᠰᠤᠳᠤᠯᠵᠦ᠂ ᠵᠠᠰᠠᠬ ᠤᠨ ᠤᠷᠳᠤᠨ ᠤ ᠠᠵᠢᠯ  ᠎ ᠳᠠᠭᠠᠨ ᠰᠢᠩᠭᠡᠭᠡᠨ ᠠᠪᠴᠤ ᠬᠡᠷᠡᠭᠯᠡᠨ᠎ᠠ ᠬᠡᠪᠡ᠃      ᠭᠡᠰᠢᠭᠦᠳ ᠤᠨ ᠲᠤᠷᠠᠳᠤᠬᠰᠠᠨ ᠦᠨᠳᠦᠰᠦᠳᠡᠨ ᠤ ᠰᠤᠶᠤᠯ ᠢ ᠤᠯᠠᠮᠵᠢᠯᠠᠨ ᠵᠠᠯᠭᠠᠮᠵᠢᠯᠠᠬᠤ ᠰᠠᠨᠠᠭᠤᠯᠭ᠎ᠠ ᠶᠢ ᠰᠤᠨᠤᠰᠤᠭᠠᠳ᠂ ᠪᠦ᠋ ᠰᠢᠶᠤᠤ ᠯᠢᠨ ᠢᠯᠡᠷᠭᠡᠶᠢᠯᠡᠭᠰᠡᠨ ᠨᠢ᠂ ᠦᠪᠤᠷ ᠮᠤᠩᠭᠤᠯ ᠤᠨ ᠰᠤᠶᠤᠯ ᠤᠷᠳᠤ ᠤᠳᠠᠭᠠᠨ ᠲᠡᠤᠭᠡ ᠲᠠᠢ᠂ ᠠᠭᠤᠯᠤᠬᠳᠠᠬᠤᠨ ᠬᠦᠨ ᠵᠣᠵᠠᠭᠠᠨ᠂ ᠲᠤᠮᠳᠠᠳᠤ ᠶᠢᠨ ᠰᠤᠶᠤᠯ ᠤᠨ ᠴᠢᠬᠤᠯᠠ ᠪᠦᠷᠢᠯᠳᠦᠭᠦᠨ ᠭᠡᠰᠡᠭ ᠪᠣᠯᠣᠨ᠎ᠠ᠂ ᠰᠤᠶᠤᠯ ᠤᠨ ᠦᠪᠡᠷ ᠤᠨ ᠢᠳᠡᠭᠡᠯ ᠢ ᠪᠤᠢ ᠪᠤᠯᠭᠠᠵᠦ᠂ ᠦᠨᠳᠦᠰᠦᠳᠡᠨ ᠤ ᠰᠢᠯᠢᠳᠡᠭ ᠰᠤᠶᠤᠯ ᠢ ᠶᠡᠭᠡ ᠪᠠᠷ ᠪᠠᠳᠠᠷᠠᠭᠤᠯᠬᠤ ᠬᠡᠷᠡᠭᠳᠡᠢ ᠬᠡᠪᠡ᠃      ᠭᠡᠰᠢᠭᠦᠳ ᠤᠨ ᠲᠤᠷᠠᠳᠤᠬᠰᠠᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠣᠢ ᠶᠢ ᠪᠡᠯᠭᠡᠯᠡᠬᠦ ᠦᠳᠭᠡᠨ ᠵᠣᠵᠠᠭᠠᠨ ᠠᠭᠤᠷ ᠠᠮᠢᠰᠬᠤᠯ ᠢ ᠪᠤᠢ ᠪᠤᠯᠭᠠᠬᠤ ᠰᠠᠨᠠᠭᠤᠯᠭ᠎ᠠ ᠶᠢ ᠰᠤᠨᠤᠰᠤᠭᠠᠳ᠂ ᠪᠦ᠋ ᠰᠢᠶᠤᠤ ᠯᠢᠨ ᠢᠯᠡᠷᠭᠡᠶᠢᠯᠡᠭᠰᠡᠨ ᠨᠢ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠠᠷ ᠲᠤᠬᠢᠶᠠᠯ ᠪᠤᠯᠭᠠᠵᠦ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠲᠤᠷᠰᠢᠭᠢ ᠠᠮᠵᠢᠯᠳᠠ ᠪᠦᠳᠦᠮᠵᠢ ᠪᠠ ᠲᠤᠷᠰᠢᠯᠭ᠎ᠠ ᠪᠠᠨ ᠬᠦᠨᠵᠡᠭᠡᠢ ᠳ᠋ᠦᠩᠨᠡᠨ ᠶᠡᠭᠡᠪᠡᠷ ᠤᠠᠬᠭᠤᠯᠵᠦ᠂ ᠨᠠᠮ ᠤᠨ ᠦᠨᠳᠤᠰᠦᠳᠡᠨ ᠤ ᠲᠤᠬᠠᠢ ᠤᠨᠤᠯ᠂ ᠦᠨᠳᠦᠰᠦᠳᠡᠨ ᠤ ᠲᠤᠬᠠᠢ ᠲᠦᠷᠦ ᠶᠢᠨ ᠪᠤᠳᠤᠯᠭ᠎ᠠ ᠪᠠ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠣᠯ ᠤᠨ ᠯᠤᠳᠤ ᠶᠡᠭᠡ ᠲᠠᠪᠠᠭᠤᠯᠢᠭ ᠢ ᠭᠦᠢᠴᠡᠳ ᠥᠵᠡᠬᠦᠯᠬᠦ ᠬᠡᠷᠡᠭᠳᠡᠢ ᠬᠡᠪᠡ᠃      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠴᠧᠨ ᠢᠤᠢ᠂ ᠯᠦᠸᠧ ᡁᠢ ᠬᠤ᠋᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠡᠭ ᠱᠸᠡᠭ ᠲᠤᠰ ᠳᠣᠰ ᠶᠠᠷᠢᠯᠴᠠᠬᠤ ᠪᠠ ᠬᠢᠨᠠᠨ ᠵᠦᠪᠯᠡᠭᠦ ᠲᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号