ᠥᠪᠥᠷ ᠮᠣᠩᠭᠤᠯ᠄ ᠨᠠᠮ ᠵᠠᠰᠠᠭ ᠤᠨ ᠪᠠᠶᠢᠭᠤᠯᠭ᠎ᠠ ᠠᠳᠠᠯᠢ ᠨᠥᠬᠦᠴᠡᠯ ᠤᠨ ᠳᠣᠣᠷ᠎ᠠ ᠵᠡᠮᠳᠡᠭᠴᠦᠳ ᠢ ᠤᠷᠢᠳᠠᠪᠠᠷ ᠡᠯᠰᠡᠨ ᠬᠡᠷᠡᠭᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2017/1/18
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ︿13·5﹀᠎ ᠶᠢᠨ ᠲᠥᠯᠥᠪᠵᠢᠭᠦᠯᠭᠡ ᠶᠢᠨ ᠲᠣᠪᠴᠢ︾ ︵ᠳᠣᠷᠣᠭᠰᠢ ︽ᠲᠥᠯᠥᠪᠵᠢᠭᠦᠯᠭᠡ ᠶᠢᠨ ᠲᠣᠪᠴᠢ︾ ᠭᠡᠵᠦ ᠳᠥᠭᠦᠮᠴᠢᠯᠡᠨ᠎ᠡ︶᠎ ᠶᠢ ᠣᠷᠴᠢᠮᠬᠠᠨ ᠨᠡᠶᠢᠲᠡᠯᠡᠪᠡ᠃ ︽ᠲᠥᠯᠥᠪᠵᠢᠭᠦᠯᠭᠡ ᠶᠢᠨ ᠲᠣᠪᠴᠢ︾᠎ ᠨᠢ ᠥᠪᠥᠷ ᠮᠣᠩᠭᠤᠯ ᠤᠨ ᠬᠤᠶᠢᠰᠢᠳᠠ ᠶᠢᠨ ᠲᠠᠪᠤᠨ ᠵᠢᠯ ᠤᠨ ᠵᠡᠮᠳᠡᠭᠴᠦᠳ ᠲᠤ ᠠᠵᠢᠯ ᠣᠯᠭᠤᠬᠤ᠂ ᠠᠵᠢᠯ ᠦᠢᠯᠡᠰ ᠤᠨ ᠨᠢᠭᠡᠴᠡ ᠶᠢᠨ ᠠᠯᠪᠠᠲᠠᠨ ᠡᠯᠰᠡᠨ ᠬᠡᠷᠡᠭᠯᠡᠬᠦ ᠵᠡᠷᠭᠡ ᠲᠠᠯ᠎ᠠ ᠪᠠᠷ ᠰᠢᠨ᠎ᠡ ᠱᠠᠭᠠᠷᠳᠠᠯᠭ᠎ᠠ ᠳᠤᠷᠠᠳᠪᠠ᠃      ᠲᠤᠰ ︽ᠲᠥᠯᠥᠪᠵᠢᠭᠦᠯᠭᠡ ᠶᠢᠨ ᠲᠣᠪᠴᠢ︾᠎ ᠳᠤ ᠲᠣᠳᠣᠷᠬᠠᠶ ᠳᠤᠷᠠᠳᠤᠭᠰᠠᠨ ᠢᠶᠠᠷ ᠪᠣᠯ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠲᠤᠰᠢᠶᠠᠯ ᠬᠠᠷᠢᠭᠤᠴᠠᠯᠭ᠎ᠠ ᠪᠠᠨ ᠬᠡᠪ ᠢᠶᠠᠷ ᠭᠦᠢᠴᠡᠳᠬᠡᠵᠦ ᠳᠡᠶᠢᠯᠬᠦ ᠪᠡᠶ᠎ᠡ ᠮᠠᠬᠠᠪᠣᠳ ᠤᠨ ᠨᠥᠬᠦᠴᠡᠯ ᠲᠠᠢ ᠪᠠᠶᠢᠬᠤ ᠤᠷᠢᠲᠠᠯ ᠳᠣᠣᠷ᠎ᠠ᠂ ᠵᠡᠮᠳᠡᠭᠴᠦᠳ ᠲᠤ ᠬᠢᠵᠦ ᠳᠡᠶᠢᠯᠬᠦ ᠠᠵᠢᠯ ᠤᠨ ᠪᠠᠶᠢᠷᠢ ᠣᠯᠭᠤᠬᠤ᠂ ᠵᠡᠮᠳᠡᠭᠴᠦᠳ ᠢ ᠠᠳᠠᠯᠢ ᠨᠥᠬᠦᠴᠡᠯ ᠤᠨ ᠳᠣᠣᠷ᠎ᠠ ᠤᠷᠢᠳ ᠢᠶᠠᠷ ᠡᠯᠰᠡᠵᠦ ᠬᠡᠷᠡᠭᠯᠡᠬᠦ ᠶᠢ ᠪᠠᠷᠢᠮᠲᠠᠯᠠᠬᠤ ᠬᠡᠷᠡᠭᠲᠡᠢ᠃ ᠵᠡᠮᠳᠡᠭᠴᠦᠳ ᠤᠨ ᠡᠷᠬᠡ ᠲᠡᠭᠰᠢ ᠪᠠᠷ ᠠᠯᠪᠠᠲᠠᠨ ᠤ ᠰᠢᠯᠭᠠᠯᠲᠠ ᠳᠤ ᠣᠷᠣᠯᠴᠠᠬᠤ ᠡᠷᠬᠡ ᠶᠢ ᠦᠨᠡᠨ ᠬᠦ ᠬᠠᠮᠠᠭᠠᠯᠠᠵᠤ᠂ ᠵᠡᠮᠳᠡᠭᠴᠦᠳ ᠲᠤ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠵᠤ ᠲᠣᠬᠢᠷᠠᠭᠤᠯᠤᠭᠰᠠᠨ ᠦᠭᠡᠢ ᠠᠵᠢᠯ ᠦᠢᠯᠡᠰ ᠤᠨ ᠨᠢᠭᠡᠴᠡ ᠬᠤᠭᠤᠰᠤᠨ ᠣᠷᠣᠨ ᠲᠤᠭ᠎ᠠ ᠳᠠᠭᠠᠨ ᠠᠵᠢᠯᠲᠠᠨ ᠤᠷᠢᠵᠤ ᠬᠡᠷᠡᠭᠯᠡᠬᠦ ᠪᠠᠷ ᠭᠤᠶᠤᠴᠢᠯᠠᠬᠤ ᠳᠠᠭᠠᠨ᠂ ᠨᠥᠬᠦᠴᠡᠯ ᠳᠤ ᠨᠡᠶᠢᠴᠡᠭᠰᠡᠨ ᠵᠡᠮᠳᠡᠭᠴᠦᠳ ᠢ ᠤᠷᠢᠳ ᠢᠶᠠᠷ ᠤᠷᠢᠵᠤ ᠡᠯᠰᠡᠬᠦ ᠬᠡᠷᠡᠭᠲᠡᠶ ᠭᠡᠵᠡᠢ᠃      ︽ᠲᠥᠯᠥᠪᠵᠢᠭᠦᠯᠭᠡ ᠶᠢᠨ ᠲᠣᠪᠴᠢ︾᠎ ᠳᠤ ᠳᠤᠷᠠᠳᠤᠭᠰᠠᠨ ᠨᠢ᠂ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠬᠤ ᠠᠵᠢᠯ ᠤᠨ ᠪᠠᠶᠢᠷᠢ ᠶᠢ ᠤᠷᠢᠳᠴᠢᠯᠠᠨ ᠦᠯᠡᠳᠡᠭᠡᠬᠦ ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠬᠥᠮᠦᠨ ᠬᠡᠷᠡᠭᠯᠡᠬᠦ ᠨᠢᠭᠡᠴᠡ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠬᠤ ᠶᠢ ᠨᠡᠶᠢᠳᠡ ᠳᠤ ᠵᠠᠷᠯᠠᠬᠤ ᠲᠦᠷᠢᠮ ᠢ ᠨᠡᠶᠢᠳᠡᠮ ᠪᠠᠶᠢᠭᠤᠯᠵᠤ᠂ ᠵᠡᠮᠳᠡᠭᠴᠦᠳ ᠢ ᠲᠥᠪᠯᠡᠷᠡᠭᠦᠯᠦᠨ ᠠᠵᠢᠯ ᠣᠯᠭᠤᠬᠤ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠪᠦᠷᠢᠨᠰᠢᠭᠦᠯᠬᠦ ᠬᠡᠷᠡᠭᠲᠡᠢ᠃ ᠵᠢᠵᠢᠭ ᠪᠢᠴᠢᠯ ᠠᠵᠤ ᠠᠬᠤᠶᠢᠯᠠᠯ ᠢ ᠭᠠᠷᠭᠠᠪᠠᠯ᠂ ᠬᠠᠷᠢᠴᠠᠯ ᠤᠨ ᠱᠠᠭᠠᠷᠳᠠᠯᠭ᠎ᠠ ᠳᠤ ᠬᠦᠷᠬᠦ ᠦᠭᠡᠢ ᠠᠵᠤ ᠠᠬᠤᠶᠢᠯᠠᠯ ᠪᠣᠯ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠬᠠᠤᠯᠢ ᠶᠤᠰᠤᠭᠠᠷ ᠲᠤᠰᠢᠶᠠᠬᠤ ᠬᠡᠷᠡᠭᠲᠡᠶ᠃ ᠬᠠᠷᠢᠴᠠᠯ ᠠᠴᠠ ᠬᠡᠲᠡᠷᠡᠭᠦᠯᠦᠨ ᠵᠡᠮᠳᠡᠭᠴᠦᠳ ᠲᠤ ᠠᠵᠢᠯ ᠣᠯᠭᠤᠨ ᠲᠣᠬᠢᠷᠠᠭᠤᠯᠤᠭᠰᠠᠨ ᠬᠥᠮᠦᠨ ᠬᠡᠷᠡᠭᠯᠡᠬᠦ ᠨᠢᠭᠡᠴᠡ ᠶᠢ ᠱᠠᠩᠨᠠᠬᠤ ᠳᠦᠷᠢᠮ ᠢ ᠪᠠᠶᠢᠭᠤᠯᠬᠤ ᠬᠡᠷᠡᠭᠲᠡᠢ᠃ ᠡᠭᠦᠨ ᠠᠴᠠ ᠭᠠᠳᠠᠨ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠲᠠᠲᠠᠪᠤᠷᠢᠯᠠᠵᠤ ᠬᠠᠮᠢᠶᠠᠷᠬᠤ ᠬᠡᠷᠡᠭᠯᠡᠬᠦ ᠠᠷᠭ᠎ᠠ︾᠎ ᠶᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠬᠢᠨᠠᠨ ᠪᠠᠶᠢᠴᠠᠭᠠᠵᠤ ᠲᠠᠲᠠᠪᠤᠷᠢᠯᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠬᠡᠷᠡᠭᠲᠡᠶ᠃ ᠵᠡᠮᠳᠡᠭᠴᠦᠳ ᠲᠤ ᠠᠵᠢᠯ ᠣᠯᠭᠤᠬᠤ ᠨᠠᠰᠤ ᠵᠢᠯ ᠦᠨᠡᠨ ᠨᠡᠷ᠎ᠡ ᠶᠢᠨ ᠮᠡᠳᠡᠭᠡ ᠵᠠᠩᠭᠢ ᠶᠢ ᠰᠢᠩᠭᠡᠭᠡᠨ ᠣᠷᠣᠭᠤᠯᠬᠤ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠱᠠᠲᠤ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠰᠠᠭᠠᠳ ᠥᠭᠡᠢ ᠮᠡᠳᠡᠭᠡ ᠵᠠᠩᠭᠢ ᠶᠢᠨ ᠰᠦᠯᠵᠢᠶ᠎ᠡ ᠶᠢ ᠨᠡᠪᠲᠡᠷᠡᠭᠦᠯᠵᠦ᠂ ᠤᠯᠠᠨ ᠨᠡᠶᠢᠳᠡ ᠎ ᠶᠢᠨ ᠠᠵᠢᠯ ᠣᠯᠭᠤᠬᠤ ᠪᠠ ᠴᠢᠳᠠᠪᠤᠷᠢᠲᠠᠨ ᠤ ᠦᠢᠯᠡᠴᠢᠯᠡᠭᠡᠨ ᠤ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠰᠢᠰᠲ᠋ᠧᠮ ᠳᠤ ᠤᠷᠤᠭᠤᠯᠬᠤ ᠬᠡᠷᠡᠭᠲᠡᠢ ᠭᠡᠪᠡ᠃      ︽13·5︾᠎ ᠶᠢᠨ ᠲᠥᠯᠥᠪᠵᠢᠭᠦᠯᠭᠡ ᠶᠢᠨ ᠡᠴᠦᠰ ᠪᠣᠯᠬᠤ ᠳᠤ᠂ ᠪᠦᠬᠦ ᠣᠷᠣᠨ ᠤ ᠬᠤᠲᠠ ᠪᠠᠯᠭᠠᠰᠤ ᠶᠢᠨ ᠵᠡᠮᠳᠡᠭᠴᠦᠳ ᠤᠨ 13750 ᠬᠥᠮᠦᠨ ᠳᠤ ᠰᠢᠨ᠎ᠡ ᠪᠠᠷ ᠠᠵᠢᠯ ᠣᠯᠭᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号