| ᠥᠪᠥᠷ ᠵᠠᠰᠠᠭ ᠲᠠᠷᠬᠠᠭᠠᠭᠰᠠᠨ ﹇2016﹈ 86 ᠳ᠋ᠤᠭᠠᠷ ᠲᠤᠭᠠᠳᠤ | 8 ᠳ᠋ᠤᠭᠠᠷ ᠰᠠᠷ᠎ᠠ ᠶᠢᠨ 4 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠰᠢᠨ᠎ᠡ ᠶᠢ ᠡᠭᠦᠳᠬᠦ ᠬᠦᠭᠵᠢᠯᠲᠡ ᠶᠢ ᠠᠬᠢᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ﹇2016﹈ 4 ᠳ᠋ᠤᠭᠡᠷ | ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠤᠯᠤᠰ ᠤᠨ ᠪᠠ | ᠤᠯᠤᠰ ᠤᠨ ᠳᠣᠲᠣᠭᠠᠳᠤ ᠶᠢᠨ ᠬᠦᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ | ᠰᠠᠨᠠᠭᠠᠴᠢᠯᠠᠭ᠎ᠠ ᠠᠴᠠ ᠪᠠᠨ ᠵᠠᠯᠭᠠᠨ ᠵᠣᠯᠭᠠᠭᠤᠯᠵᠤ᠂ ᠮᠠᠨ ᠤ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶᠠᠨ ᠤ ᠰᠢᠨ᠎ᠡ ᠶᠢ ᠡᠭᠦᠳᠬᠦ ᠬᠦᠭᠵᠢᠯᠲᠡ ᠶᠢ ᠠᠬᠢᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ | ᠪᠤᠳᠠᠳᠠᠢ ᠲᠠᠢ ᠪᠠᠨ ᠤᠶᠠᠯᠳᠤᠭᠤᠯᠤᠨ᠂ ᠡᠳᠦᠭᠡ ᠳᠣᠣᠷᠠᠬᠢ ᠰᠠᠨᠠᠯ ᠤᠳ ᠢ ᠳᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ ᠪᠠ ᠭᠤᠣᠯ ᠬᠠᠷᠠᠯᠲᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠲᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ᠂ | ᠵᠣᠬᠢᠴᠠᠭᠤᠯᠬᠤ᠂ ᠪᠣᠬᠢᠷᠳᠤᠯ ᠦᠭᠡᠢ᠂ ᠴᠢᠯᠦᠭᠡᠲᠡᠢ ᠪᠠᠶᠢᠬᠤ᠂ ᠬᠠᠮᠳᠤᠪᠠᠷ ᠬᠦᠷᠲᠡᠬᠦ ᠬᠦᠭᠵᠢᠯᠲᠡ ᠶᠢᠨ | ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠤᠷᠢ ᠪᠡᠯᠡᠳᠭᠡᠮᠵᠢ᠂ | ᠴᠢᠳᠠᠮᠵᠢ ᠲᠥᠬᠦᠷᠵᠢᠭᠦᠯᠥᠭᠰᠡᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠ ᠠᠵᠤ | ᠦᠢᠯᠡᠰ ᠤᠨ ᠬᠦᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠪᠠᠳᠤᠯᠠᠭ᠎ᠠ ᠪᠣᠯᠭᠠᠵᠤ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠣᠭᠤᠮᠲᠠ ᠶᠢᠨ ᠣᠨᠴᠣᠭᠤᠢ ᠬᠢᠨᠠᠨ ᠬᠠᠮᠢᠶᠠᠷᠬᠤ ᠣᠷᠣᠨ ᠪᠦᠰᠡ᠂ | ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ | ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢᠶᠠᠷ ᠭᠤᠣᠯ ᠠᠴᠢᠶᠠᠯᠠᠪᠤᠷᠢ ᠪᠣᠯᠭᠠᠵᠤ᠂ ᠬᠤᠳᠠᠯᠳᠤᠭᠠᠴᠢᠨ | ᠤᠷᠢᠵᠤ ᠪᠡᠯᠡ ᠣᠷᠤᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠣᠳᠠᠲᠤ | ᠬᠦᠴᠦᠨ ᠲᠠᠢ᠂ ᠮᠡᠷᠭᠡᠵᠢᠯ ᠲᠠᠢ᠂ ᠨᠡᠷᠡᠲᠦ ᠲᠦᠷᠦᠯ ᠲᠡᠮᠳᠡᠭ ᠲᠠᠢ᠂ ᠵᠠᠬ᠎ᠠ ᠳᠡᠯᠭᠡᠭᠦᠷ ᠲᠠᠢ ᠠᠵᠤ ᠠᠬᠤᠶᠢᠯᠠᠯ ᠤᠳ ᠢ | ᠲᠠᠲᠠᠨ ᠣᠷᠣᠭᠤᠯᠵᠤ ᠮᠠᠨ ᠤ ᠣᠷᠣᠨ ᠳᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ | ᠡᠷᠬᠢᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠬᠦᠲᠦᠯᠦᠨ ᠵᠢᠯᠣᠭᠤᠳᠴᠤ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠭᠦᠯᠬᠦ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠠᠵᠤ ᠦᠢᠯᠡᠰ ᠢ ︽ᠪᠠᠶᠠᠰᠤᠩᠭᠤᠢ ᠱᠣᠭᠤᠮ︾ | ᠤᠨ ᠳᠠᠭᠠᠤ ᠳᠤ ᠬᠤᠶᠠᠷ ᠦᠵᠦᠭᠦᠷ ᠲᠡᠰᠢ ᠤᠷᠲᠤᠳᠬᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠢ | ᠵᠣᠷᠢᠬᠵᠢᠭᠤᠯᠤᠨ ᠦᠨ᠎ᠡ ᠦᠷᠲᠡᠭ ᠤᠨ ᠬᠡᠯᠬᠢᠶ᠎ᠡ ᠶᠢᠨ ᠳᠡᠭᠡᠲᠦ ᠦᠵᠦᠭᠦᠷᠯᠢᠭ ᠲᠡᠰᠢ ᠬᠦᠭᠵᠢᠭᠦᠯᠵᠦ᠂ ᠭᠤᠣᠯᠯᠠᠬᠤ | ᠪᠣᠰᠤ ᠲᠤᠬᠠᠶᠢᠯᠠᠭᠰᠠᠨ ᠠᠵᠢᠯ ᠢ ᠰᠠᠯᠭᠠᠬᠤ ᠪᠠ ᠭᠠᠳᠠᠭᠰᠢ ᠳᠠᠭᠠᠭᠠᠴᠢᠯᠠᠭᠤᠯᠵᠤ᠂ ᠦᠢᠯᠡᠳᠪᠦᠷᠢᠯᠡᠵᠦ ᠦᠢᠯᠡᠳᠬᠦ ᠪᠠ | ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠪᠠᠨ ᠲᠦᠷᠭᠡᠳᠭᠡᠨ᠂ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ | ᠬᠡᠷᠡᠭᠲᠡᠢ᠃ ᠲᠦᠬᠦᠷᠵᠢᠭᠰᠡᠨ ᠠᠵᠤ ᠦᠢᠯᠡᠰ ᠢ ᠶᠡᠬᠡᠪᠡᠷ ᠬᠦᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠨ | ᠤᠷᠳᠤᠳᠬᠠᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠪᠥᠭᠡᠭᠡᠨᠡᠷᠡᠵᠢᠯᠲᠡ ᠶᠢ | ᠪᠡᠶᠡᠯᠡᠭᠦᠯᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠡᠪᠴᠢᠶᠡᠵᠢᠯ ᠢᠶᠠᠨ ᠲᠠᠰᠤᠷᠠᠯᠲᠠ ᠦᠭᠡᠢ | ᠦᠷᠭᠡᠳᠭᠡᠨ᠂ ᠪᠦᠬᠦ ᠣᠷᠣᠨ ᠤ ᠭᠠᠳᠠᠭᠠᠳᠤ ᠳᠤ ᠭᠠᠷᠭᠠᠬᠤ ᠭᠠᠳᠠᠭᠠᠳᠤ ᠠᠴᠠ ᠣᠷᠤᠭᠤᠯᠬᠤ ᠶᠡᠷᠦᠩᠬᠡᠢ | ᠲᠣᠭᠠᠨ ᠳᠠᠬᠢ ᠡᠳ᠋ᠰᠢᠭᠦᠯᠵᠦ ᠪᠣᠯᠪᠠᠰᠤᠷᠠᠭᠤᠯᠬᠤ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠬᠡᠷᠡᠭᠲᠡᠢ᠃ | ︵ᠬᠤᠶᠠᠷ︶ ᠭᠤᠣᠯ ᠬᠠᠷᠠᠯᠲᠠ᠃ 2016 — 2020 ᠣᠨ ᠳᠤ᠂ ᠪᠦᠬᠦ ᠣᠷᠣᠨ ᠤ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢ ᠵᠢᠯ ᠳᠤ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠦᠨ᠎ᠡ᠃ ︽13 · 5 | ︾ ᠶᠢᠨ ᠲᠦᠯᠦᠪᠵᠢᠭᠦᠯᠭᠡ ᠶᠢᠨ ᠰᠡᠭᠦᠯᠴᠢ ᠪᠣᠯᠬᠤ ᠳᠤ᠂ ᠪᠦᠬᠦ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠣᠨ ᠤ ᠭᠠᠳᠠᠭᠠᠳᠤ ᠳᠤ ᠭᠠᠷᠭᠠᠬᠤ ᠭᠠᠳᠠᠭᠠᠳᠤ ᠠᠴᠠ ᠣᠷᠣᠭᠤᠯᠬᠤ ᠲᠤᠭ᠎ᠠ ᠨᠢ ᠳ᠋ᠦᠩᠰᠢᠭᠤᠷ | ᠳ᠋ᠣᠯᠯᠠᠷ ᠠᠴᠠ ᠬᠡᠲᠦᠷᠡᠭᠰᠡᠨ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ 3 — 5 ᠪᠣᠯᠭᠠᠵᠤ᠂ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠳᠤ ᠭᠠᠷᠭᠠᠬᠤ ᠭᠠᠳᠠᠭᠠᠳᠤ ᠠᠴᠠ ᠣᠷᠣᠭᠤᠯᠬᠤ ᠶᠡᠷᠦᠩᠬᠡᠢ ᠲᠤᠭ᠎ᠠ ᠨᠢ | 10 ᠳ᠋ᠦᠩᠰᠢᠭᠤᠷ ᠳ᠋ᠣᠯᠯᠠᠷ ᠳᠠᠪᠠᠭᠰᠠᠨ ᠪᠠᠶᠢᠬᠤ ᠬᠡᠷᠡᠭᠲᠡᠢ᠃ | ᠬᠤᠶᠠᠷ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠦᠭᠵᠢᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠬᠡᠷᠡᠭᠲᠡᠢ | ︵ᠭᠤᠷᠪᠠ︶ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢ ᠪᠦᠷᠢᠨᠰᠢᠭᠦᠯᠬᠦ ᠬᠡᠷᠡᠭᠲᠡᠢ᠃ ᠡᠯ᠎ᠡ ᠲᠦᠷᠦᠯ ᠤᠨ ᠬᠦᠷᠢᠶᠡᠯᠡᠩ ᠲᠣᠭᠤᠷᠢᠭ ᠤᠨ ᠲᠤᠯᠤᠭ᠎ᠠ ᠶᠢ | ᠨᠡᠪᠲᠡᠷᠡᠭᠦᠯᠵᠦ ᠨᠢᠭᠡ ᠶᠢ ᠴᠡᠪᠡᠷᠯᠡᠨ ᠲᠡᠭᠰᠢᠯᠡᠬᠦ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ | ᠵᠡᠷᠭᠡ ᠰᠠᠭᠤᠷᠢ ᠪᠡᠯᠡᠳᠭᠡᠮᠵᠢ ᠵᠢᠴᠢ ᠴᠢᠳᠠᠮᠵᠢ ᠶᠢᠨ ᠴᠢᠨᠠᠷᠲᠠᠢ ᠲᠦᠬᠦᠷᠵᠢᠭᠰᠡᠨ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠵᠦ᠂ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠤᠯᠠᠨ ᠨᠡᠶᠢᠲᠡ ᠶᠢᠨ | ᠮᠡᠳᠡᠭᠡ ᠵᠠᠩᠭᠢ᠂ ᠣᠯᠠᠨ ᠨᠡᠶᠢᠲᠡ ᠶᠢᠨ ᠲᠤᠷᠰᠢᠯᠲᠠ᠂ ᠣᠯᠠᠨ ᠨᠡᠶᠢᠲᠡ ᠶᠢᠨ ᠪᠠᠶᠢᠴᠠᠭᠠᠨ ᠬᠡᠮᠵᠢᠬᠦ᠂ ᠮᠡᠷᠭᠡᠵᠢᠯ ᠤᠨ | ᠰᠢᠨ᠎ᠡ ᠡᠭᠦᠳᠦᠯᠲᠡ ᠵᠡᠷᠭᠡ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠪᠦᠷᠢᠨᠰᠢᠭᠦᠯᠵᠦ᠂ | ᠮᠡᠷᠭᠡᠵᠢᠯ ᠤᠨ ᠦᠨᠡᠯᠡᠨ ᠵᠢᠱᠢᠬᠦ᠂ ᠪᠠᠶᠢᠴᠠᠭᠠᠨ ᠬᠡᠮᠵᠢᠵᠦ ᠦᠨᠡᠮᠰᠢᠨ ᠨᠣᠲᠠᠯᠠᠬᠤ᠂ ᠦᠮᠴᠢᠯᠡᠬᠦ ᠡᠷᠬᠡ ᠶᠢᠨ | ᠠᠷᠠᠯᠵᠢᠶᠠᠯᠠᠬᠤ᠂ ᠦᠷ᠎ᠡ ᠪᠦᠲᠦᠭᠡᠯ ᠢᠶᠠᠨ ᠤᠯᠠᠷᠢᠭᠤᠯᠬᠤ ᠵᠡᠷᠭᠡ ᠵᠠᠭᠤᠴᠢ ᠪᠠᠶᠢᠭᠤᠯᠤᠮᠵᠢ ᠶᠢ ᠵᠢᠷᠤᠮᠵᠢᠭᠤᠯᠤᠨ | ᠬᠦᠭᠵᠢᠭᠦᠯᠵᠦ᠂ ᠴᠢᠳᠠᠮᠵᠢ ᠪᠠᠷ ᠪᠦᠷᠢᠨᠰᠢᠭᠰᠡᠨ ᠵᠠᠯᠭᠠᠨ ᠵᠣᠯᠭᠠᠭᠤᠯᠬᠤ ᠲᠠᠪᠴᠠᠩ ᠢ ᠪᠠᠶᠢᠭᠤᠯᠬᠤ ᠬᠡᠷᠡᠭᠲᠡᠢ᠃ | ︵ᠳᠥᠷᠪᠡ︶ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢ ᠪᠡᠯᠡ ᠮᠦᠩᠭᠦ ᠪᠠᠷ ᠳᠡᠮᠵᠢᠬᠦ ᠪᠠᠨ | ᠴᠢᠩᠭᠠᠷᠠᠭᠤᠯᠬᠤ ᠬᠡᠷᠡᠭᠲᠡᠢ᠃ ᠡᠯ᠎ᠡ ᠵᠦᠢᠯ ᠤᠨ ᠲᠡᠳᠭᠦᠨ ᠳᠡᠮᠵᠢᠬᠦ ᠲᠥᠷᠥ ᠶᠢᠨ ᠪᠣᠳᠣᠯᠭ᠎ᠠ ᠶᠢ ᠭᠦᠢᠴᠡᠳ | ᠠᠰᠢᠭᠯᠠᠵᠤ᠂ ᠵᠠᠯᠭᠠᠨ ᠵᠣᠯᠭᠠᠭᠤᠯᠬᠤ ᠭᠠᠵᠠᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ | ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ᠂ ᠠᠵᠢᠯ ᠣᠯᠭᠤᠯᠲᠠ ᠶᠢ ᠠᠬᠢᠭᠤᠯᠬᠤ ᠵᠡᠷᠭᠡ | ᠬᠠᠮᠢᠶ᠎ᠠ ᠪᠦᠬᠦᠢ ᠠᠵᠢᠯ ᠤᠳ ᠢ ᠳᠡᠮᠵᠢᠬᠦ ᠬᠡᠷᠡᠭᠲᠡᠢ᠃ ᠨᠦᠬᠦᠴᠡᠯ ᠲᠠᠢ ᠭᠠᠵᠠᠷ ᠣᠷᠣᠨ ᠨᠢ ᠵᠠᠯᠭᠠᠨ | ᠵᠣᠯᠭᠠᠭᠤᠯᠬᠤ ᠶᠢᠨ ᠰᠢᠯᠵᠢᠭᠦᠯᠬᠦ ᠲᠤᠰᠬᠠᠢ ᠪᠡᠯᠡ ᠮᠦᠩᠭᠦ ᠪᠠᠶᠢᠭᠤᠯᠵᠤ᠂ ᠬᠠᠮᠢᠶ᠎ᠠ ᠪᠦᠬᠦᠢ ᠠᠬᠢᠭᠤᠯᠬᠤ ᠠᠵᠢᠯ ᠳᠤ | ᠬᠡᠷᠡᠭᠯᠡᠵᠦ ᠪᠣᠯᠣᠨ᠎ᠠ᠃ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠢᠳᠡᠪᠬᠢᠲᠡᠢ ᠵᠣᠬᠢᠴᠠᠭᠤᠯᠵᠤ᠂ ᠡᠯ᠎ᠡ | ᠲᠦᠷᠦᠯ ᠤᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠳ ᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠲᠦᠯᠦᠪᠯᠡᠭᠡ ᠳᠤ ᠵᠢᠭᠰᠠᠭᠠᠨ ᠣᠷᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠲᠥᠰᠦᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠶᠢᠨ ᠳᠡᠮᠵᠢᠯᠭᠡ ᠶᠢ ᠣᠯᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠴᠢᠳᠠᠪᠤᠷᠢ ᠶᠢᠨ ᠪᠠᠶᠢᠭᠤᠯᠤᠯᠲᠠ ᠶᠢᠨ | ᠲᠠᠯ᠎ᠠ ᠪᠠᠷ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠢ ᠳᠡᠮᠵᠢᠵᠤ | ᠪᠠᠶᠢᠭᠠᠳ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠭ᠎ᠠ ︵PPP︶ ᠶᠢᠨ ᠵᠠᠭᠪᠤᠷ ᠢ | ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠨᠦᠬᠦᠴᠡᠯ ᠳᠤ ᠨᠡᠶᠢᠴᠡᠬᠦ PPP ᠤᠨ ᠲᠥᠷᠥᠯ ᠵᠦᠢᠯ ᠤᠳ ᠲᠤ ᠪᠡᠯᠡ | ᠲᠣᠬᠢᠷᠠᠭᠤᠯᠬᠤ ᠳᠡᠮᠵᠢᠯᠭᠡ ᠣᠯᠭᠤᠵᠤ᠂ ᠨᠡᠶᠢᠭᠡᠮ ᠤᠨ ᠬᠦᠷᠦᠩᠭᠡ ᠶᠢ ᠲᠠᠲᠠᠨ ᠣᠷᠣᠭᠤᠯᠵᠤ ᠪᠠᠶᠢᠭᠠᠳ ᠡᠯ᠎ᠡ | ᠲᠥᠷᠥᠯ ᠤᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ | ᠠᠵᠢᠯᠯᠠᠭᠤᠯᠵᠤ ᠡᠵᠡᠩᠨᠡᠬᠦ ᠳᠤ ᠣᠷᠣᠯᠴᠠᠭᠤᠯᠵᠤ᠂ ᠪᠡᠯᠡ ᠮᠦᠩᠭᠦ ᠬᠦᠷᠦᠯᠴᠡᠬᠦ ᠦᠭᠡᠢ ᠪᠠᠶᠢᠭ᠎ᠠ ᠬᠦᠴᠢᠷᠳᠡᠯ ᠢ | ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠭᠡᠮᠵᠢ ᠶᠢᠨ ᠠᠵᠢᠯᠯᠠᠭᠤᠯᠵᠤ ᠡᠵᠡᠩᠨᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ︵ᠲᠠᠪᠤ︶ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠪᠣᠭᠤᠮᠲᠠ ᠪᠠᠷ ᠦᠩᠭᠡᠷᠡᠭᠦᠯᠬᠦ ᠶᠢ ᠳᠥᠭᠦᠮᠴᠢᠯᠡᠬᠦ | ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠤᠬᠠᠶᠢᠯᠠᠭᠰᠠᠨ | ᠠᠵᠢᠯ ᠤᠨ ᠬᠡᠮᠵᠢᠶ᠎ᠡ ᠪᠠᠷ ᠶᠡᠭᠡ ᠪᠠᠶᠢᠭ᠎ᠠ ᠬᠢᠯᠢ ᠶᠢᠨ ᠪᠣᠭᠤᠮᠲᠠ᠂ ᠪᠣᠭᠤᠮᠲᠠ ᠶᠢᠨ ᠬᠢᠨᠠᠨ ᠬᠠᠮᠢᠶᠠᠷᠬᠤ ᠭᠠᠵᠠᠷ | ᠲᠠᠯᠠᠪᠠᠢ ᠳᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠤᠰᠬᠠᠢ ᠬᠡᠷᠡᠭᠯᠡᠬᠦ ᠴᠣᠩᠬᠤ ᠪᠠᠶᠢᠭᠤᠯᠵᠤ᠂ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠷ ᠳᠡᠪᠲᠡᠷ ᠬᠢᠬᠦ᠂ ᠬᠤᠪᠢᠷᠠᠭᠤᠯᠬᠤ ᠵᠢᠴᠢ ᠬᠢᠨᠠᠵᠤ ᠭᠠᠷᠭᠠᠬᠤ | ᠵᠡᠷᠭᠡ ᠲᠤᠬᠠᠶᠢᠯᠠᠭᠰᠠᠨ ᠠᠵᠢᠯ ᠤᠳ ᠢ ᠲᠦᠪᠯᠡᠷᠡᠭᠦᠯᠦᠨ ᠭᠦᠢᠴᠡᠳᠭᠡᠵᠦ᠂ ᠵᠠᠯᠭᠠᠨ ᠵᠣᠯᠭᠠᠭᠤᠯᠬᠤ ᠠᠵᠤ ᠦᠢᠯᠡᠰ ᠤᠨ | ᠰᠢᠯᠵᠢᠯᠲᠡ ᠶᠢᠨ ᠲᠦᠬᠦᠷᠵᠢᠭᠦᠯᠦᠭᠰᠡᠨ ᠪᠣᠭᠤᠮᠲᠠ ᠪᠠᠷ ᠦᠩᠭᠡᠷᠡᠭᠦᠯᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ | ᠡᠯᠧᠺᠲᠷᠣᠨ ᠬᠢᠯᠢ ᠶᠢᠨ ᠪᠣᠭᠤᠮᠲᠠ ᠶᠢ ᠲᠥᠷᠭᠡᠬᠡᠨ ᠪᠠᠶᠢᠭᠤᠯᠵᠤ᠂ ︽ᠭᠤᠷᠪᠠᠨ ᠨᠢᠭᠡ︾ ︵ᠪᠣᠭᠤᠮᠲᠠ ᠬᠢᠭᠡᠳ | ᠬᠢᠯᠢ ᠪᠠᠷ ᠣᠷᠣᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠤᠨ ︽ᠨᠢᠭᠡ | ᠤᠳᠠᠭ᠎ᠠ ᠳᠤ ᠭᠤᠶᠤᠴᠢᠯᠠᠵᠤ ᠮᠡᠳᠡᠭᠦᠯᠬᠦ᠂ ᠨᠢᠭᠡ ᠤᠳᠠᠭ᠎ᠠ ᠳᠤ ᠪᠠᠶᠢᠴᠠᠭᠠᠵᠤ ᠰᠢᠯᠭᠠᠬᠤ᠂ ᠨᠢᠭᠡ ᠤᠳᠠᠭ᠎ᠠ ᠳᠤ | ᠦᠩᠭᠡᠷᠡᠭᠦᠯᠬᠦ︾ ᠪᠣᠭᠤᠮᠲᠠ ᠪᠠᠷ ᠦᠩᠭᠡᠷᠡᠭᠦᠯᠵᠦ ᠠᠵᠢᠯᠯᠠᠬᠤ ᠵᠠᠭᠪᠤᠷ ᠢ ᠬᠡᠷᠡᠭᠵᠢᠭᠦᠯᠦᠨ᠎ᠡ︶᠂ ︽ᠬᠠᠷᠢᠯᠴᠠᠨ | ᠰᠣᠯᠢᠯᠴᠠᠬᠤ᠂ ᠬᠠᠷᠢᠯᠴᠠᠨ ᠮᠡᠳᠡᠷᠡᠬᠦ᠂ ᠬᠠᠷᠢᠯᠴᠠᠨ ᠬᠠᠪᠰᠤᠷᠬᠤ︾ ︵︽ᠭᠠᠭᠴᠠ ᠴᠣᠩᠬᠤᠪᠴᠢ︾ ᠶᠢᠨ ᠪᠦᠲᠦᠭᠡᠨ | ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠮᠡᠳᠡᠭᠡ ᠵᠠᠩᠭᠢ ᠪᠠᠨ ᠬᠠᠷᠢᠯᠴᠠᠨ ᠰᠣᠯᠢᠯᠴᠠᠬᠤ ᠶᠢ ᠪᠡᠶᠡᠯᠡᠭᠦᠯᠬᠦ ᠪᠠᠨ | ᠠᠬᠢᠭᠤᠯᠬᠤ︔ ᠪᠣᠭᠤᠮᠲᠠ ᠪᠠᠷ ᠦᠩᠭᠡᠷᠡᠭᠦᠯᠬᠦ ᠶᠢ ᠨᠢᠭᠡ ᠴᠣᠭᠴᠠᠵᠢᠭᠤᠯᠬᠤ ᠬᠠᠮᠢᠶᠠᠷᠤᠯᠲᠠ ᠶᠢᠨ ᠪᠠᠶᠢᠷᠢᠰᠢᠯ ᠢ | ᠪᠠᠶᠢᠭᠤᠯᠵᠤ᠂ ᠬᠢᠨᠠᠯᠲᠠ ᠬᠠᠮᠢᠶᠠᠷᠤᠯᠲᠠ ᠪᠠᠨ ᠬᠠᠷᠢᠯᠴᠠᠨ ᠮᠡᠳᠡᠷᠡᠬᠦ ᠶᠢ ᠪᠡᠶᠡᠯᠡᠭᠦᠯᠬᠦ ᠪᠠᠨ ᠠᠬᠢᠭᠤᠯᠬᠤ︔ ᠬᠢᠯᠢ ᠶᠢᠨ | ᠪᠣᠭᠤᠮᠲᠠ ᠶᠢᠨ ᠬᠤᠯᠪᠣᠭᠠᠯᠠᠭᠰᠠᠨ ᠰᠡᠷᠭᠡᠶᠢᠯᠡᠨ ᠡᠵᠡᠮᠳᠡᠬᠦ ᠲᠣᠭᠲᠠᠴᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠠᠤᠯᠢ ᠬᠡᠷᠡᠭᠵᠢᠭᠦᠯᠬᠦ ᠳᠤ ᠬᠠᠷᠢᠯᠴᠠᠨ ᠬᠠᠪᠰᠤᠷᠬᠤ ᠶᠢ ᠪᠡᠶᠡᠯᠡᠭᠦᠯᠬᠦ ᠪᠠᠨ ᠠᠬᠢᠭᠤᠯᠬᠤ︶ ᠪᠠ ᠣᠷᠣᠨ ᠪᠦᠰᠡ ᠶᠢᠨ | ᠪᠣᠭᠤᠮᠲᠠ ᠪᠠᠷ ᠦᠩᠭᠡᠷᠡᠬᠦᠯᠬᠦ ᠵᠠᠭᠪᠤᠷ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠰᠢᠯᠭᠠᠨ ᠪᠠᠶᠢᠴᠠᠭᠠᠬᠤ | ᠬᠢᠵᠢᠭ ᠪᠠᠶᠢᠴᠠᠭᠠᠬᠤ ᠪᠠᠶᠢᠴᠠᠭᠠᠨ ᠥᠩᠭᠡᠷᠡᠭᠦᠯᠬᠦ ᠲᠣᠭᠲᠠᠴᠠ ᠪᠠᠨ ᠲᠥᠷᠭᠡᠳᠭᠡᠵᠦ᠂ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠨᠦᠬᠦᠴᠡᠯ ᠳᠤ ᠨᠡᠶᠢᠴᠡᠭᠰᠡᠨ ᠠᠵᠤ | ᠠᠬᠤᠶᠢᠯᠠᠯ ᠳᠤ ᠪᠠᠶᠢᠴᠠᠭᠠᠯᠭᠠᠬᠤ ᠪᠠᠷ ᠮᠡᠳᠡᠭᠦᠯᠬᠦ ᠶᠢ ᠤᠷᠢᠳᠠᠪᠠᠷ ᠬᠦᠯᠢᠶᠡᠨ ᠠᠪᠴᠤ ᠰᠢᠢᠳᠪᠦᠷᠢᠯᠡᠬᠦ᠂ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠶᠢ ᠤᠷᠢᠳᠠᠪᠠᠷ ᠬᠡᠷᠡᠭᠵᠢᠭᠦᠯᠬᠦ᠂ ᠪᠦᠯᠦᠭ ᠬᠤᠪᠢᠶᠠᠨ ᠬᠢᠨᠠᠵᠤ ᠭᠠᠷᠭᠠᠬᠤ ᠳᠤ | ᠪᠣᠭᠤᠮᠲᠠ ᠪᠠᠷ ᠳᠥᠭᠦᠮ ᠲᠦᠲᠡ ᠦᠩᠭᠡᠷᠡᠭᠦᠯᠬᠦ ᠬᠠᠷᠠᠭᠠᠯᠵᠠᠯ ᠦᠵᠡᠭᠦᠯᠬᠦ ᠬᠡᠷᠡᠭᠲᠡᠢ᠃ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠤᠨ ᠬᠤᠭᠤᠷᠣᠨᠳᠤ ᠶᠢᠨ | ᠮᠡᠳᠡᠭᠡ ᠵᠠᠩᠭᠢ ᠪᠠᠨ ᠬᠠᠮᠳᠤᠪᠠᠷ ᠬᠦᠷᠲᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠣᠭᠤᠮᠲᠠ | ᠥᠩᠭᠡᠷᠡᠬᠦ ᠦᠷ᠎ᠡ ᠪᠦᠳᠦᠮᠵᠢ ᠶᠢ ᠨᠢ ᠳᠡᠭᠡᠭᠰᠢᠯᠡᠭᠦᠯᠬᠦ ᠬᠡᠷᠡᠭᠲᠡᠢ᠃ | ︵ᠵᠢᠷᠭᠤᠭ᠎ᠠ︶ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ | ᠪᠠᠷᠠᠭᠠᠨ ᠤ ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠭᠡᠵᠦ᠂ ᠳᠡᠭᠡᠲᠦ ᠬᠤᠷᠳᠤ ᠶᠢᠨ | ᠵᠠᠰᠠᠮᠠᠯ ᠵᠠᠮ᠂ ᠲᠡᠮᠦᠷ ᠵᠠᠮ᠂ ᠠᠭᠠᠷ ᠤᠨ ᠲᠡᠭᠡᠭᠡᠪᠦᠷᠢ ᠵᠡᠷᠭᠡ ᠰᠠᠭᠤᠷᠢ ᠪᠠᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠣᠯᠠᠨ ᠵᠦᠢᠯ ᠤᠨ ᠳᠡᠭᠡᠭᠡᠪᠦᠷᠢ ᠶᠢᠨ ᠬᠡᠪ ᠮᠠᠶ᠋ᠢᠭ ᠢᠶᠠᠷ ᠨᠢᠭᠲᠠ | ᠵᠠᠯᠭᠠᠯᠳᠤᠭᠤᠯᠤᠭᠰᠠᠨ ᠬᠤᠷᠳᠤᠨ ᠳᠦᠭᠦᠮ᠂ ᠦᠨᠳᠦᠷ ᠪᠦᠲᠦᠮᠵᠢᠲᠡᠢ᠂ ᠥᠪᠡᠷ ᠤᠨ ᠦᠷᠲᠡᠭ ᠢᠶᠠᠷ ᠳᠣᠣᠷ᠎ᠠ ᠪᠣᠯᠬᠤ | ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠣᠢ ᠪᠣᠯᠭᠠᠬᠤ ᠬᠡᠷᠡᠭᠲᠡᠢ᠃ ᠬᠤᠳᠠᠯᠳᠤᠭᠠᠨ ᠤ | ᠶᠠᠪᠤᠳᠠᠯ᠂ ᠬᠢᠯᠢ ᠶᠢᠨ ᠪᠣᠭᠤᠮᠲᠠ᠂ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠵᠠᠮ ᠬᠠᠷᠢᠯᠴᠠᠭ᠎ᠠ | ᠳᠡᠭᠡᠭᠡᠪᠦᠷᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠦᠴᠢᠷ ᠤᠳ ᠵᠣᠬᠢᠴᠠᠭᠤᠯᠤᠨ | ᠵᠣᠯᠭᠠᠭᠤᠯᠬᠤ ᠪᠠᠨ ᠴᠢᠩᠭᠠᠳᠬᠠᠵᠤ᠂ ᠲᠡᠮᠦᠷ ᠵᠠᠮ ᠳᠠᠯᠠᠢ ᠠᠭᠠᠷ ᠤᠨ ᠬᠤᠯᠪᠣᠭᠠᠯᠠᠨ ᠲᠡᠭᠡᠭᠡᠪᠦᠷᠢᠯᠡᠬᠦ ᠵᠠᠮ ᠱᠣᠭᠤᠮ | ᠪᠠ ᠡᠷᠬᠢᠯᠡᠨ ᠭᠦᠢᠴᠡᠳᠭᠡᠬᠦ ᠦᠷᠲᠡᠭᠡ ᠪᠠᠶᠢᠭᠤᠯᠬᠤ ᠶᠢ ᠰᠦᠪᠡᠭᠴᠢᠯᠡᠬᠦ ᠬᠡᠷᠡᠭᠲᠡᠢ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠠᠬᠢ ᠲᠡᠮᠦᠷ ᠵᠠᠮ ᠤᠨ ᠲᠤᠰᠬᠠᠢ | ᠱᠣᠭᠤᠮ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠠᠵᠤ ᠠᠬᠤᠶᠢᠯᠠᠯ ᠤᠳ ᠢ ᠬᠦᠲᠦᠯᠦᠨ ᠵᠢᠯᠣᠭᠤᠳᠴᠤ | ᠪᠠᠶᠢᠭᠠᠳ ᠣᠯᠠᠨ ᠵᠦᠢᠯ ᠤᠨ ᠬᠤᠯᠪᠣᠭᠠᠯᠠᠨ ᠲᠡᠭᠡᠭᠡᠪᠦᠷᠢᠯᠡᠬᠦ ᠠᠷᠭ᠎ᠠ ᠮᠠᠶ᠋ᠢᠭ ᠢ ᠠᠪᠴᠤ ᠭᠠᠳᠠᠭᠠᠳᠤ ᠠᠷᠠᠯᠵᠢᠶ᠎ᠠ ᠶᠢᠨ | ᠲᠡᠭᠡᠭᠡᠪᠦᠷᠢ ᠦᠷᠨᠢᠭᠦᠯᠬᠦ ᠶᠢ ᠵᠣᠷᠢᠬᠵᠢᠭᠤᠯᠵᠤ᠂ ᠵᠠᠰᠠᠮᠠᠯ ᠵᠠᠮ ᠲᠡᠮᠦᠷ ᠵᠠᠮ ᠳᠠᠯᠠᠢ ᠠᠭᠠᠷ ᠤᠨ ᠬᠤᠭᠤᠷᠣᠨᠳᠤ ᠶᠢᠨ | ᠲᠦᠷᠭᠡᠨ ᠳᠠᠮᠵᠢᠭᠤᠯᠬᠤ ᠪᠠ ᠨᠢᠭᠲᠠ ᠵᠠᠯᠭᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ᠃ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠲᠡᠭᠡᠭᠡᠪᠦᠷᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠮᠠᠯ ᠵᠠᠮ ᠤᠨ | ᠴᠢᠷᠦᠭᠦᠯ ᠲᠡᠷᠭᠡ ᠪᠠᠨ ᠰᠣᠯᠢᠵᠤ ᠲᠡᠭᠡᠭᠡᠪᠦᠷᠢᠯᠡᠬᠦ ᠶᠢ ᠬᠦᠭᠵᠢᠭᠦᠯᠵᠦ᠂ ᠠᠴᠢᠶ᠎ᠠ ᠲᠡᠭᠡᠭᠡᠪᠦᠷᠢ ᠶᠢᠨ ᠦᠷᠲᠡᠭᠡ | ᠲᠠᠯᠠᠪᠠᠢ ᠶᠢᠨ ᠪᠦᠲᠦᠭᠡᠨ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠡᠯᠡ ᠮᠦᠩᠭᠦ ᠶᠢᠨ ᠣᠷᠤᠭᠤᠯᠤᠯᠲᠠ ᠪᠠ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠠᠯᠤᠨ᠂ ᠳᠡᠰ ᠳᠠᠪᠬᠤᠷᠭ᠎ᠠ ᠪᠠᠷ ᠢᠯᠭᠤᠮ | ᠲᠣᠳᠣ᠂ ᠴᠢᠳᠠᠮᠵᠢ ᠪᠠᠷ ᠪᠦᠷᠢᠨ ᠲᠡᠭᠦᠯᠳᠡᠷ᠂ ᠵᠣᠯᠭᠠᠭᠤᠯᠤᠯᠲᠠ ᠪᠠᠷ ᠰᠠᠭᠠᠳ ᠦᠭᠡᠢ᠂ ᠦᠷᠲᠡᠭᠡ ᠲᠠᠯᠠᠪᠠᠢ ᠶᠢᠨ | ᠵᠠᠩᠭᠢᠯᠠᠭ᠎ᠠ ᠴᠢᠬ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ᠳᠠᠯᠠᠢ ᠳᠠᠭᠠᠤ ᠭᠠᠵᠠᠷ | ᠣᠷᠣᠨ ᠤ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠲᠣᠮᠤ ᠬᠡᠯᠪᠡᠷᠢ ᠶᠢᠨ | ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠢᠳᠡᠪᠬᠢᠲᠡᠢ ᠣᠷᠤᠭᠤᠯᠬᠤ ᠪᠠ ᠬᠦᠮᠦᠵᠢᠭᠦᠯᠦᠨ | ᠪᠤᠶᠢᠵᠢᠭᠤᠯᠵᠤ᠂ ᠣᠯᠠᠨ ᠤᠯᠤᠰ ᠤᠨ ᠪᠠᠷᠠᠭ᠎ᠠ ᠠᠴᠢᠶᠠᠨ ᠤ ᠣᠷᠤᠯᠠᠭᠴᠢ ᠠᠵᠤ ᠠᠬᠤᠶᠢᠯᠠᠯ ᠬᠢᠭᠡᠳ | ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠬᠤᠭᠤᠷᠣᠨᠳᠤ ᠶᠢᠨ | ᠵᠠᠯᠭᠠᠯᠳᠤᠭᠤᠯᠬᠤ ᠶᠢ ᠴᠢᠩᠭᠠᠳᠬᠠᠵᠤ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ | ᠥᠪᠡᠷ ᠤᠨ ᠥᠷᠲᠡᠭ ᠢ ᠨᠢ ᠪᠠᠭᠤᠷᠠᠭᠤᠯᠬᠤ ᠬᠡᠷᠡᠭᠲᠡᠢ᠃ | ︵ᠳᠣᠯᠤᠭ᠎ᠠ︶ ᠨᠡᠬᠡᠭᠡᠯᠲᠡ ᠲᠠᠢ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠦᠢᠯᠡᠴᠢᠯᠡᠭᠡᠨ ᠤ | ᠰᠢᠰᠲ᠋ᠧᠮᠵᠢ ᠪᠠ ᠲᠥᠬᠦᠷ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ | ᠦᠨᠳᠦᠷ ᠬᠢᠷᠢ ᠬᠡᠮᠵᠢᠶ᠎ᠡ ᠲᠠᠢ᠂ ᠴᠢᠨᠠᠷᠯᠢᠭ ᠰᠠᠶᠢᠨ ᠢᠶᠠᠷ ᠪᠤᠭᠤᠲᠤ᠂ ᠣᠷᠳᠣᠰ ᠤᠨ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠱᠠᠲᠤᠴᠠ ᠲᠠᠢ ᠪᠠᠷ ᠰᠢᠯᠵᠢᠬᠦ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢ ᠰᠠᠶᠢᠲᠤᠷ | ᠪᠦᠲᠦᠭᠡᠨ ᠪᠠᠶᠢᠭᠤᠯᠬᠤ ᠬᠡᠷᠡᠭᠲᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠳᠤ ᠰᠢᠨ᠎ᠡ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠴᠠ ᠲᠠᠢ ᠪᠠᠷ ᠰᠢᠯᠵᠢᠭᠦᠯᠬᠦ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ | ᠭᠠᠵᠠᠷ ᠢ ᠢᠳᠡᠪᠬᠢᠲᠡᠢ ᠮᠡᠳᠡᠭᠦᠯᠵᠦ ᠭᠤᠶᠤᠴᠢᠯᠠᠬᠤ ᠬᠡᠷᠡᠭᠲᠡᠢ᠃ ᠪᠦᠬᠦ ᠣᠷᠣᠨ ᠳᠤ 3 — 5 ᠠᠶᠢᠮᠠᠭ ᠬᠤᠲᠠ ᠶᠢ | ᠰᠤᠩᠭᠤᠵᠤ ᠵᠠᠯᠭᠠᠨ ᠵᠣᠯᠭᠠᠭᠤᠯᠬᠤ ᠠᠵᠤ ᠦᠢᠯᠡᠰ ᠤᠨ ᠰᠢᠯᠵᠢᠭᠦᠯᠬᠦ ᠭᠤᠣᠯᠳᠠᠯᠭ᠎ᠠ ᠲᠠᠢ ᠭᠠᠵᠠᠷ ᠣᠷᠣᠨ ᠪᠣᠯᠭᠠᠵᠤ᠂ | ᠲᠡᠳᠡᠭᠡᠷ ᠤᠨ ᠵᠠᠯᠭᠠᠨ ᠵᠣᠯᠭᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠳᠭᠦᠬᠦ | ᠬᠡᠷᠡᠭᠲᠡᠢ᠃ ᠪᠣᠭᠤᠮᠲᠠ ᠶᠢᠨ ᠣᠨᠴᠣᠭᠤᠢ ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠶᠢᠨ ᠪᠦᠲᠦᠭᠡᠨ | ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠠᠬᠢ ᠭᠠᠶᠢᠯᠢ | ᠪᠠᠳᠤᠯᠠᠨ ᠡᠳ᠋ᠰᠢᠭᠦᠯᠵᠦ ᠪᠣᠯᠪᠠᠰᠤᠷᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠬᠦᠬᠡᠬᠤᠲᠠ ᠳᠠᠬᠢ | ᠭᠠᠳᠠᠭᠠᠳᠤ ᠳᠤ ᠭᠠᠷᠭᠠᠬᠤ ᠪᠠᠷ ᠡᠳ᠋ᠰᠢᠭᠦᠯᠵᠦ ᠪᠣᠯᠪᠠᠰᠤᠷᠠᠭᠤᠯᠬᠤ ᠲᠣᠭᠤᠷᠢᠭ ᠬᠡᠯᠪᠡᠷᠢ ᠪᠠᠨ ᠬᠤᠪᠢᠷᠠᠭᠤᠯᠤᠭᠠᠳ | ᠶᠡᠷᠦᠩᠬᠡᠶᠢᠯᠡᠭᠰᠡᠨ ᠭᠠᠶᠢᠯᠢ ᠪᠠᠳᠤᠯᠠᠬᠤ ᠣᠷᠣᠨ ᠪᠣᠯᠬᠤ ᠶᠢ ᠠᠬᠢᠭᠤᠯᠬᠤ ᠬᠡᠷᠡᠭᠲᠡᠢ᠃ | ︵ᠨᠠᠢᠮᠠ︶ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠥᠬᠦᠷ ᠠᠵᠤ ᠦᠢᠯᠡᠰ ᠤᠨ ᠬᠦᠭᠵᠢᠯᠲᠡ ᠶᠢ | ᠠᠬᠢᠭᠤᠯᠬᠤ ᠬᠡᠷᠡᠭᠲᠡᠢ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠦᠢᠯᠡᠳᠪᠦᠷᠢᠯᠡᠯ ᠨᠢ ᠲᠦᠬᠦᠷ | ᠴᠢᠳᠠᠪᠤᠷᠢ ᠶᠢᠨ ᠱᠠᠭᠠᠷᠳᠠᠯᠭ᠎ᠠ ᠪᠠᠷ ᠦᠨᠳᠦᠷ ᠪᠠᠶᠢᠬᠤ ᠣᠨᠴᠠᠯᠢᠭ ᠲᠤ ᠴᠢᠭᠯᠡᠭᠦᠯᠦᠨ᠂ ᠮᠠᠰᠢᠨ ᠴᠠᠬᠢᠯᠭᠠᠨ᠂ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ᠂ ᠬᠥᠩᠭᠡᠨ ᠨᠡᠬᠡᠮᠡᠯ᠂ ᠲᠣᠨᠤᠭ ᠲᠦᠬᠦᠭᠡᠷᠦᠮᠵᠢ | ᠦᠢᠯᠡᠳᠬᠦ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠥᠷᠥᠯ ᠤᠳ | ᠭᠠᠳᠠᠭᠠᠳᠤ ᠳᠤ ᠡᠳ᠋ᠰᠢᠭᠦᠯᠵᠦ ᠪᠣᠯᠪᠠᠰᠤᠷᠠᠭᠤᠯᠬᠤ ᠣᠨᠴᠠᠯᠢᠭᠲᠤ ᠠᠵᠤ ᠦᠢᠯᠡᠰ ᠤᠨ ᠠᠩᠬ᠎ᠠ ᠬᠡᠪᠴᠢᠶᠡᠵᠢᠯ | ᠪᠦᠷᠢᠯᠳᠤᠭᠦᠯᠬᠦ ᠶᠢ ᠨᠢ ᠲᠥᠷᠬᠡᠳᠭᠡᠨ ᠠᠬᠢᠭᠤᠯᠵᠤ᠂ ᠲᠥᠬᠦᠷ ᠠᠵᠤ ᠠᠬᠤᠶᠢᠯᠠᠯ ᠤᠨ ᠪᠦᠯᠦᠭᠰᠢᠷᠡᠯ᠂ ᠠᠵᠤ | ᠦᠢᠯᠡᠰ ᠤᠨ ᠪᠦᠯᠦᠭᠰᠢᠷᠡᠯ ᠤᠨ ᠪᠣᠢ ᠪᠣᠯᠬᠤ ᠪᠠ ᠲᠥᠪᠯᠡᠷᠡᠬᠦ ᠶᠢ ᠠᠬᠢᠭᠤᠯᠤᠨ᠂ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠲᠥᠬᠦᠷ ᠠᠵᠤ ᠦᠢᠯᠡᠰ ᠢ ᠴᠢᠩᠭᠠᠳᠬᠠᠵᠤ᠂ ᠭᠤᠣᠯ ᠤᠳᠤᠷᠢᠳᠤᠮᠵᠢᠲᠤ ᠠᠵᠤ ᠦᠢᠯᠡᠰ ᠵᠢᠴᠢ | ᠣᠨᠴᠠᠯᠢᠭᠲᠤ ᠠᠵᠤ ᠦᠢᠯᠡᠰ ᠤᠨ ᠪᠣᠢ ᠪᠣᠯᠬᠤ ᠪᠠ ᠬᠦᠭᠵᠢᠬᠦ ᠶᠢ ᠠᠬᠢᠭᠤᠯᠬᠤ ᠬᠡᠷᠡᠭᠲᠡᠢ᠃ | ᠭᠤᠷᠪᠠ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ | ᠪᠦᠲᠦᠮᠵᠢ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ | ︵ᠶᠢᠰᠦ︶ ᠠᠵᠤ ᠦᠢᠯᠡᠰ ᠤᠨ ᠬᠤᠳᠠᠯᠳᠤᠭᠠᠴᠢᠨ ᠤᠷᠢᠬᠤ ᠶᠢ ᠠᠬᠢᠭᠤᠯᠬᠤ ᠬᠡᠷᠡᠭᠲᠡᠢ᠃ ᠬᠢᠯᠢ ᠶᠢᠨ | ᠭᠠᠳᠠᠨᠠᠬᠢ ᠪᠣᠯᠣᠨ ᠳᠠᠯᠠᠢ ᠳᠠᠭᠠᠤ ᠬᠦᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ | ᠰᠠᠨᠠᠭᠠᠴᠢᠯᠠᠭ᠎ᠠ ᠠᠴᠠ ᠪᠠᠨ ᠵᠠᠯᠭᠠᠨ ᠵᠣᠯᠭᠠᠭᠤᠯᠬᠤ ᠬᠡᠷᠡᠭᠲᠡᠢ᠃ ᠬᠦᠭᠵᠢᠭᠰᠡᠨ ᠣᠷᠣᠨ ᠤ ᠪᠦᠬᠦᠯᠢ ᠮᠠᠰᠢᠨ ᠤ | ᠦᠢᠯᠡᠳᠪᠦᠷᠢᠯᠡᠯ᠂ ᠰᠡᠯᠪᠢᠭ ᠲᠣᠨᠤᠭ᠂ ᠲᠦᠭᠦᠬᠡᠢ ᠮᠠᠲ᠋ᠧᠷᠢᠶᠠᠯ ᠤᠨ ᠲᠦᠬᠦᠷ ᠡᠳ᠋ᠰᠢᠭᠦᠯᠵᠦ ᠪᠣᠯᠪᠠᠰᠤᠷᠠᠭᠤᠯᠬᠤ ᠶᠢ | ᠣᠷᠤᠭᠤᠯᠤᠨ ᠠᠪᠴᠤ᠂ ᠠᠵᠤ ᠦᠢᠯᠡᠰ ᠤᠨ ᠪᠥᠭᠡᠭᠡᠨᠡᠷᠡᠯ ᠢ ᠪᠦᠷᠢᠯᠳᠦᠭᠦᠯᠬᠦ ᠬᠡᠷᠡᠭᠲᠡᠢ᠃ ᠮᠠᠨ ᠤ ᠣᠷᠣᠨ ᠤ ᠡᠬᠢ | ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠤᠯᠤᠰ ᠠᠯᠤᠰᠯᠠᠭᠰᠠᠨ ᠨᠡᠷᠡᠲᠡᠢ ᠺᠤᠮᠫᠠᠨᠢ ᠪᠣᠯᠣᠨ ᠣᠯᠠᠨ ᠤᠯᠤᠰ ᠤᠨ | ᠬᠡᠯᠬᠢᠶᠡᠵᠢᠭᠰᠡᠨ ᠬᠡᠲᠦ ᠳᠡᠯᠭᠡᠭᠦᠷ ᠢ ᠲᠠᠲᠠᠨ ᠣᠷᠣᠭᠤᠯᠵᠤ ᠮᠠᠨ ᠤ ᠣᠷᠣᠨ ᠳᠤ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠠᠵᠤ ᠠᠬᠤᠶᠢᠯᠠᠯ ᠡᠷᠬᠢᠯᠡᠭᠦᠯᠦᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠶᠠᠰᠤ | ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠳᠦᠮᠵᠢ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ | ︵ᠠᠷᠪᠠ︶ ᠣᠷᠣᠨ ᠪᠦᠰᠡ ᠶᠢᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠳᠡᠰ ᠳᠡᠪᠰᠢᠬᠦ ᠶᠢ | ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠲᠤᠰ ᠭᠠᠵᠠᠷ ᠣᠷᠣᠨ ᠤ ᠪᠣᠳᠠᠲᠤ ᠲᠠᠢ ᠪᠠᠨ | ᠤᠶᠠᠯᠳᠤᠭᠤᠯᠤᠨ᠂ ᠣᠳᠣ ᠪᠠᠶᠢᠭ᠎ᠠ ᠠᠵᠤ ᠦᠢᠯᠡᠰ ᠤᠨ ᠰᠠᠭᠤᠷᠢ ᠪᠠ ᠬᠦᠭᠵᠢᠯᠲᠡ ᠶᠢᠨ ᠳᠠᠪᠠᠭᠤᠯᠢᠭ ᠲᠤ | ᠰᠠᠭᠤᠷᠢᠯᠠᠵᠤ᠂ ᠣᠨᠴᠠᠯᠢᠭ ᠢᠶᠠᠨ ᠳᠣᠪᠤᠶᠢᠯᠭᠠᠨ᠂ ᠡᠬᠢ ᠪᠠᠶᠠᠯᠢᠭ ᠢᠶᠠᠷ ᠠᠷᠪᠢᠲᠠᠢ᠂ ᠣᠷᠴᠢᠨ ᠲᠣᠭᠤᠷᠢᠨ ᠢᠶᠠᠷ | ᠰᠠᠶᠢᠨ ᠰᠠᠶᠢᠬᠠᠨ ᠲᠥᠷᠥᠯ ᠵᠦᠢᠯ ᠢ ᠢᠳᠡᠪᠬᠢᠲᠡᠢ ᠵᠠᠯᠭᠠᠨ ᠵᠣᠯᠭᠠᠭᠤᠯᠬᠤ ᠬᠡᠷᠡᠭᠲᠡᠢ᠃ ᠣᠷᠣᠨ ᠪᠦᠰᠡ ᠶᠢᠨ | ᠣᠨᠴᠠᠯᠢᠭ ᠢᠶᠠᠨ ᠪᠠᠳᠠᠷᠠᠭᠤᠯᠬᠤ ᠬᠢᠭᠡᠳ ᠠᠵᠤ ᠦᠢᠯᠡᠰ ᠤᠨ ᠳᠠᠪᠠᠭᠤᠯᠢᠭ ᠢᠶᠠᠨ ᠳᠡᠭᠡᠭᠰᠢᠯᠡᠭᠦᠯᠬᠦ ᠯᠦᠭᠡ | ᠤᠶᠠᠯᠳᠤᠭᠤᠯᠬᠤ ᠶᠢ ᠪᠠᠷᠢᠮᠲᠠᠯᠠᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠡᠪᠴᠢᠶ᠎ᠡ ᠪᠠᠨ ᠦᠷᠭᠡᠳᠭᠡᠬᠦ | ᠬᠢᠭᠡᠳ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠯᠤᠭ᠎ᠠ ᠵᠡᠷᠭᠡ ᠳᠤᠨᠢ ᠴᠢᠬᠤᠯᠠᠴᠢᠯᠠᠬᠤ ᠶᠢ | ᠪᠠᠷᠢᠮᠲᠠᠯᠠᠵᠤ᠂ ᠬᠦᠳᠡᠯᠮᠦᠷᠢ ᠨᠢᠭᠲᠠᠷᠠᠭᠰᠠᠨ ᠬᠡᠯᠪᠡᠷᠢ ᠬᠢᠭᠡᠳ ᠪᠡᠯᠡ ᠮᠦᠩᠭᠦ ᠬᠤᠷᠠᠭᠰᠠᠨ ᠬᠡᠯᠪᠡᠷᠢ ᠶᠢᠨ ᠲᠥᠷᠥᠯ | ᠵᠦᠢᠯ ᠢ ᠢᠳᠡᠪᠬᠢᠲᠡᠢ ᠣᠷᠤᠭᠤᠯᠬᠤ ᠶᠢᠨ ᠬᠠᠮᠲᠤ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ᠂ | ᠦᠢᠯᠡᠳᠪᠦᠷᠢᠯᠡᠯ ᠪᠣᠯᠣᠨ ᠦᠢᠯᠡᠴᠢᠯᠡᠭᠡᠨ ᠤ ᠠᠭᠤᠰᠤᠴᠠᠯ ᠢ ᠠᠬᠢᠭᠤᠯᠬᠤ᠂ ᠠᠵᠤ ᠦᠢᠯᠡᠰ ᠤᠨ ᠬᠡᠪ ᠴᠢᠨᠠᠷ ᠢ | ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠦᠴᠦᠯᠡᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠨᠡᠩ ᠦᠨᠳᠦᠷ | ᠮᠡᠷᠭᠡᠵᠢᠯ ᠤᠨ ᠬᠢᠷᠢ ᠬᠡᠮᠵᠢᠶ᠎ᠡ᠂ ᠨᠡᠩ ᠶᠡᠭᠡ ᠦᠷᠲᠡᠭ ᠨᠡᠮᠡᠭᠳᠡᠯ ᠤᠨ ᠠᠭᠤᠯᠤᠭᠳᠠᠴᠠ ᠲᠠᠢ ᠳᠡᠰ ᠳᠡᠪᠰᠢᠬᠦ ᠲᠡᠰᠢ | ᠠᠬᠢᠭᠤᠯᠬᠤ ᠬᠡᠷᠡᠭᠲᠡᠢ᠃ | ᠲᠥᠷᠪᠡ᠂ ᠠᠵᠤ ᠠᠬᠤᠶᠢᠯᠠᠯ ᠢ ᠵᠢᠯᠣᠭᠤᠳᠴᠤ ᠤᠯᠤᠰ ᠤᠨ ᠲᠥᠷᠥ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠭᠦᠯᠬᠦ ᠬᠡᠷᠡᠭᠲᠡᠢ | ︵ᠠᠷᠪᠠᠨ ᠨᠢᠭᠡ︶ ᠤᠯᠤᠰ ᠠᠴᠠ ᠵᠣᠷᠢᠬᠵᠢᠭᠤᠯᠵᠤ ᠪᠠᠶᠢᠭ᠎ᠠ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠠᠵᠤ ᠦᠢᠯᠡᠰ ᠢ ᠢᠳᠡᠪᠬᠢᠲᠡᠢ ᠦᠷᠨᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠵᠦᠷᠢᠯᠳᠦᠨ | ᠰᠤᠯᠪᠢᠴᠠᠬᠤ ᠶᠢ ᠭᠦᠢᠴᠡᠳ ᠠᠰᠢᠭᠯᠠᠵᠤ ᠠᠵᠤ ᠦᠢᠯᠡᠰ ᠤᠨ ᠤᠳᠤᠷᠢᠳᠤᠮᠵᠢ ᠪᠠᠨ ᠲᠣᠭᠲᠠᠭᠠᠵᠤ᠂ ᠠᠳᠠᠯᠢ ᠪᠣᠰᠤ | ᠠᠵᠤ ᠦᠢᠯᠡᠰ ᠵᠢᠴᠢ ᠠᠳᠠᠯᠢ ᠨᠢᠭᠡᠨ ᠠᠵᠤ ᠦᠢᠯᠡᠰ ᠤᠨ ᠠᠳᠠᠯᠢ ᠪᠣᠰᠤ ᠦᠨ᠎ᠡ ᠦᠷᠲᠡᠭ ᠡᠭᠦᠳᠬᠦ ᠶᠠᠪᠤᠴᠠ ᠳᠠᠬᠢ | ᠠᠳᠠᠯᠢ ᠪᠣᠰᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠴᠢᠭᠯᠡᠭᠦᠯᠦᠨ᠂ ᠠᠵᠤ ᠠᠬᠤᠶᠢᠯᠠᠯ ᠢ ᠵᠢᠯᠣᠭᠤᠳᠴᠤ | ᠤᠯᠤᠰ ᠠᠴᠠ ᠵᠣᠷᠢᠬᠵᠢᠭᠤᠯᠵᠤ ᠪᠠᠶᠢᠭ᠎ᠠ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠢ | ᠢᠳᠡᠪᠬᠢᠲᠡᠢ ᠦᠷᠨᠢᠭᠦᠯᠬᠦ ᠬᠡᠷᠡᠭᠲᠡᠢ᠃ ᠠᠵᠤ ᠠᠬᠤᠶᠢᠯᠠᠯ ᠤᠳ ᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ | ᠠᠷᠠᠯᠵᠢᠶ᠎ᠠ ᠪᠠᠷ ᠬᠤᠰᠢᠭᠤᠷᠠᠬᠤ᠂ ᠦᠷ᠎ᠡ ᠠᠰᠢᠭ ᠢᠶᠠᠷ ᠭᠤᠣᠯᠯᠠᠭᠤᠯᠬᠤ ᠶᠢ ᠵᠣᠷᠢᠬᠵᠢᠭᠤᠯᠤᠨ᠂ ᠣᠳᠣ ᠶᠢᠨ ᠪᠠᠶᠢᠭ᠎ᠠ | ᠲᠦᠬᠦᠭᠡᠷᠦᠮᠵᠢ ᠪᠠ ᠪᠣᠯᠪᠠᠰᠤᠷᠠᠩᠭᠤᠢ ᠮᠡᠷᠭᠡᠵᠢᠯ ᠢ ᠠᠰᠢᠭᠯᠠᠨ ᠨᠦᠬᠦᠴᠡᠯ ᠲᠠᠢ ᠤᠯᠤᠰ ᠪᠣᠯᠣᠨ ᠭᠠᠵᠠᠷ ᠣᠷᠣᠨ ︵ | ᠣᠨᠴᠣᠭᠤᠶᠢᠯᠠᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ︶ ᠳᠤ ᠬᠦᠷᠴᠦ ᠬᠠᠮᠢᠶ᠎ᠠ ᠪᠦᠬᠦᠢ ᠬᠢᠯᠢ ᠶᠢᠨ | ᠭᠠᠳᠠᠨᠠᠬᠢ ᠡᠳ᠋ᠰᠢᠭᠦᠯᠵᠦ ᠪᠣᠯᠪᠠᠰᠤᠷᠠᠭᠤᠯᠬᠤ ᠶᠢᠨ ᠲᠤᠬᠠᠶᠢᠯᠠᠭᠰᠠᠨ ᠠᠵᠢᠯ ᠢ ᠦᠷᠨᠢᠭᠦᠯᠬᠦ ᠬᠡᠷᠡᠭᠲᠡᠢ᠃ | ︵ᠠᠷᠪᠠᠨ ᠬᠤᠶᠠᠷ︶ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠪᠠ ᠰᠢᠨ᠎ᠡ ᠪᠠᠷ ᠬᠦᠭᠵᠢᠭᠰᠡᠨ ᠠᠵᠤ | ᠦᠢᠯᠡᠰ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠬᠤ ᠬᠡᠷᠡᠭᠲᠡᠢ᠃ ᠭᠤᠣᠯᠳᠠᠯᠭ᠎ᠠ ᠪᠠᠨ ᠲᠣᠪᠤᠶᠢᠯᠭᠠᠨ᠂ ᠴᠢᠬ ᠢᠶᠠᠷ | ᠪᠦᠬᠦ ᠲᠠᠯ᠎ᠠ ᠶᠢ ᠳᠠᠶᠢᠴᠢᠯᠠᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠳᠠᠪᠠᠭᠤᠯᠢᠭ ᠠᠵᠤ ᠦᠢᠯᠡᠰ ᠤᠨ | ᠲᠣᠭᠲᠠᠭᠤᠨ ᠢᠶᠠᠷ ᠬᠦᠭᠵᠢᠬᠦ ᠪᠣᠯᠣᠨ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠦᠬᠦ ᠲᠠᠯ᠎ᠠ ᠪᠠᠷ | ᠳᠡᠯᠭᠡᠷᠡᠭᠦᠯᠬᠦ ᠪᠠᠨ ᠦᠨᠡᠨᠬᠦ ᠰᠠᠶᠢᠳᠤᠷ ᠬᠢᠬᠦ ᠬᠡᠷᠡᠭᠲᠡᠢ᠃ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢᠶᠠᠨ | ᠳᠡᠭᠡᠭᠰᠢᠯᠡᠭᠦᠯᠦᠨ ᠳᠣᠪᠤᠶᠢᠯᠭᠠᠬᠤ ᠶᠢ ᠪᠠᠷᠢᠮᠲᠠᠯᠠᠵᠤ᠂ ᠨᠡᠬᠡᠮᠡᠯ ᠬᠤᠪᠴᠠᠰᠤ ᠬᠤᠨᠠᠷ᠂ ᠮᠤᠬᠠᠨᠢᠭ ᠦᠢᠯᠡᠳᠬᠦ᠂ ᠮᠣᠳᠣᠨ | ᠮᠠᠲ᠋ᠧᠷᠢᠶᠠᠯ ᠦᠢᠯᠡᠳᠪᠦᠷᠢᠯᠡᠬᠦ ᠵᠡᠷᠭᠡ ᠬᠦᠳᠡᠯᠮᠦᠷᠢ ᠪᠠᠷ ᠨᠢᠭᠲᠠᠷᠠᠭᠰᠠᠨ ᠬᠡᠯᠪᠡᠷᠢ ᠶᠢᠨ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠦᠢᠯᠡᠰ ᠢ ᠦᠷᠭᠦᠯᠵᠢᠯᠡᠨ ᠬᠦᠭᠵᠢᠭᠦᠯᠦᠨ᠎ᠡ︔ ᠡᠯᠧᠺᠲᠷᠣᠨ ᠮᠡᠳᠡᠭᠡ ᠵᠠᠩᠭᠢ᠂ ᠰᠢᠯᠵᠢᠭᠡ ᠮᠡᠳᠡᠭᠡ | ᠬᠤᠯᠪᠣᠭ᠎ᠠ᠂ ᠠᠮᠢᠳᠤ ᠪᠣᠳᠤᠰ ᠤᠨ ᠡᠮ ᠡᠮᠨᠡᠯᠭᠡ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠬᠦᠳᠦᠯᠦᠨ | ᠵᠢᠯᠣᠭᠤᠳᠴᠤ ᠪᠠᠶᠢᠭᠠᠳ ᠲᠥᠷᠥ ᠶᠢᠨ ᠪᠣᠳᠣᠯᠭ᠎ᠠ ᠪᠠᠷ ᠬᠦᠳᠦᠯᠦᠨ ᠵᠢᠯᠣᠭᠤᠳᠬᠤ ᠪᠠ ᠵᠠᠬ᠎ᠠ ᠳᠡᠯᠭᠡᠭᠦᠷ ᠤᠨ | ᠲᠣᠭᠲᠠᠴᠠ ᠶᠢ ᠠᠰᠢᠭᠯᠠᠨ᠂ ᠵᠠᠩᠭᠢᠯᠠᠭ᠎ᠠ ᠪᠣᠯᠬᠤ ᠰᠡᠯᠪᠢᠭ ᠲᠣᠨᠤᠭ ᠪᠠ ᠲᠦᠭᠦᠬᠡᠢ ᠮᠠᠲ᠋ᠧᠷᠢᠶᠠᠯ ᠤᠳ ᠢ | ᠭᠤᠣᠯᠳᠠᠯᠭ᠎ᠠ ᠲᠠᠢ ᠪᠠᠷ ᠭᠠᠳᠠᠭᠠᠳᠤ ᠠᠴᠠ ᠣᠷᠤᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠷᠭ᠎ᠠ | ᠮᠠᠶ᠋ᠢᠭ ᠢᠶᠠᠷ ᠭᠠᠳᠠᠭᠠᠳᠤ ᠭᠠᠷᠭᠠᠯᠲᠠ ᠪᠠᠨ ᠦᠷᠭᠡᠳᠭᠡᠬᠦ ᠬᠡᠷᠡᠭᠲᠡᠢ᠃ ᠠᠵᠤ ᠠᠬᠤᠶᠢᠯᠠᠯ ᠤᠳ ᠤᠨ ᠮᠡᠷᠭᠡᠵᠢᠯ ᠪᠠ | ᠪᠡᠯᠡᠳᠭᠡᠮᠵᠢ ᠶᠢᠨ ᠰᠠᠶᠢᠵᠢᠷᠠᠭᠤᠯᠬᠤ ᠠᠵᠢᠯ ᠢᠶᠠᠨ ᠴᠢᠩᠭᠠᠳᠬᠠᠬᠤ ᠶᠢ ᠳᠡᠮᠵᠢᠵᠦ᠂ ᠠᠵᠤ ᠠᠬᠤᠶᠢᠯᠠᠯ ᠤᠨ ᠭᠤᠣᠯ | ᠦᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃ | ︵ᠠᠷᠪᠠᠨ ᠭᠤᠷᠪᠠ︶ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠢᠶᠠᠨ | ᠰᠢᠨ᠎ᠡ ᠪᠠᠷ ᠡᠭᠦᠳᠴᠦ ᠬᠦᠭᠵᠢᠭᠦᠯᠬᠦ ᠬᠡᠷᠡᠭᠲᠡᠢ᠃ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ | ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠤᠭᠠᠷ᠂ ᠵᠠᠬ᠎ᠠ ᠳᠡᠯᠭᠡᠭᠦᠷ ᠤᠨ ᠬᠡᠷᠡᠭᠴᠡᠭᠡ ᠶᠢ | ᠦᠨᠳᠦᠰᠦᠯᠡᠨ᠂ ᠬᠠᠮᠢᠶ᠎ᠠ ᠪᠦᠬᠦᠢ ᠠᠵᠤ ᠦᠢᠯᠡᠰ ᠢ ᠬᠠᠯᠠᠮᠵᠢᠯᠠᠨ ᠠᠩᠬᠠᠷᠴᠤ᠂ ᠪᠣᠳᠠᠳᠠᠢ ᠲᠠᠢ ᠪᠠᠨ ᠤᠶᠠᠯᠳᠤᠭᠤᠯᠤᠨ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠴᠠᠭᠠᠵᠠᠯᠠᠨ ᠬᠢᠵᠠᠭᠠᠷᠯᠠᠬᠤ ᠲᠠᠸᠠᠷ ᠤᠨ ᠭᠠᠷᠴᠠᠭ ᠢ ᠰᠣᠳᠤᠯᠬᠤ ᠪᠠᠨ | ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠠᠮᠵᠢᠯᠴᠠᠨ ᠬᠠᠪᠰᠤᠷᠤᠯᠴᠠᠵᠤ᠂ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢ ᠠᠰᠢᠭᠯᠠᠨ ᠬᠠᠩᠭᠠᠯᠭ᠎ᠠ ᠶᠢᠨ ᠲᠠᠯ᠎ᠠ ᠪᠠ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ | ᠬᠤᠶᠠᠷ ᠴᠢᠭᠯᠡᠯ ᠲᠡᠰᠢ ᠬᠦᠴᠦᠯᠡᠵᠦ᠂ ᠡᠬᠢ ᠪᠠᠶᠠᠯᠢᠭ ᠤᠨ ᠰᠢᠯᠢᠳᠡᠭᠵᠢᠭᠦᠯᠦᠨ ᠲᠣᠬᠢᠷᠠᠭᠤᠯᠬᠤ ᠴᠢᠳᠠᠮᠵᠢ ᠪᠠᠨ | ᠪᠠᠳᠠᠷᠠᠭᠤᠯᠤᠨ᠂ ᠦᠯᠡᠬᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠵᠤ᠂ ᠭᠠᠳᠠᠭᠠᠳᠤ ᠭᠠᠷᠭᠠᠯᠲᠠ ᠶᠢᠨ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠪᠦᠲᠦᠴᠡ ᠶᠢᠨ | ᠲᠣᠬᠢᠷᠠᠭᠤᠯᠤᠯᠲᠠ ᠪᠠ ᠬᠤᠷᠳᠤ ᠪᠠᠨ ᠲᠣᠬᠢᠷᠠᠭᠤᠯᠤᠨ ᠳᠡᠰ ᠳᠡᠪᠰᠢᠭᠦᠯᠬᠦ ᠶᠢ ᠨᠢ ᠠᠬᠢᠭᠤᠯᠬᠤ ᠬᠡᠷᠡᠭᠲᠡᠢ᠃ ︽ᠬᠢᠯᠢ | ᠳᠠᠭᠠᠤ ᠶᠢᠨ ᠭᠤᠣᠯᠳᠠᠯᠭ᠎ᠠ ᠲᠠᠢ ᠭᠠᠵᠠᠷ ᠣᠷᠣᠨ ᠢ ᠨᠡᠬᠡᠭᠡᠨ ᠬᠦᠭᠵᠢᠭᠦᠯᠵᠦ ᠴᠢᠯᠦᠭᠡᠲᠡᠢ ᠪᠠᠶᠢᠯᠭᠠᠬᠤ ᠶᠢ ᠳᠡᠮᠵᠢᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ | ︾ ︵ᠲᠥᠷᠥ ᠲᠠᠷᠬᠠᠭᠠᠭᠰᠠᠨ ﹇2015﹈ 72 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠬᠢᠯᠢ ᠳᠠᠭᠠᠤ ᠶᠢᠨ ᠭᠤᠣᠯᠳᠠᠯᠭ᠎ᠠ ᠲᠠᠢ ᠭᠠᠵᠠᠷ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠦᠷᠨᠢᠭᠦᠯᠬᠦ ᠶᠢ ᠳᠡᠮᠵᠢᠵᠦ᠂ ᠨᠡᠯᠢᠶᠡᠳ ᠳᠠᠪᠠᠭᠤᠯᠢᠭ ᠲᠠᠯ᠎ᠠ ᠲᠠᠢ ᠠᠮᠤ ᠪᠤᠳᠠᠭ᠎ᠠ᠂ ᠨᠣᠣᠰᠤ ᠨᠣᠣᠯᠤᠭᠤᠷ᠂ | ᠵᠢᠮᠢᠰ ᠨᠣᠭᠤᠭ᠎ᠠ᠂ ᠮᠢᠬᠠᠨ ᠤ ᠵᠦᠢᠯ ᠵᠡᠷᠭᠡ ᠲᠠᠸᠠᠷ ᠤᠨ ᠡᠳ᠋ᠰᠢᠭᠦᠯᠬᠦ ᠠᠷᠠᠯᠵᠢᠶ᠎ᠠ ᠶᠢᠨ ᠬᠦᠭᠵᠢᠯᠲᠡ ᠶᠢ ᠬᠠᠤᠯᠢ | ᠶᠣᠰᠤᠭᠠᠷ ᠳᠡᠮᠵᠢᠬᠦ ᠬᠡᠷᠡᠭᠲᠡᠢ᠃ | ᠲᠠᠪᠤ᠂ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ︵ᠠᠷᠪᠠᠨ ᠲᠥᠷᠪᠡ︶ ᠡᠳ᠋ ᠤᠨ ᠵᠠᠰᠠᠭ ᠭᠠᠶᠢᠯᠢ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | 2016 ᠣᠨ ᠠᠴᠠ ᠡᠬᠢᠯᠡᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ | ᠰᠢᠯᠵᠢᠯᠳᠡ ᠶᠢᠨ ᠱᠠᠩᠨᠠᠯ ᠤᠨ ᠪᠡᠯᠡ ᠮᠦᠩᠭᠦ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠵᠤ | ᠠᠬᠤᠢ ᠠᠷᠠᠯᠵᠢᠶ᠎ᠠ ᠶᠢᠨ ᠲᠤᠰᠬᠠᠢ ᠪᠡᠯᠡ ᠮᠦᠩᠭᠦ ᠠᠴᠠ ᠵᠤᠬᠢᠬᠤ ᠪᠡᠯᠡ ᠮᠦᠩᠭᠦ ᠲᠣᠬᠢᠷᠠᠭᠤᠯᠤᠨ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠳᠡᠮᠵᠢᠵᠤ᠂ ᠭᠤᠣᠯᠳᠠᠭᠤ | ᠨᠦᠬᠦᠴᠡᠯ ᠳᠤ ᠵᠣᠬᠢᠴᠠᠭᠰᠠᠨ᠂ ᠬᠦᠭᠵᠢᠭᠰᠡᠨ ᠭᠠᠵᠠᠷ ᠣᠷᠣᠨ ᠠᠴᠠ ᠥᠪᠡᠷᠲᠡᠭᠡᠨ ᠵᠠᠰᠠᠬᠤ ᠣᠷᠣᠨ ᠳᠤ | ᠰᠢᠯᠵᠢᠭᠦᠯᠦᠨ ᠣᠷᠤᠭᠤᠯᠤᠭᠰᠠᠨ ᠪᠦᠭᠡᠳ ᠨᠤᠳᠤᠭᠯᠠᠨ ᠰᠠᠭᠤᠭᠰᠠᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ | ᠲᠥᠷᠥᠯ ᠵᠦᠢᠯ ᠢ ᠳᠡᠳᠭᠦᠬᠦ᠂ ᠵᠢᠴᠢ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠳ | ᠰᠣᠳᠤᠯᠤᠨ ᠨᠡᠭᠡᠭᠡᠬᠦ ᠲᠥᠪ ᠪᠠᠶᠢᠭᠤᠯᠬᠤ᠂ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠵᠤ | ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠠᠵᠢᠯᠯᠠᠭ᠎ᠠ ᠦᠷᠨᠢᠭᠦᠯᠬᠦ ᠵᠡᠷᠭᠡ ᠶᠢ ᠳᠡᠮᠵᠢᠬᠦ ᠳᠤ ᠬᠡᠷᠡᠭᠯᠡᠨ᠎ᠡ᠃ | ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠯᠲᠡ | ᠬᠢᠬᠦ ᠲᠥᠷᠥᠯ ᠵᠦᠢᠯ ᠳᠤ ᠭᠠᠳᠠᠭᠠᠳᠤ ᠠᠴᠠ ᠤᠷᠤᠭᠤᠯᠤᠬᠰᠠᠨ ᠲᠥᠬᠦᠭᠡᠷᠦᠮᠵᠢ ᠬᠤᠳᠠᠯᠳᠤᠨ ᠠᠪᠬᠤ ᠭᠠᠶᠢᠯᠢ | ᠲᠠᠲᠠᠪᠤᠷᠢ ᠶᠢᠨ ᠲᠤᠬᠠᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠳ᠋ᠰᠢᠭᠦᠯᠵᠦ | ᠪᠣᠯᠪᠠᠰᠤᠷᠠᠭᠤᠯᠬᠤ ᠠᠵᠤ ᠠᠬᠤᠶᠢᠯᠠᠯ ᠤᠳ ᠮᠡᠷᠭᠡᠵᠢᠯ ᠤᠨ ᠦᠭᠡᠷᠡᠴᠢᠯᠡᠯᠲᠡ ᠬᠢᠬᠦ ᠪᠠᠷ ᠳᠠᠮᠵᠢᠭᠤᠯᠵᠤ ᠬᠡᠪᠴᠢᠶ᠎ᠡ ᠪᠠᠨ | ᠳᠡᠭᠡᠭᠰᠢᠯᠡᠭᠦᠯᠬᠦ᠂ ᠳᠡᠰ ᠳᠡᠪᠰᠢᠭᠦᠯᠬᠦ ᠪᠠ ᠦᠢᠯᠡᠳᠬᠦᠨ ᠤ ᠨᠡᠮᠡᠯᠲᠡ ᠦᠷᠲᠡᠭ ᠢᠶᠠᠨ ᠳᠡᠭᠡᠭᠰᠢᠯᠡᠭᠦᠯᠬᠦ ᠶᠢ | ᠵᠣᠷᠢᠬᠵᠢᠭᠤᠯᠬᠤ ᠬᠡᠷᠡᠭᠲᠡᠢ᠃ | ︵ᠠᠷᠪᠠᠨ ᠲᠠᠪᠤ︶ ᠮᠦᠩᠭᠦᠨ ᠭᠦᠢᠯᠭᠡᠭᠡᠨ ᠢᠶᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ᠪᠠᠩᠬᠢ ᠶᠢᠨ ᠦᠢᠯᠡᠰ ᠮᠦᠩᠭᠦᠨ ᠭᠥᠢᠯᠭᠡᠭᠡᠨ ᠤ ᠪᠠᠶᠢᠭᠤᠯᠤᠮᠵᠢ ᠨᠤᠭᠤᠳ ᠠᠵᠤ ᠦᠢᠯᠡᠰ ᠤᠨ ᠰᠢᠯᠵᠢᠯᠲᠡ ᠶᠢ ᠵᠠᠯᠭᠠᠨ | ᠵᠣᠯᠭᠠᠭᠤᠯᠵᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠬᠦᠭᠵᠢᠭᠦᠯᠬᠦ ᠳᠤ ᠢᠲᠡᠭᠡᠮᠵᠢᠲᠦ ᠵᠢᠭᠡᠯᠡᠯᠭᠡ ᠶᠢᠨ ︽ | ᠰᠠᠭᠠᠳ ᠦᠭᠡᠢ ᠨᠡᠪᠲᠡᠷᠡᠬᠦ ᠵᠠᠮ︾ ᠨᠡᠬᠡᠬᠡᠬᠦ ᠶᠢ ᠵᠣᠷᠢᠬᠵᠢᠭᠤᠯᠵᠤ᠂ ᠤᠯᠤᠰ ᠤᠨ ᠠᠵᠤ ᠦᠢᠯᠡᠰ ᠤᠨ ᠲᠥᠷᠥ ᠶᠢᠨ | ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠶᠢᠨ ᠨᠦᠬᠦᠴᠡᠯ ᠳᠤ ᠵᠣᠬᠢᠴᠠᠭᠰᠠᠨ ᠰᠢᠯᠵᠢᠭᠦᠯᠬᠦ ᠠᠵᠤ ᠠᠬᠤᠶᠢᠯᠠᠯ ᠳᠤ | ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠵᠢᠭᠡᠯᠡᠯᠭᠡ ᠶᠢᠨ | ᠪᠠᠷᠢᠴᠠᠭᠠᠵᠤ ᠳᠠᠭᠠᠭᠠᠯᠲᠠ ᠬᠢᠬᠦ ᠨᠦᠬᠦᠴᠡᠯ ᠢᠶᠠᠨ ᠠᠭᠤᠵᠢᠭᠤ ᠲᠠᠯᠪᠢᠬᠤ ᠬᠡᠷᠡᠭᠲᠡᠢ︔ ᠵᠠᠬ᠎ᠠ ᠳᠡᠯᠭᠡᠭᠦᠷ ᠲᠠᠢ᠂ ᠦᠷ᠎ᠡ | ᠠᠰᠢᠭ ᠲᠠᠢ᠂ ᠢᠲᠡᠭᠡᠮᠵᠢ ᠲᠠᠢ ᠰᠢᠯᠵᠢᠭᠦᠯᠬᠦ ᠠᠵᠤ ᠠᠬᠤᠶᠢᠯᠠᠯ ᠳᠤ ᠬᠥᠦ ᠶᠢᠨ ᠨᠣᠷᠮ᠎ᠠ ᠶᠢᠨ ᠲᠠᠯ᠎ᠠ ᠪᠠᠷ ᠵᠣᠬᠢᠬᠤ | ᠬᠡᠮᠵᠢᠶ᠎ᠡ ᠪᠠᠷ ᠬᠠᠷᠠᠭᠠᠯᠵᠠᠯ ᠦᠵᠡᠭᠦᠯᠬᠦ ᠬᠡᠷᠡᠭᠲᠡᠢ᠃ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ | ᠳᠡᠮᠵᠢᠯᠭᠡ ᠪᠠᠨ ᠴᠢᠩᠭᠠᠳᠬᠠᠵᠤ᠂ ᠮᠠᠨ ᠤ ᠣᠷᠣᠨ ᠳᠤ ᠨᠤᠲᠤᠭᠰᠢᠨ ᠰᠠᠭᠤᠭᠰᠠᠨ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠠᠵᠤ ᠠᠬᠤᠶᠢᠯᠠᠯ ᠤᠳ ᠢ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠳᠠᠬᠢ ᠵᠠᠰᠠᠭ ᠤᠨ | ᠣᠷᠳᠣᠨ ᠤ ᠳᠠᠭᠠᠳᠬᠠᠯ ᠤᠨ ᠬᠠᠮᠤᠷᠠᠨ ᠳᠡᠮᠵᠢᠬᠦ ᠬᠦᠷᠢᠶ᠎ᠡ ᠬᠡᠪᠴᠢᠶᠡᠨ ᠳᠤ ᠣᠷᠤᠭᠤᠯᠬᠤ ᠬᠡᠷᠡᠭᠲᠡᠢ︔ ᠲᠦᠯᠦᠵᠦ | ᠰᠢᠢᠳᠪᠦᠷᠢᠯᠡᠬᠦ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ ᠲᠦᠷᠭᠡᠨ ᠢᠶᠠᠷ ᠲᠦᠯᠦᠵᠦ ᠰᠢᠢᠳᠪᠦᠷᠢᠯᠡᠬᠦ ᠶᠢ | ᠬᠡᠷᠡᠭᠵᠢᠭᠦᠯᠬᠦ ᠬᠡᠷᠡᠭᠲᠡᠢ︔ ᠳᠤᠮᠳᠠ ᠵᠢᠵᠢᠭ ᠲᠦᠬᠦᠷ ᠠᠵᠤ ᠠᠬᠤᠶᠢᠯᠠᠯ ᠤᠳ ᠤᠨ ᠡᠷᠴᠢᠮᠵᠢᠭᠦᠯᠦᠨ | ᠳᠠᠭᠠᠳᠬᠠᠭᠤᠯᠬᠤ ᠶᠢ ᠳᠡᠮᠵᠢᠵᠦ᠂ ᠬᠠᠮᠢᠶ᠎ᠠ ᠪᠦᠬᠦᠢ ᠲᠣᠭᠲᠠᠭᠠᠯ ᠤᠳ ᠢ ᠦᠨᠳᠦᠰᠦᠯᠡᠨ ᠳᠠᠭᠠᠳᠬᠠᠯ ᠤᠨ ᠵᠠᠷᠤᠳᠠᠯ ᠳᠤ | ᠵᠣᠬᠢᠬᠤ ᠬᠡᠮᠵᠢᠶᠡᠨ ᠤ ᠬᠠᠷᠠᠭᠠᠯᠵᠠᠯ ᠦᠵᠡᠭᠦᠯᠬᠦ ᠬᠡᠷᠡᠭᠲᠡᠢ︔ ᠭᠠᠳᠠᠭᠠᠳᠤ ᠳᠤ ᠭᠠᠷᠭᠠᠬᠤ ᠢᠲᠡᠭᠡᠮᠵᠢ ᠶᠢᠨ | ᠳᠠᠭᠠᠳᠬᠠᠯ ᠤᠨ ᠠᠵᠤ ᠠᠬᠤᠢ ᠶᠢᠨ ᠨᠦᠬᠦᠵᠦ ᠲᠦᠯᠦᠬᠦ᠂ ᠵᠠᠬ᠎ᠠ ᠳᠡᠯᠭᠡᠭᠦᠷ ᠢ ᠨᠡᠬᠡᠬᠡᠨ ᠦᠷᠭᠡᠳᠭᠡᠬᠦ᠂ | ᠲᠦᠭᠰᠢᠭᠦᠷᠢ ᠶᠢᠨ ᠬᠠᠮᠢᠶᠠᠷᠤᠯᠲᠠ᠂ ᠳᠦᠭᠦᠮ ᠠᠪᠰᠠᠷᠬᠠᠨ ᠪᠡᠯᠡ ᠲᠣᠬᠢᠷᠠᠭᠤᠯᠭ᠎ᠠ ᠵᠡᠷᠭᠡ ᠴᠢᠳᠠᠮᠵᠢ ᠶᠢ ᠭᠦᠢᠴᠡᠳ | ᠪᠠᠳᠠᠷᠠᠭᠤᠯᠬᠤ ᠬᠡᠷᠡᠭᠲᠡᠢ᠃ ᠦᠨᠡᠨ ᠪᠣᠳᠠᠲᠠᠢ ᠠᠷᠠᠯᠵᠢᠶ᠎ᠠ ᠶᠢᠨ ᠠᠬᠤᠢ ᠪᠠᠶᠢᠳᠠᠯ ᠲᠠᠢ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠠᠵᠤ ᠠᠬᠤᠶᠢᠯᠠᠯ ᠤᠨ ᠭᠤᠪᠢᠭᠤᠯᠭ᠎ᠠ ᠬᠡᠷᠡᠭᠯᠡᠬᠦ ᠬᠡᠷᠡᠭᠴᠡᠭᠡ ᠶᠢ ᠭᠦᠢᠴᠡᠳ ᠬᠠᠩᠭᠠᠵᠤ᠂ | ᠭᠤᠪᠢᠭᠤᠯᠭ᠎ᠠ ᠶᠢ ᠲᠠᠰᠤᠯᠤᠨ ᠪᠣᠳᠣᠵᠤ ᠬᠤᠳᠠᠯᠳᠤᠬᠤ ᠶᠢ ᠭᠦᠢᠴᠡᠳᠭᠡᠬᠦ ᠶᠠᠪᠤᠴᠠ ᠪᠠᠨ ᠰᠢᠯᠢᠳᠡᠭᠵᠢᠭᠦᠯᠦᠨ᠂ ᠪᠡᠯᠡ | ᠮᠦᠩᠭᠦ ᠶᠢᠨ ᠬᠡᠷᠡᠭᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ | ︵ᠠᠷᠪᠠᠨ ᠵᠢᠷᠭᠤᠭ᠎ᠠ︶ ᠴᠢᠳᠠᠪᠤᠷᠢᠲᠡᠨ ᠤ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃ | ᠮᠡᠷᠭᠡᠵᠢᠯ ᠤᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠨᠡᠬᠡᠬᠡᠯᠲᠡ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ | ᠮᠡᠳᠡᠭᠡ ᠵᠠᠩᠭᠢ ᠶᠢᠨ ᠯᠠᠪᠯᠠᠯᠭ᠎ᠠ ᠪᠠ ᠠᠵᠢᠯᠲᠠᠨ ᠤ ᠪᠣᠯᠪᠠᠰᠤᠷᠠᠭᠤᠯᠤᠯ ᠵᠡᠷᠭᠡ ᠲᠠᠯ᠎ᠠ ᠪᠠᠷ ᠳᠡᠳᠭᠦᠬᠦ ᠡᠷᠴᠢᠮ ᠢᠶᠠᠨ | ᠴᠢᠩᠭᠠᠷᠠᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠡᠩᠨᠡᠭᠡ ᠪᠠᠨ | ᠪᠣᠵᠠᠭᠠᠶᠢᠷᠠᠭᠤᠯᠬᠤ ᠬᠡᠷᠡᠭᠲᠡᠢ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠳ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠬᠦᠳᠦᠯᠳᠡ ᠶᠢᠨ ᠲᠠᠪᠴᠠᠩ ᠢᠳᠡᠪᠬᠢᠲᠡᠢ ᠪᠠᠶᠢᠭᠤᠯᠬᠤ ᠶᠢ ᠳᠡᠮᠵᠢᠵᠦ᠂ | ᠳᠡᠭᠡᠲᠦ ᠳᠡᠰ ᠳᠠᠪᠬᠤᠷᠭ᠎ᠠ ᠶᠢᠨ ᠴᠢᠳᠠᠪᠤᠷᠢᠲᠠᠨ ᠬᠦᠮᠦᠵᠢᠭᠦᠯᠬᠦ ᠲᠠᠪᠴᠠᠩ ᠪᠠ ᠨᠡᠪᠴᠢᠭᠦᠯᠬᠦ ᠰᠠᠭᠤᠷᠢᠨ ᠭᠠᠵᠠᠷ | ᠪᠠᠶᠢᠭᠤᠯᠬᠤ ᠬᠡᠷᠡᠭᠲᠡᠢ︔ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢᠨ ᠰᠠᠭᠤᠷᠢ ᠮᠦᠩᠭᠦ ᠪᠠ | ᠲᠦᠭᠰᠢᠭᠦᠷᠢ ᠶᠢᠨ ᠪᠡᠯᠡ ᠣᠷᠤᠭᠤᠯᠤᠯᠲᠠ ᠶᠢᠨ ᠰᠠᠭᠤᠷᠢ ᠮᠦᠩᠭᠦ ᠶᠢ ᠲᠠᠲᠠᠨ ᠣᠷᠣᠭᠤᠯᠵᠤ᠂ ᠠᠵᠤ ᠠᠬᠤᠶᠢᠯᠠᠯ᠂ | ᠶᠡᠭᠡ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠤᠯ ᠤᠨ ᠪᠠᠶᠢᠭᠤᠯᠤᠮᠵᠢ ᠵᠢᠴᠢ ᠪᠣᠰᠣᠳ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠠ ᠬᠤᠪᠢ ᠬᠦᠮᠦᠰ ᠬᠦᠷᠢᠶᠡᠯᠡᠩ ᠲᠣᠭᠤᠷᠢᠭ ᠲᠤ ᠠᠳᠠᠯ ᠦᠢᠯᠡᠰ ᠴᠤᠴᠠᠯᠠᠬᠤ | ᠦᠢᠯᠡᠴᠢᠯᠡᠭᠡᠨ ᠤ ᠲᠥᠪ ᠵᠢᠴᠢ ᠪᠣᠰᠣᠳ ᠬᠡᠯᠪᠡᠷᠢ ᠶᠢᠨ ᠶᠡᠷᠦᠩᠬᠡᠶᠢᠯᠡᠭᠰᠡᠨ ᠨᠡᠪᠴᠢᠭᠦᠯᠦᠭᠦᠷ ᠪᠣᠶᠤ ᠡᠯ᠎ᠡ ᠲᠥᠷᠥᠯ ᠤᠨ | ᠲᠤᠰᠬᠠᠢ ᠮᠡᠷᠭᠡᠵᠢᠯ ᠤᠨ ᠨᠡᠪᠴᠢᠭᠦᠯᠦᠭᠦᠷ ᠡᠷᠬᠢᠯᠡᠨ ᠬᠢᠬᠦ ᠶᠢ ᠠᠬᠢᠭᠤᠯᠵᠤ᠂ ᠳᠡᠭᠡᠲᠦ ᠰᠢᠨ᠎ᠡ ᠮᠡᠷᠭᠡᠵᠢᠯ ᠤᠨ | ᠰᠣᠳᠤᠯᠤᠯ᠂ ᠨᠡᠬᠡᠬᠡᠨ ᠬᠦᠭᠵᠢᠭᠦᠯᠬᠦ ᠪᠠ ᠠᠵᠤ ᠦᠢᠯᠡᠰᠵᠢᠭᠦᠯᠬᠦ ᠶᠢ ᠠᠬᠢᠭᠤᠯᠬᠤ ᠬᠡᠷᠡᠭᠲᠡᠢ᠃ ᠠᠵᠢᠯ | ᠣᠯᠭᠤᠯᠲᠠ ᠶᠢᠨ ᠪᠣᠯᠪᠠᠰᠤᠷᠠᠭᠤᠯᠤᠯ ᠤᠨ ᠪᠡᠯᠡ ᠮᠦᠩᠭᠦ ᠶᠢᠨ ᠣᠷᠤᠭᠤᠯᠤᠯᠲᠠ ᠪᠠᠨ ᠴᠢᠩᠭᠠᠷᠠᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠠᠮᠠᠭᠠᠯᠠᠯᠲᠠ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠲᠤᠰᠬᠠᠢ ᠵᠦᠢᠯ ᠤᠨ ᠰᠠᠭᠤᠷᠢ ᠮᠦᠩᠭᠦ ᠪᠠᠶᠢᠭᠤᠯᠵᠤ᠂ | ᠰᠤᠷᠭᠠᠭᠤᠯᠢ ᠪᠠ ᠠᠵᠤ ᠠᠬᠤᠶᠢᠯᠠᠯ ᠤᠨ ᠬᠤᠷᠰᠢᠯᠴᠠᠬᠤ ᠶᠢ ᠵᠣᠷᠢᠬᠵᠢᠭᠤᠯᠤᠨ᠂ ᠵᠢᠷᠤᠭ ᠲᠥᠯᠦᠪᠯᠡᠭᠡ᠂ ᠪᠦᠲᠦᠭᠡᠯᠴᠢ | ᠲᠦᠰᠦᠪᠯᠡᠯ᠂ ᠮᠦᠩᠭᠦᠨ ᠭᠥᠢᠯᠭᠡᠭᠡ᠂ ᠪᠠᠷᠠᠭᠠᠨ ᠤ ᠭᠥᠢᠯᠭᠡᠭᠡ ᠵᠡᠷᠭᠡ ᠲᠠᠯ᠎ᠠ ᠪᠠᠷ ᠳᠤᠲᠠᠭᠳᠠᠵᠤ ᠪᠠᠶᠢᠭ᠎ᠠ | ᠴᠢᠳᠠᠪᠤᠷᠢᠲᠠᠨ ᠢ ᠶᠡᠬᠡᠪᠡᠷ ᠬᠦᠮᠦᠵᠢᠭᠦᠯᠬᠦ ᠪᠠ ᠲᠠᠲᠠᠨ ᠣᠷᠤᠭᠤᠯᠵᠤ᠂ ᠥᠪᠡᠷᠲᠡᠭᠡᠨ ᠵᠠᠰᠠᠬᠤ ᠣᠷᠣᠨ ᠤ | ᠴᠢᠳᠠᠪᠤᠷᠢᠲᠠᠨ ᠢ ᠣᠷᠤᠭᠤᠯᠬᠤ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ︔ ᠵᠠᠬᠢᠶᠠᠯᠠᠯᠭ᠎ᠠ ᠲᠠᠢ᠂ | ᠬᠠᠨᠳᠤᠯᠭ᠎ᠠ ᠲᠠᠢ᠂ ᠠᠵᠢᠯ ᠤᠨ ᠪᠠᠶᠢᠷᠢ ᠲᠠᠢ ᠪᠠ ︽ᠠᠵᠢᠯᠲᠠᠨ ᠡᠯᠰᠡᠬᠦ᠂ ᠠᠵᠢᠯ ᠣᠯᠭᠤᠬᠤ᠂ ᠪᠣᠯᠪᠠᠰᠤᠷᠠᠭᠤᠯᠬᠤ︾ | ᠭᠤᠷᠮᠣᠰᠤᠨ ᠴᠣᠭᠴᠠᠵᠢᠭᠤᠯᠤᠭᠰᠠᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠦᠷᠨᠢᠭᠦᠯᠵᠦ᠂ | ᠪᠣᠯᠪᠠᠰᠤᠷᠠᠭᠤᠯᠤᠯ ᠤᠨ ᠨᠦᠬᠦᠪᠦᠷᠢ᠂ ᠨᠡᠶᠢᠭᠡᠮ ᠤᠨ ᠳᠠᠭᠠᠳᠬᠠᠯ ᠤᠨ ᠨᠦᠬᠦᠪᠦᠷᠢ ᠪᠠ ᠠᠵᠢᠯ ᠤᠨ ᠪᠠᠶᠢᠷᠢ ᠶᠢᠨ | ᠨᠦᠬᠦᠪᠦᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠵᠤ | ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠬᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ | ᠬᠦᠭᠵᠢᠭᠦᠯᠬᠦ ᠳᠤ ᠬᠦᠳᠡᠯᠮᠦᠷᠢ ᠶᠢᠨ ᠬᠦᠴᠦᠨ ᠤ ᠡᠬᠢ ᠪᠠᠶᠠᠯᠢᠭ ᠪᠠ ᠳᠡᠭᠡᠲᠦ ᠤᠷ᠎ᠠ ᠴᠢᠳᠠᠪᠤᠷᠢ ᠶᠢᠨ | ᠴᠢᠳᠠᠪᠤᠷᠢᠲᠠᠨ ᠤ ᠪᠠᠳᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ︵ᠠᠷᠪᠠᠨ ᠲᠣᠯᠤᠭ᠎ᠠ︶ ᠤᠳᠤᠷᠢᠳᠤᠯᠭ᠎ᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ | ᠬᠡᠷᠡᠭᠲᠡᠢ᠃ ᠬᠤᠳᠠᠯᠳᠤᠭᠠᠨ ᠤ ᠶᠠᠪᠤᠳᠠᠯ᠂ ᠬᠦᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠭᠠᠶᠢᠯᠢ ᠶᠢᠨ | ᠶᠠᠪᠤᠳᠠᠯ᠂ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠠᠷᠠᠳ ᠤᠨ ᠪᠠᠩᠬᠢ᠂ ᠭᠠᠳᠠᠭᠠᠳᠤ | ᠭᠤᠪᠢᠭᠤᠯᠭ᠎ᠠ᠂ ᠬᠢᠯᠢ ᠶᠢᠨ ᠪᠣᠭᠤᠮᠲᠠ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠰᠠᠯᠠᠭ᠎ᠠ ᠮᠦᠴᠢᠷ ᠪᠠ | ᠨᠢᠭᠡᠴᠡ ᠶᠢᠨ ᠣᠷᠣᠯᠴᠠᠭᠰᠠᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠳᠤᠷᠠᠭᠰᠠᠨ ᠬᠤᠷᠠᠯᠳᠤᠭᠠᠨ ᠤ | ᠳᠦᠷᠢᠮ ᠢ ᠪᠠᠶᠢᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠰᠠᠯᠠᠭ᠎ᠠ ᠮᠦᠴᠢᠷ ᠤᠨ ᠬᠠᠮᠲᠤᠷᠠᠭᠰᠠᠨ | ᠬᠤᠷᠠᠯᠳᠤᠭᠠᠨ ᠢ ᠲᠣᠭᠲᠠᠭᠰᠠᠨ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠪᠠᠶᠢᠳᠠᠯ ᠢᠶᠠᠨ ᠮᠡᠳᠡᠭᠡᠯᠡᠨ᠂ ᠲᠥᠷᠥ ᠶᠢᠨ | ᠪᠣᠳᠣᠯᠭ᠎ᠠ ᠶᠢ ᠶᠠᠷᠢᠯᠴᠠᠨ ᠰᠣᠳᠤᠯᠬᠤ ᠬᠡᠷᠡᠭᠲᠡᠢ᠃ ᠶᠡᠷᠦᠩᠬᠡᠶᠢᠯᠡᠨ ᠵᠣᠬᠢᠴᠠᠭᠤᠯᠬᠤ ᠳᠥᠷᠢᠮ ᠢᠶᠠᠨ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠬᠦᠭᠵᠢᠭᠦᠯᠬᠦ | ᠳᠤᠮᠳᠠ ᠲᠤᠯᠭᠠᠷᠠᠭᠰᠠᠨ ᠡᠯ᠎ᠡ ᠵᠦᠢᠯ ᠤᠨ ᠬᠦᠴᠢᠷᠳᠡᠯ ᠪᠠ ᠠᠰᠠᠭᠤᠳᠠᠯ ᠤᠳ ᠢ ᠴᠠᠭ ᠲᠤᠬᠠᠢ ᠳᠤᠨᠢ | ᠪᠦᠲᠦᠮᠵᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠦᠢᠯᠡᠴᠢᠯᠡᠭᠡᠨ ᠤ ᠶᠠᠰᠦ ᠴᠢᠨᠠᠷ ᠪᠠ ᠠᠵᠢᠯ ᠬᠦᠢᠴᠡᠳᠬᠡᠬᠦ | ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ | ︵ᠠᠷᠪᠠᠨ ᠨᠠᠢᠮᠠ︶ ᠠᠵᠤ ᠦᠢᠯᠡᠰ ᠤᠨ ᠰᠢᠯᠵᠢᠯᠲᠡ ᠬᠢᠭᠡᠳ ᠵᠠᠯᠭᠠᠨ ᠵᠣᠯᠭᠠᠭᠤᠯᠵᠤ ᠬᠠᠮᠲᠤᠷᠠᠯᠴᠠᠨ | ᠰᠣᠯᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠠᠨᠳᠤᠯᠭᠠᠲᠤ ᠴᠢᠨᠠᠷ ᠢᠶᠠᠷ ᠴᠢᠩᠭ᠎ᠠ᠂ ᠠᠵᠢᠯᠯᠠᠬᠤ ᠳᠤ | ᠳᠦᠭᠦᠮ ᠪᠠᠶᠢᠬᠤ ᠵᠠᠷᠴᠢᠮ ᠤᠨ ᠶᠣᠰᠤᠭᠠᠷ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠰᠢᠯᠵᠢᠭᠦᠯᠦᠨ | ᠭᠠᠷᠭᠠᠬᠤ ᠭᠠᠵᠠᠷ ᠤᠨ ᠮᠤᠵᠢ ᠶᠢᠨ ᠬᠤᠭᠤᠷᠣᠨᠳᠤ ᠪᠠ ᠡᠯ᠎ᠡ ᠬᠤᠲᠠ ᠶᠢᠨ ᠬᠤᠭᠤᠷᠣᠨᠳᠤ ᠯᠤᠭ᠎ᠠ ᠶᠢᠨ ᠲᠣᠭᠲᠠᠭᠰᠠᠨ | ᠬᠤᠭᠤᠴᠠᠭᠠᠨ ᠤ ᠬᠠᠷᠢᠯᠴᠠᠬᠤ ᠳᠥᠷᠢᠮ ᠢ ᠪᠠᠶᠢᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ | ᠰᠢᠯᠵᠢᠭᠦᠯᠦᠨ ᠭᠠᠷᠭᠠᠬᠤ ᠭᠠᠵᠠᠷ ᠤᠨ ᠬᠤᠭᠤᠷᠣᠨᠳᠤ ᠶᠢᠨ ᠠᠵᠤ ᠦᠢᠯᠡᠰ ᠤᠨ ᠬᠠᠮᠳᠤᠷᠠᠯᠴᠠᠭ᠎ᠠ᠂ ᠠᠵᠤ ᠦᠢᠯᠡᠰ ᠤᠨ | ᠬᠠᠷᠢᠯᠴᠠᠨ ᠨᠥᠬᠦᠪᠦᠷᠢᠯᠡᠬᠦ ᠲᠥᠷᠥᠯ ᠵᠦᠢᠯ ᠤᠨ ᠡᠬᠢ ᠪᠠᠶᠠᠯᠢᠭ ᠤᠨ ᠬᠦᠮᠦᠷᠭᠡ ᠪᠠᠶᠢᠭᠤᠯᠵᠤ᠂ ᠳᠠᠪᠠᠭᠤᠯᠢᠭ ᠢᠶᠠᠨ | ᠬᠠᠷᠢᠯᠴᠠᠨ ᠨᠥᠬᠦᠪᠦᠷᠢᠯᠡᠬᠦ᠂ ᠠᠰᠢᠭ ᠲᠤᠰᠠ ᠪᠠᠨ ᠬᠠᠮᠳᠤ ᠪᠠᠷ ᠬᠦᠷᠲᠡᠬᠦ ᠶᠢ ᠪᠡᠶᠡᠯᠡᠭᠦᠯᠵᠦ᠂ ᠲᠥᠷᠥᠯ ᠵᠦᠢᠯ ᠤᠨ | ᠪᠣᠳᠠᠲᠠᠶᠢᠵᠢᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ᠃ | ︵ᠠᠷᠪᠠ ᠶᠢᠰᠦ︶ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠬᠤ | ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠵᠢᠯ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ | ᠭᠠᠷᠭᠠᠯᠭ᠎ᠠ ᠶᠢᠨ ᠲᠤᠭ᠎ᠠ ᠨᠢ ᠵᠣᠬᠢᠬᠤ ᠬᠡᠪᠴᠢᠶᠡᠵᠢᠯ ᠳᠤ ᠬᠦᠷᠦᠭᠰᠡᠨ ᠠᠵᠤ ᠠᠬᠤᠶᠢᠯᠠᠯ ᠢ ᠭᠤᠣᠯᠳᠠᠯᠭ᠎ᠠ ᠲᠠᠢ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠪᠣᠯᠭᠠᠨ ᠵᠢᠭᠰᠠᠭᠠᠵᠤ᠂ ᠵᠠᠰᠠᠭ ᠤᠨ ᠣᠷᠳᠣᠨ ᠤ | ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠢ ᠵᠢᠭᠠᠨ ᠲᠣᠭᠲᠠᠭᠠᠵᠤ ᠪᠠᠶᠢᠭᠠᠳ ᠰᠢᠰᠲ᠋ᠧᠮ ᠢᠶᠠᠷ | ᠬᠠᠷᠢᠯᠴᠠᠬᠤ ᠶᠢ ᠪᠡᠶᠡᠯᠡᠭᠦᠯᠦᠨ᠂ ᠲᠤᠰᠬᠠᠢ ᠬᠦᠮᠦᠨ ᠲᠣᠭᠲᠠᠭᠠᠨ ᠬᠠᠷᠢᠭᠤᠴᠠᠭᠤᠯᠵᠦ᠂ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢ ᠬᠦᠭᠵᠢᠭᠦᠯᠬᠦ ᠳᠤ ᠲᠤᠯᠭᠠᠷᠠᠭᠰᠠᠨ ᠠᠵᠤ ᠠᠬᠤᠶᠢᠯᠠᠯ ᠤᠨ ᠬᠦᠴᠢᠷᠳᠡᠯ ᠪᠠ | ᠠᠰᠠᠭᠤᠳᠠᠯ ᠤᠳ ᠢ ᠨᠢ ᠳᠠᠷᠦ᠋ᠢᠬᠠᠨ ᠣᠶᠢᠯᠠᠭᠠᠵᠤ ᠪᠠ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠡᠯ᠎ᠡ | ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠦᠵᠡᠯ ᠰᠠᠨᠠᠭ᠎ᠠ ᠪᠠᠨ ᠨᠢᠭᠡᠳᠭᠡᠨ᠂ ᠲᠠᠨᠢᠯᠲᠠ ᠪᠠᠨ | ᠳᠡᠭᠡᠭᠰᠢᠯᠡᠭᠦᠯᠵᠦ᠂ ᠪᠣᠳᠠᠲᠠᠢ ᠲᠠᠢ ᠪᠠᠨ ᠤᠶᠠᠯᠳᠤᠭᠤᠯᠤᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ | ᠰᠢᠨ᠎ᠡ ᠶᠢ ᠡᠬᠦᠳᠬᠦ ᠬᠦᠭᠵᠢᠯᠳᠡ ᠶᠢ ᠠᠬᠢᠭᠤᠯᠬᠤ ᠪᠣᠳᠠᠲᠠᠢ ᠠᠵᠢᠯ ᠤᠨ ᠲᠦᠰᠦᠯ ᠢᠶᠠᠨ ᠬᠢᠨᠠᠮᠠᠭᠠᠢ ᠲᠣᠭᠲᠠᠭᠠᠵᠤ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ᠂ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠦᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ | ᠠᠰᠠᠭᠤᠳᠠᠯ ᠢ ᠳᠠᠷᠦ᠋ᠢᠬᠠᠨ ᠰᠣᠳᠣᠯᠣᠨ ᠰᠢᠢᠳᠪᠦᠷᠢᠯᠡᠵᠦ᠂ ᠮᠠᠨ ᠤ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠦᠷᠭᠦᠯᠵᠢᠯᠡᠨ ᠡᠷᠡᠭᠦᠯ ᠢᠶᠠᠷ ᠲᠦᠷᠭᠡᠨ ᠬᠦᠭᠵᠢᠬᠦ ᠶᠢ ᠠᠬᠢᠭᠤᠯᠬᠤ ᠬᠡᠷᠡᠭᠲᠡᠢ᠃ | ᠳᠠᠭᠠᠯᠳᠤᠭᠤᠯᠤᠯ᠄ ᠡᠭᠦᠷᠭᠡ ᠠᠵᠢᠯ ᠤᠨ ᠬᠤᠪᠢᠶᠠᠷᠢᠯᠠᠯ ᠵᠢᠴᠢ ᠠᠵᠢᠯ ᠤᠨ ᠠᠬᠢᠴᠠ ᠶᠢᠨ ᠬᠦᠰᠦᠨᠦᠭᠲᠦ | ᠬᠦᠰᠦᠨᠦᠭᠲᠦ 1 | ᠬᠦᠰᠦᠨᠦᠭᠲᠦ 2 |