| | | 1 ᠳ᠋ᠦ᠋ᠭᠡᠷ ᠰᠠᠷ᠎ᠠ ᠶᠢᠨ 18 ᠤ ᠦᠳᠡ ᠶᠢᠨ ᠬᠤᠶᠢᠨ᠎ᠠ᠂ ᠰᠢᠨ᠎ᠠ ᠰᠤᠩᠭᠤᠬᠳᠠᠬᠰᠠᠨ ᠦᠪᠡᠷᠳᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ | ᠾᠸᠡᠭ ᠨᠠᠷ᠂ ᠦᠪᠤᠷ ᠮᠤᠩᠭᠤᠯ ᠤᠨ ᠠᠷᠠᠳ ᠤᠨ ᠬᠤᠷᠠᠯ ᠤᠨ ᠲᠠᠩᠭᠢᠮ ᠳᠤ ᠬᠠᠤᠯᠢ ᠶᠤᠰᠤᠭᠠᠷ ᠦᠨᠳᠦᠰᠦᠨ | ᠬᠠᠤᠯᠢ ᠳᠤ ᠲᠠᠩᠭᠠᠷᠢᠬᠯᠠᠪᠠ᠃ | ︽ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠦᠨᠳᠤᠰᠤᠨ ᠬᠠᠤᠯᠢ ᠳᠤ ᠲᠠᠩᠭᠠᠷᠢᠬᠯᠠᠬᠤ ᠲᠦᠷᠢᠮ ᠢ ᠬᠡᠷᠡᠭᠵᠢᠭᠦᠯᠭᠦ ᠲᠤᠬᠠᠢ ᠲᠤᠬᠳᠠᠭᠠᠯ︾ ᠪᠣᠯᠣᠨ ︽ᠦᠪᠤᠷ | ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠦᠨᠳᠦᠰᠤᠨ ᠬᠠᠤᠯᠢ ᠳᠤ ᠲᠠᠩᠭᠠᠷᠢᠬᠯᠠᠬᠤ ᠲᠦᠷᠢᠮ ᠢ ᠵᠤᠬᠢᠶᠠᠨ | ᠪᠠᠶᠢᠭᠤᠯᠣᠨ ᠬᠡᠷᠡᠭᠵᠢᠭᠦᠯᠭᠦ ᠠᠷᠭ᠎ᠠ︾ ᠶᠢᠨ ᠲᠤᠬᠳᠠᠭᠠᠯ ᠢ ᠦᠨᠳᠦᠰᠦᠯᠡᠵᠦ᠂ 1 ᠳ᠋ᠦ᠋ᠭᠡᠷ ᠰᠠᠷ᠎ᠠ ᠶᠢᠨ 18 ᠤ | ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠲᠡᠭᠦᠰᠦᠭᠰᠡᠨ ᠤ ᠲᠠᠷᠠᠭ᠎ᠠ᠂ ᠰᠢᠨ᠎ᠠ | ᠰᠤᠩᠭᠤᠬᠳᠠᠬᠰᠠᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠸᠡᠭ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠭᠢᠯᠡᠭᠴᠢ ᠨᠠᠰᠦᠨᠮᠦ᠋ᠡᠭᠭᠡ᠂ ᠸᠠᠩ | ᠢᠤᠢ ᠮᠢᠩ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠭᠡᠰᠢᠭᠦᠨ ᠢᠤᠢ ᠴᠢᠩ ᠯᠢ᠂ ᠭᠧ ᠹᠸᠡᠭ᠂ ᠪᠠ ᠵᠢᠶᠠᠨ ᠭᠤᠸᠠᠩ᠂ ᠹᠸᠡᠭ ᠵᠢᠶᠠ ᠵᠢᠤᠢ᠂ | ᠬᠢᠨᠭ᠍ᠭᠠᠨ᠂ ᠮᠢᠶᠤᠤ ᠶᠢᠨ ᠵᠦ᠂ ᠬᠦᠴᠦᠨ᠂ ᠱᠢ ᠸᠧᠨ ᠰᠢᠤᠸᠠᠢ᠂ ᠲᠡᠭᠦᠰ᠂ ᠲᠤᠤ ᠵᠢᠶᠠᠨ ᠦᠪᠤᠷ ᠮᠤᠩᠭᠤᠯ ᠤᠨ | ᠠᠷᠠᠳ ᠤᠨ ᠬᠤᠷᠠᠯ ᠤᠨ ᠲᠠᠩᠭᠢᠮ ᠳᠤ ᠬᠠᠤᠯᠢ ᠶᠣᠰᠣᠭᠠᠷ ᠥᠨᠳᠦᠰᠦᠨ ᠬᠠᠤᠯᠢ ᠳᠤ ᠲᠠᠩᠭᠠᠷᠢᠬᠯᠠᠪᠠ᠃ | ᠦᠪᠤᠷ ᠮᠤᠩᠭᠤᠯ ᠤᠨ ᠠᠷᠠᠳ ᠤᠨ ᠬᠤᠷᠠᠯ ᠤᠨ ᠲᠠᠩᠭᠢᠮ ᠳᠤ ᠤᠯᠤᠰ ᠤᠨ ᠰᠦᠯᠳᠠ ᠦᠨᠳᠤᠷ ᠡᠯᠭᠦᠭᠳᠡᠵᠦ᠂ | ᠭᠠᠯ ᠤᠯᠠᠭᠠᠨ ᠲᠠᠪᠤᠨ ᠤᠳᠤᠳᠤ ᠲᠤᠭ ᠬᠠᠷᠠᠴᠠ ᠶᠢ ᠪᠣᠯᠢᠶᠠᠨ᠎ᠠ᠃ ᠲᠠᠩᠭᠠᠷᠢᠬᠯᠠᠬᠤ ᠲᠠᠶᠢᠰᠠᠨ ᠲᠡᠭᠡᠷ᠎ᠠ ︽ᠪᠦᠭᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠨ ᠬᠠᠤᠯᠢ︾ ᠶᠢ ᠲᠠᠯᠪᠢᠵᠠᠢ᠃ ᠦᠨᠳᠦᠰᠤᠨ ᠬᠠᠤᠯᠢ ᠳᠤ | ᠲᠠᠩᠭᠠᠷᠢᠬᠯᠠᠬᠤ ᠠᠬᠤᠢ ᠲᠠᠯᠠᠪᠠᠢ ᠶᠢᠨ ᠠᠭᠤᠷ ᠠᠮᠢᠰᠬᠤᠯ ᠲᠦᠪ ᠶᠡᠭᠡᠮᠰᠦᠭ ᠦᠪᠡᠳᠡᠭᠰᠢ ᠶᠡᠭᠡ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠪᠠᠶᠢᠩᠭᠤ ᠶᠢᠨ ᠲᠡᠳ᠋ ᠡᠷᠬᠢᠯᠡᠭᠴᠢ ᠬᠤᠷᠴᠡ ᠦᠨᠳᠦᠰᠦᠨ ᠬᠠᠤᠯᠢ ᠳᠤ ᠲᠠᠩᠭᠠᠷᠢᠬᠯᠠᠬᠤ ᠶᠤᠰᠤᠯᠠᠯ ᠢ | ᠡᠷᠬᠢᠯᠡᠵᠠᠢ᠃ | ᠲᠠᠩᠭᠠᠷᠢᠬᠯᠠᠬᠤ ᠶᠤᠰᠤᠯᠠᠯ ᠡᠭᠢᠯᠡᠮᠡᠭᠴᠡ ᠪᠦᠭᠦᠳᠡᠭᠡᠷ ᠢᠶᠠᠨ ᠪᠤᠰᠴᠤ ᠵᠤᠬᠰᠤᠨ᠂ ᠬᠠᠮᠳᠤᠪᠠᠷ ᠪᠦᠭᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠰᠦᠯᠳᠠ ᠲᠠᠭᠤᠤ ᠶᠢ ᠲᠠᠭᠤᠯᠠᠪᠠ᠃ | ᠤᠯᠤᠰ ᠤᠨ ᠰᠦᠯᠳᠠ ᠲᠠᠭᠤᠤ ᠶᠢ ᠲᠠᠭᠤᠯᠠᠵᠦ ᠪᠠᠷᠠᠮᠠᠬᠴᠠ᠂ ᠲᠠᠭᠠᠭᠤᠯᠤᠨ ᠲᠠᠩᠭᠠᠷᠢᠬᠯᠠᠬᠴᠢ ᠯᠢ ᠵᠢᠢ | ᠾᠸᠡᠭ ᠲᠠᠩᠭᠠᠷᠢᠬᠯᠠᠬᠤ ᠲᠠᠶᠢᠰᠠᠨ ᠤ ᠡᠮᠦᠨ᠎ᠠ ᠬᠦᠷᠴᠤ᠂ ᠵᠡᠭᠦᠨ ᠭᠠᠷ ᠢᠶᠠᠨ ︽ᠦᠨᠳᠤᠰᠤᠨ ᠬᠠᠤᠯᠢ︾ ᠶᠢᠨ | ᠲᠡᠭᠡᠷ᠎ᠠ ᠲᠠᠯᠪᠢᠵᠦ᠂ ᠪᠠᠷᠠᠭᠤᠨ ᠭᠠᠷ ᠤᠨ ᠨᠢᠳᠤᠷᠭ᠎ᠠ ᠪᠠᠨ ᠡᠷᠭᠦᠵᠦ᠂ ᠲᠠᠩᠭᠠᠷᠢᠭ ᠤᠨ ᠦᠭᠡ ᠶᠢ ᠤᠡᠭᠰᠢᠪᠠ᠃ | ᠨᠠᠰᠤᠨᠮᠦ᠋ᠡᠭᠭᠡ᠂ ᠸᠠᠩ ᠢᠤᠢ ᠮᠢᠩ ᠵᠡᠷᠭᠡ ᠬᠦᠮᠦᠰ ᠲᠠᠭᠠᠭᠤᠯᠤᠨ ᠲᠠᠩᠭᠠᠷᠢᠬᠯᠠᠬᠴᠢ ᠶᠢᠨ ᠠᠷᠤ ᠳᠤ ᠮᠦᠷᠯᠠᠨ | ᠵᠤᠬᠰᠤᠵᠦ᠂ ᠪᠠᠷᠠᠭᠤᠨ ᠭᠠᠷ ᠤᠨ ᠨᠢᠳᠤᠷᠭ᠎ᠠ ᠪᠠᠨ ᠡᠷᠭᠦᠵᠦ᠂ ᠲᠠᠩᠭᠠᠷᠢᠭ ᠤᠨ ᠦᠭᠡ ᠶᠢ ᠲᠠᠭᠠᠨ ᠤᠡᠭᠰᠢᠪᠠ᠃ | ︽ᠪᠢ ᠲᠠᠩᠭᠠᠷᠢᠭᠯᠠᠵᠣ ᠪᠠᠶᠢᠨ᠎ᠠ᠄ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠨ | ᠬᠠᠤᠯᠢ ᠳᠤ ᠦᠨᠡᠨᠴᠢ ᠪᠠᠶᠢᠵᠦ᠂ ᠦᠨᠳᠦᠰᠦᠨ ᠬᠠᠤᠯᠢ ᠶᠢᠨ ᠡᠷᠭᠡ ᠰᠦᠷ ᠢ ᠬᠠᠮᠠᠭᠠᠯᠠᠵᠦ᠂ ᠬᠠᠤᠯᠢ ᠳᠤ | ᠲᠤᠬᠳᠠᠭᠠᠬᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠡᠭᠡ ᠤᠯᠤᠰ ᠲᠠᠭᠠᠨ ᠦᠨᠡᠨᠴᠢ᠂ ᠠᠷᠠᠳ | ᠲᠦᠮᠡᠨ ᠳᠡᠭᠡᠨ ᠦᠨᠡᠨᠴᠢ ᠪᠠᠶᠢᠵᠦ᠂ ᠲᠤᠰᠢᠶᠠᠯ ᠬᠠᠷᠢᠭᠤᠴᠠᠯᠭ᠎ᠠ ᠪᠠᠨ ᠪᠠᠳᠣ ᠰᠠᠬᠢᠵᠦ᠂ ᠠᠷᠢᠭᠤᠨ ᠴᠢᠭᠡᠴᠢ ᠪᠠᠷ | ᠠᠯᠪᠠᠨ ᠳᠤ ᠵᠢᠳᠭᠦᠵᠦ᠂ ᠠᠷᠠᠳ ᠲᠦᠮᠡᠨ ᠤ ᠬᠢᠨᠠᠯᠳᠠ ᠶᠢ ᠬᠦᠯᠢᠶᠠᠵᠦ᠂ ᠪᠠᠶᠠᠨ ᠬᠦᠴᠦᠷᠭᠡᠭ᠂ ᠠᠷᠠᠳᠴᠢᠯᠠᠯ ᠲᠠᠢ᠂ | ᠪᠤᠯᠪᠠᠰᠤᠨ ᠰᠠᠶᠢᠬᠠᠨ᠂ ᠡᠶ᠎ᠡ ᠵᠤᠬᠢᠴᠠᠩᠭᠤᠢ ᠨᠡᠶᠢᠭᠡᠮ ᠵᠢᠷᠤᠮᠳᠤ ᠤᠯᠤᠰ ᠢ ᠪᠦᠲᠦᠭᠡᠨ ᠪᠠᠶᠢᠭᠤᠯᠬᠤ ᠶᠢᠨ ᠲᠦᠯᠦᠭᠡ | ᠴᠢᠷᠮᠠᠶᠢᠨ ᠲᠡᠮᠡᠴᠡᠨ᠎ᠠ︕︾ ᠢᠳᠡ ᠬᠦᠴᠦᠨ ᠲᠠᠢ ᠲᠠᠩᠭᠠᠷᠢᠭ ᠤᠨ ᠦᠭᠡ ᠨᠢ ᠲᠠᠩᠭᠠᠷᠢᠬᠯᠠᠬᠴᠢ ᠶᠢᠨ ᠦᠨᠳᠦᠰᠤᠨ | ᠬᠠᠤᠯᠢ ᠶᠢᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠦᠨᠳᠤᠰᠤᠨ ᠬᠠᠤᠯᠢ ᠶᠢᠨ ᠲᠡᠤᠭᠡᠳᠦ ᠡᠭᠦᠷᠭᠡ ᠶᠢ ᠭᠦᠢᠴᠡᠳᠭᠡᠭᠦ | ᠭᠤᠶᠢᠪᠢᠰᠢ ᠥᠬᠡᠢ ᠡᠷᠡᠰ ᠪᠠᠳᠣ ᠡᠷᠴᠢ ᠵᠤᠷᠢᠭ ᠢ ᠳᠠᠮᠵᠢᠭᠤᠯᠣᠨ᠎ᠠ᠃ ᠲᠡᠳᠡ ᠰᠠᠨᠠᠯ ᠨᠢᠭᠡᠳᠡᠢ ᠢᠯᠡᠷᠬᠡᠶᠢᠯᠡᠭᠰᠡᠨ ᠨᠢ᠂ | ᠲᠠᠩᠭᠠᠷᠢᠭ ᠢᠶᠠᠨ ᠢᠮᠠᠬᠳᠠ ᠪᠠᠳᠤ ᠴᠡᠭᠡᠵᠢᠯᠡᠵᠦ᠂ ᠦᠨᠳᠦᠰᠤᠨ ᠬᠠᠤᠯᠢ ᠳᠤ ᠦᠨᠡᠨᠴᠢ ᠪᠠᠶᠢᠵᠦ᠂ ᠦᠨᠳᠤᠰᠤᠨ | ᠬᠠᠤᠯᠢ ᠶᠢ ᠰᠠᠬᠢᠵᠦ᠂ ᠦᠨᠳᠦᠰᠦᠨ ᠬᠠᠤᠯᠢ ᠶᠢ ᠬᠠᠮᠠᠭᠠᠯᠠᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ | ᠪᠦᠯᠭᠦᠮᠳᠠᠨ ᠲᠡᠮᠡᠴᠡᠵᠦ᠂ ᠴᠤᠴᠠᠯᠳᠠ ᠦᠭᠡᠢ ᠤᠷᠤᠬᠰᠢᠯᠠᠵᠦ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ | ᠤᠷᠤᠨ ᠢ ᠨᠡᠩ ᠦᠵᠡᠰᠭᠦᠯᠠᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠳᠤ ᠨᠡᠩ ᠶᠡᠭᠡ ᠰᠢᠨ᠎ᠠ ᠬᠤᠪᠢ | ᠨᠡᠮᠡᠷᠢ ᠦᠵᠡᠭᠦᠯᠦᠨ᠎ᠡ ᠭᠡᠪᠡ᠃ |