| 1 ᠳ᠋ᠤᠭᠡᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠦᠪᠤᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠵᠢᠷᠭᠤᠳᠤᠭᠠᠷ ᠬᠤᠷᠠᠯ ᠡᠯ᠎ᠠ ᠵᠦᠢᠯ ᠤᠨ ᠵᠦᠪᠯᠡᠭᠦ ᠵᠦᠢᠯ ᠢᠶᠠᠨ ᠲᠠᠭᠤᠰᠬᠠᠵᠦ᠂ ᠬᠦᠬᠡᠬᠤᠳᠠ ᠳᠤ ᠠᠮᠵᠢᠯᠲᠠ ᠲᠠᠢ | ᠲᠡᠭᠦᠰᠪᠡ᠃ | 1 ᠳ᠋ᠤᠭᠡᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ 5 ᠡᠳᠦᠷ ᠬᠤᠷᠠᠯᠳᠣᠭᠰᠠᠨ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠡᠯ᠎ᠠ ᠵᠦᠢᠯ ᠤᠨ ᠵᠦᠪᠯᠡᠭᠦ ᠵᠦᠢᠯ ᠢᠶᠠᠨ | ᠲᠠᠭᠤᠰᠬᠠᠵᠦ᠂ ᠬᠦᠬᠡᠬᠤᠳᠠ ᠳᠤ ᠠᠮᠵᠢᠯᠳᠠ ᠲᠠᠢ ᠲᠡᠭᠦᠰᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠯᠢ ᠵᠢᠢ ᠾᠸᠡᠭ ᠬᠤᠷᠠᠯ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠬᠤᠷᠴᠡ᠂ ᠳ᠋ᠦ᠋ | ᠽᠢ᠂ ᠨᠠᠰᠤᠨᠮᠦ᠋ᠡᠭᠭᠡ᠂ ᠸᠠᠩ ᠢᠤᠢ ᠮᠢᠩ᠂ ᠬᠠᠨᠭ᠌ ᠭᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋ | ᠂ ᠰᠦᠨ ᠬᠤᠢ ᠮᠢᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠠ ᠮᠦᠷ ᠲᠤ ᠰᠠᠭᠠᠳᠠᠪᠠ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠷᠧᠨ ᠶᠠ ᠫᠢᠡᠭ᠂ ᠯᠸᠡᠭ ᠵᠢᠶᠧ | ᠰᠦᠡᠭ᠂ ᠶᠠᠩ ᠵᠢᠶᠦ᠋ᠨ ᠰᠢᠩ᠂ ᠯᠢ ᠵᠢᠶᠠ ᠨᠠᠷ ᠪᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠪᠠ᠃ ᠪᠦᠭᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠡᠰᠢᠭᠦᠨ᠂ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠦᠨᠳᠦᠰᠦᠳᠡᠨ ᠤ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠶᠦᠡᠭ ᠹᠸᠡᠭ | ᠲᠡᠷᠢᠭᠦᠯᠡᠭᠴᠢᠳ ᠤᠨ ᠲᠠᠶᠢᠰᠠᠨ ᠳᠤ | ᠰᠠᠭᠠᠳᠠᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠦᠯᠦᠭᠡᠯᠡᠭᠴᠢ ᠣᠳᠣ 534 ᠬᠦᠮᠦᠨ ᠪᠣᠢ᠂ 499 ᠬᠦᠮᠦᠨ ᠨᠢ | ᠡᠨᠡ ᠣᠳᠠᠭ᠎ᠠ ᠶᠢᠨ ᠬᠤᠷᠠᠯ ᠳᠤ ᠤᠷᠤᠯᠴᠠᠵᠣ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃ | ᠬᠤᠷᠠᠯ ᠠᠴᠠ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠤᠬᠠᠢ ᠰᠢᠢᠳᠪᠤᠷᠢ᠂ ᠦᠪᠡᠷᠳᠡᠭᠡᠨ | ᠵᠠᠰᠠᠬᠤ ᠤᠷᠤᠨ ᠤ 2016 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠠ ᠶᠢᠨ | ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2017 ᠤᠨ ᠤ ᠤᠯᠤᠰ ᠠᠷᠠᠳ ᠤᠨ ᠠᠵᠦ ᠠᠬᠤᠢ ᠪᠠ | ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢᠨ ᠲᠤᠬᠠᠢ ᠰᠢᠢᠳᠪᠤᠷᠢ᠂ ᠦᠪᠡᠷᠳᠡᠭᠡᠨ ᠵᠠᠰᠠᠬᠤ ᠤᠷᠤᠨ ᠤ 2016 | ᠤᠨ ᠤ ᠡᠳ᠋ ᠤᠨ ᠵᠠᠰᠠᠬ ᠤᠨ ᠲᠦᠰᠦᠪ ᠢ ᠭᠦᠢᠴᠡᠳᠭᠡᠭᠰᠡᠨ ᠪᠠᠶᠢᠳᠠᠯ ᠬᠢᠭᠡᠳ 2017 ᠤᠨ ᠤ ᠪᠦᠭᠦ ᠤᠷᠤᠨ ᠵᠢᠴᠢ | ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠤᠨ ᠲᠤᠬᠠᠢ ᠰᠢᠢᠳᠪᠤᠷᠢ᠂ ᠦᠪᠡᠷᠳᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠳᠡ ᠶᠢᠨ ᠲᠤᠬᠠᠢ ᠰᠢᠢᠳᠪᠤᠷᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ | ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢᠨ ᠲᠤᠬᠠᠢ ᠰᠢᠢᠳᠪᠤᠷᠢ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢᠨ ᠲᠤᠬᠠᠢ ᠰᠢᠢᠳᠪᠤᠷᠢ ᠶᠢ ᠪᠠᠳᠤᠯᠠᠪᠠ᠃ | ᠯᠢ ᠵᠢᠢ ᠾᠸᠡᠭ ᠲᠡᠭᠦᠰᠭᠦ ᠬᠤᠷᠠᠯ ᠲᠡᠭᠡᠷ᠎ᠡ ︽ᠨᠠᠮ ᠤᠨ ᠲᠤᠭ ᠢ ᠦᠨᠳᠤᠷ ᠮᠠᠨᠳᠤᠭᠤᠯᠵᠦ ᠬᠠᠤᠯᠢ ᠶᠤᠰᠤᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ | ᠨᠡᠩ ᠦᠵᠡᠰᠭᠦᠯᠠᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠶ᠎ᠠ︾ ᠭᠡᠭᠦ ᠰᠡᠳᠦᠪ ᠢᠶᠠᠷ ᠶᠠᠷᠢᠶ᠎ᠠ | ᠲᠠᠯᠪᠢᠵᠠᠢ᠃ ᠲᠡᠷᠡ ᠬᠡᠯᠡᠭᠰᠡᠨ ᠨᠢ᠂ ᠬᠤᠷᠠᠯ ᠤᠨ ᠬᠤᠭᠤᠴᠠᠭᠠᠨ ᠳᠤ ᠲᠦᠯᠦᠭᠡᠯᠡᠭᠴᠢᠳ ᠦᠨᠳᠦᠰᠦᠨ ᠬᠠᠤᠯᠢ ᠪᠠ | ᠬᠠᠤᠯᠢ ᠴᠠᠭᠠᠵᠠ ᠠᠴᠠ ᠤᠯᠭᠤᠬᠰᠠᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ ᠠᠷᠠᠳ | ᠲᠦᠮᠡᠨ ᠤ ᠵᠤᠬᠰᠤᠯᠳᠠ ᠠᠴᠠ ᠢᠯᠡᠳᠭᠡᠯ ᠮᠡᠳᠡᠭᠦᠯᠦᠯᠳᠡ ᠶᠢ ᠬᠢᠨᠠᠨ ᠵᠦᠪᠯᠡᠵᠦ᠂ ᠪᠦᠭᠦ ᠤᠷᠤᠨ ᠤ ᠶᠡᠭᠡ ᠲᠠᠯ᠎ᠠ ᠳᠤ | ᠰᠠᠭᠤᠷᠢᠯᠠᠨ ᠠᠷᠭ᠎ᠠ ᠪᠤᠳᠤᠯᠭ᠎ᠠ ᠪᠠᠨ | ᠳᠡᠪᠰᠢᠭᠦᠯᠵᠦ᠂ ᠬᠦᠭᠵᠢᠯᠳᠠ ᠶᠢᠨ ᠬᠠᠨᠳᠣᠰᠢ ᠶᠢ ᠲᠠᠭᠠᠨ ᠠᠵᠢᠯ ᠢᠶᠠᠨ ᠲᠦᠯᠦᠪᠵᠢᠭᠦᠯᠵᠦ᠂ ᠶᠡᠭᠡ ᠬᠤᠷᠠᠯ ᠠᠴᠠ | ᠪᠠᠳᠤᠯᠠᠬᠰᠠᠨ ᠡᠯ᠎ᠠ ᠵᠦᠢᠯ ᠤᠨ ᠢᠯᠡᠳᠭᠡᠯ ᠮᠡᠳᠡᠭᠦᠯᠦᠯᠳᠡ ᠰᠢᠢᠳᠪᠤᠷᠢ ᠳᠤ ᠨᠠᠮ ᠤᠨ ᠲᠦᠪ ᠬᠤᠷᠢᠶ᠎ᠠ ᠶᠢᠨ | ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ | ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ | ᠦᠪᠤᠷ ᠮᠤᠩᠭᠤᠯ ᠤᠨ ᠪᠤᠳᠠᠳᠠᠢ ᠲᠠᠢ ᠨᠡᠶᠢᠴᠡᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ | ᠰᠠᠨᠠᠭ᠎ᠠ ᠶᠢ ᠲᠤᠰᠬᠠᠵᠦ᠂ ᠦᠵᠡᠯ ᠰᠠᠨᠠᠭ᠎ᠠ ᠪᠠᠨ ᠨᠢᠭᠡᠳᠭᠡᠬᠦ᠂ ᠬᠦᠴᠦᠨ ᠴᠢᠳᠠᠯ ᠢ ᠨᠢᠭᠳᠠᠷᠠᠭᠤᠯᠬᠤ᠂ ᠢᠳᠡᠭᠡᠯ | ᠵᠣᠷᠢᠭ ᠢᠶᠠᠨ ᠪᠠᠳᠤᠳᠬᠠᠬᠤ᠂ ᠬᠠᠷᠠᠯᠳᠠ ᠡᠭᠦᠷᠭᠡ ᠪᠠᠨ ᠲᠤᠳᠤᠷᠬᠠᠢᠢᠯᠠᠬᠤ ᠬᠠᠷᠠᠯᠳᠠ ᠳᠠᠭᠠᠨ ᠬᠦᠷᠴᠦ᠂ ᠨᠢᠭᠡ | ᠤᠳᠠᠭ᠎ᠠ ᠶᠢᠨ ᠪᠦᠯᠭᠦᠮᠳᠠᠯ ᠲᠠᠢ᠂ ᠠᠷᠠᠳᠴᠢᠯᠠᠯ ᠲᠠᠢ᠂ ᠵᠤᠷᠢᠭ ᠢᠶᠠᠨ ᠡᠷᠴᠢᠯᠡᠭᠰᠡᠨ᠂ ᠡᠷᠡᠯᠬᠡᠭᠯᠡᠨ ᠤᠷᠤᠬᠰᠢᠯᠠᠭᠰᠠᠨ | ᠶᠡᠭᠡ ᠬᠤᠷᠠᠯ ᠪᠤᠯᠵᠠᠢ ᠬᠡᠪᠡ᠃ | ᠯᠢ ᠵᠢᠢ ᠾᠸᠡᠭ ᠵᠢᠭᠠᠵᠦ ᠭᠠᠷᠭᠠᠬᠰᠠᠨ ᠨᠢ᠂ ᠡᠨᠡ ᠣᠳᠠᠭ᠎ᠠ ᠶᠢᠨ ᠶᠡᠭᠡ ᠬᠤᠷᠠᠯ ᠠᠴᠠ ᠨᠠᠮᠠᠢᠢ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠡᠷᠬᠢᠯᠡᠭᠴᠢ ᠪᠠᠷ ᠰᠤᠩᠭᠤᠵᠦ᠂ ᠦᠪᠤᠷ ᠮᠤᠩᠭᠤᠯ ᠤᠨ ᠦᠭᠡᠷᠡᠴᠢᠯᠠᠯᠳᠠ ᠬᠦᠭᠵᠢᠯᠳᠠ ᠲᠤᠬᠳᠠᠭᠤᠨ ᠢ ᠠᠬᠢᠭᠤᠯᠵᠦ᠂ | ᠦᠨᠳᠦᠰᠦᠳᠡᠨ ᠨᠦᠭᠦᠳ ᠤᠨ ᠤᠯᠠᠨ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠭᠦ ᠳᠤ ᠨᠡᠩ ᠰᠠᠶᠢᠳᠤᠷ ᠦᠢᠯᠡᠴᠢᠯᠡᠬᠦ | ᠪᠤᠯᠭᠠᠪᠠ᠃ ᠪᠢ ᠲᠡᠤᠭᠡᠳᠤ ᠡᠭᠦᠷᠭᠡ ᠶᠢᠨ ᠢᠶᠠᠨ ᠡᠷᠭᠢᠮ ᠲᠡᠭᠡᠳᠤ᠂ ᠬᠠᠷᠢᠭᠤᠴᠠᠯᠭ᠎ᠠ ᠶᠢᠨ ᠢᠶᠠᠨ ᠬᠦᠨᠳᠤ ᠴᠢᠬᠤᠯᠠ | ᠭᠡᠳᠡᠭ ᠢ ᠬᠦᠨᠵᠡᠭᠡᠢ ᠮᠡᠳᠡᠵᠦ ᠪᠠᠶᠢᠨ᠎ᠠ᠂ ᠨᠠᠮ ᠤᠨ ᠲᠤᠭ ᠢ ᠢᠮᠠᠬᠳᠠ ᠦᠨᠳᠤᠷ ᠮᠠᠨᠳᠤᠭᠤᠯᠵᠦ᠂ ᠲᠤᠰᠢᠶᠠᠯ | ᠬᠠᠷᠢᠭᠤᠴᠠᠯᠭ᠎ᠠ ᠪᠠᠨ ᠲᠦᠪ ᠴᠢᠩᠭ᠎ᠠ ᠪᠠᠷ ᠬᠠᠤᠯᠢ ᠶᠤᠰᠤᠭᠠᠷ ᠭᠦᠢᠴᠡᠳᠭᠡᠵᠦ᠂ ᠬᠤᠭᠤᠴᠠᠭ᠎ᠠ ᠪᠦᠷᠢ ᠶᠢᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠦ᠂ ᠪᠦᠭᠦ ᠲᠦᠯᠦᠭᠡᠯᠡᠭᠴᠢᠳ ᠲᠤ ᠨᠢᠭᠳᠠ | ᠲᠦᠰᠢᠭᠯᠡᠵᠦ᠂ ᠦᠨᠳᠦᠰᠤᠨ ᠬᠠᠤᠯᠢ ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠵᠦ᠂ ᠠᠷᠠᠳ ᠲᠦᠮᠡᠨ ᠤ | ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠵᠦ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ | ᠡᠭᠦᠷᠭᠡᠯᠡᠵᠦ᠂ ᠠᠷᠠᠳ ᠤᠨ ᠲᠦᠯᠦᠭᠡ ᠪᠤᠳᠠᠳᠠᠢ ᠶᠢ ᠡᠷᠭᠢᠮᠯᠠᠨ ᠠᠷᠢᠭᠤᠨ ᠴᠢᠭᠡᠴᠢ ᠪᠠᠶᠢᠵᠤ᠂ ᠯᠠᠪᠳᠠᠭᠤᠨ ᠪᠠᠳᠣᠳᠠᠢ | ᠠᠵᠢᠯᠯᠠᠵᠦ᠂ ᠪᠡᠶ᠎ᠡ ᠪᠦᠬᠦᠶᠢᠨ ᠲᠠᠷᠤᠭ᠎ᠠ ᠰᠠᠭᠤᠵᠦ᠂ ᠨᠢᠷᠤᠭᠤ ᠭᠡᠳᠡᠭᠡᠷ ᠬᠦᠮᠦᠨ ᠪᠤᠯᠵᠦ᠂ ᠬᠡᠯᠡᠪᠡᠯ ᠬᠢᠵᠦ᠂ ᠬᠢᠪᠡᠯ | ᠦᠷ᠎ᠠ ᠳ᠋ᠦᠡᠭ ᠭᠠᠷᠭᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠢᠯᠡᠰ ᠢ ᠲᠠᠰᠤᠷᠠᠯᠳᠠ ᠦᠭᠡᠢ | ᠲᠦᠯᠬᠢᠨ ᠣᠷᠣᠭᠰᠢᠯᠠᠭᠤᠯᠵᠣ᠂ ᠲᠦᠯᠦᠭᠡᠯᠡᠭᠴᠢᠳ ᠪᠠ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ | ᠨᠠᠶᠢᠳᠠᠯᠭ᠎ᠠ ᠶᠢ ᠶᠠᠭᠠᠬᠢᠬᠰᠠᠨ ᠴᠤ ᠬᠦᠰᠡᠷᠳᠡᠬᠦᠯᠬᠦ ᠦᠭᠡᠢ ᠬᠡᠪᠡ᠃ | ᠯᠢ ᠵᠢᠢ ᠾᠸᠡᠭ ᠢᠯᠡᠷᠭᠡᠶᠢᠯᠡᠭᠰᠡᠨ ᠨᠢ᠂ ᠨᠠᠮ ᠤᠨ ᠤᠳᠤᠷᠢᠳᠤᠯᠭ᠎ᠠ ᠶᠢ ᠢᠮᠠᠬᠳᠠ ᠪᠠᠷᠢᠮᠳᠠᠯᠠᠵᠦ᠂ ︽ᠲᠦᠷᠪᠡᠨ | ᠤᠬᠠᠮᠰᠠᠷ︾ ᠤᠨᠴᠠᠭᠠᠶᠢᠯᠠᠨ ᠭᠤᠤᠯᠯᠠᠬᠤ ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢ ᠪᠠᠳᠤ ᠪᠣᠢ ᠪᠤᠯᠭᠠᠵᠦ᠂ | ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠡᠭ ᠨᠦᠭᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠡᠷᠡᠰ ᠢᠶᠠᠷ ᠲᠡᠭᠡᠳᠤ ᠬᠡᠮᠵᠢᠶ᠎ᠠ ᠪᠠᠷ ᠨᠢᠭᠡᠳᠤᠯᠲᠠᠢ ᠪᠠᠶᠢᠵᠤ᠂ ᠶᠡᠷᠦᠩᠭᠡᠢ | ᠱᠦᠵᠢ ᠰᠢ ᠶᠢᠨ ᠫᠢᠡᠭ ᠤᠨ ᠤᠳᠤᠷᠢᠳᠬᠤ ᠭᠤᠤᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂ ᠨᠠᠮ ᠤᠨ ᠲᠦᠪ | ᠬᠤᠷᠢᠶ᠎ᠠ ᠶᠢᠨ ᠬᠠᠷᠢᠴᠠᠯᠠᠰᠢᠭᠦᠢ ᠡᠷᠭᠡ ᠰᠦᠷ ᠢ ᠡᠷᠡᠰ ᠬᠠᠮᠠᠭᠠᠯᠠᠵᠦ᠂ ᠨᠠᠮ ᠤᠨ ᠤᠳᠤᠷᠢᠳᠤᠯᠭ᠎ᠠ ᠶᠢ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠠ ᠲᠠᠯ᠎ᠠ᠂ ᠪᠦᠭᠦ ᠶᠠᠪᠤᠴᠠ ᠳᠤ ᠡᠷᠡᠰ ᠳᠣᠣᠱᠯᠠᠭᠤᠯᠵᠣ᠂ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠪᠠ ᠪᠦᠭᠦ ᠤᠷᠤᠨ ᠤ ᠠᠵᠢᠯ ᠤᠨ ᠶᠡᠭᠡ ᠲᠠᠯ᠎ᠠ ᠶᠢᠨ | ᠲᠤᠭᠤᠷᠢᠨ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠦᠯᠦᠪᠵᠢᠭᠦᠯᠦᠨ ᠠᠬᠢᠭᠤᠯᠵᠦ᠂ | ᠢᠮᠠᠬᠳᠠ ᠵᠦᠪ ᠣᠨᠣᠪᠴᠢᠳᠠᠢ ᠴᠢᠭᠯᠡᠯ ᠢᠶᠠᠷ ᠤᠷᠤᠬᠰᠢᠯᠠᠬᠤ ᠶᠢ ᠪᠠᠳᠤᠯᠠᠨ᠎ᠠ᠃ ᠠᠷᠠᠳ ᠲᠦᠮᠡᠨ ᠢᠶᠠᠷ ᠭᠤᠤᠯ | ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠢᠮᠠᠬᠳᠠ ᠪᠠᠷᠢᠮᠳᠠᠯᠠᠵᠦ᠂ ᠠᠷᠠᠳ ᠲᠦᠮᠡᠨ ᠤ ᠡᠵᠡᠨ ᠰᠠᠭᠤᠵᠤ | ᠡᠷᠭᠡ ᠮᠡᠳᠡᠬᠦ ᠶᠢ ᠲᠡᠮᠵᠢᠨ ᠪᠠᠳᠤᠯᠠᠵᠦ᠂ ᠦᠷᠭᠡᠨ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ | ᠪᠡᠶᠡᠯᠡᠭᠦᠯᠵᠦ᠂ ᠰᠠᠶᠢᠲᠤᠷ ᠬᠠᠮᠠᠭᠠᠯᠠᠵᠦ᠂ ᠰᠠᠶᠢᠲᠤᠷ ᠬᠦᠭᠵᠢᠭᠦᠯᠬᠦ ᠪᠠᠷ ᠴᠢᠷᠮᠠᠶᠢᠵᠤ᠂ ᠦᠨᠳᠦᠰᠦᠳᠡᠨ ᠨᠦᠭᠦᠳ ᠤᠨ | ᠤᠯᠠᠨ ᠲᠦᠮᠡᠨ ᠳᠤ ᠦᠭᠡᠷᠡᠴᠢᠯᠠᠯᠳᠠ ᠬᠦᠭᠵᠢᠯᠳᠠ ᠶᠢᠨ ᠦᠷ᠎ᠠ ᠪᠦᠲᠦᠭᠡᠯ ᠢ ᠡᠳ᠋ᠯᠡᠭᠦᠯᠵᠦ᠂ ᠢᠵᠢᠯ ᠠᠯᠬᠤᠮ ᠢᠶᠠᠷ | ᠪᠦᠭᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠳᠠᠪᠰᠢᠨ ᠤᠷᠤᠬᠤ ᠶᠢ ᠠᠬᠢᠭᠤᠯᠤᠨ᠎ᠠ᠃ ᠪᠦᠭᠦ ᠲᠠᠯ᠎ᠠ ᠪᠠᠷ ᠬᠠᠤᠯᠢ ᠪᠠᠷ | ᠤᠷᠤᠨ ᠢᠶᠠᠨ ᠵᠠᠰᠠᠬᠤ ᠶᠢ ᠢᠮᠠᠬᠳᠠ ᠪᠠᠷᠢᠮᠳᠠᠯᠠᠵᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠢᠶᠠᠷ ᠲᠠᠮᠵᠢᠭᠤᠯᠣᠨ ᠨᠡᠶᠢᠭᠡᠮ ᠵᠢᠷᠤᠮ ᠤᠨ ᠬᠠᠤᠯᠢᠵᠢᠯ ᠤᠨ ᠵᠤᠷᠢᠭ ᠰᠠᠨᠠᠭ᠎ᠠ ᠶᠢ | ᠪᠠᠳᠠᠷᠠᠭᠤᠯᠵᠦ᠂ ᠨᠡᠶᠢᠭᠡᠮ ᠵᠢᠷᠤᠮ ᠤᠨ ᠬᠠᠤᠯᠢᠵᠢᠯ ᠤᠨ ᠦᠢᠯᠡᠳᠦᠯᠭᠡ ᠶᠢ ᠠᠬᠢᠭᠤᠯᠵᠣ᠂ ᠬᠠᠤᠯᠢᠵᠢᠯ ᠤᠨ ᠦᠪᠤᠷ | ᠮᠤᠩᠭᠤᠯ ᠤᠨ ᠪᠠᠶᠢᠭᠤᠯᠤᠯᠲᠠ ᠶᠢ ᠲᠦᠷᠭᠡᠳᠭᠡᠵᠦ᠂ ᠦᠪᠤᠷ ᠮᠤᠩᠭᠤᠯ ᠤᠨ ᠦᠭᠡᠷᠡᠴᠢᠯᠠᠯᠳᠠ ᠨᠡᠭᠡᠭᠡᠯᠳᠡ ᠪᠠ | ᠤᠳᠤᠬᠢᠴᠢᠯᠠᠬᠤ ᠪᠦᠲᠦᠭᠡᠨ ᠪᠠᠶᠢᠭᠤᠯᠤᠯᠲᠠ ᠳᠤ ᠨᠡᠩ ᠬᠦᠴᠦᠨ ᠪᠦᠬᠦᠢ ᠬᠠᠤᠯᠢᠵᠢᠯ ᠤᠨ ᠪᠠᠳᠤᠯᠠᠭ᠎ᠠ ᠬᠠᠨᠭ᠍ᠭᠠᠨ᠎ᠠ᠃ | ᠬᠠᠤᠯᠢ ᠳᠣᠭᠳᠠᠭᠠᠯ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ ᠤᠴᠢᠷ ᠶᠠᠪᠣᠳᠠᠯ ᠰᠢᠢᠳᠪᠤᠷᠢᠯᠡᠭᠦ ᠶᠢ | ᠢᠮᠠᠬᠳᠠ ᠪᠠᠷᠢᠮᠳᠠᠯᠠᠵᠦ᠂ ᠰᠠᠬᠢᠯᠭ᠎ᠠ ᠪᠠᠳᠤ ᠪᠠ ᠲᠦᠷᠢᠮ ᠲᠤᠬᠳᠠᠭᠠᠯ ᠢ ᠴᠠᠬ ᠢᠮᠠᠬᠳᠠ ᠲᠦᠷᠦᠭᠦᠨ ᠳᠤ ᠲᠠᠯᠪᠢᠵᠦ᠂ | ᠤᠴᠢᠷ ᠰᠢᠢᠳᠪᠤᠷᠢᠯᠡᠭᠦ ᠳᠤ ᠬᠠᠤᠯᠢ ᠳᠤ ᠲᠦᠰᠢᠭᠯᠡᠬᠦ᠂ ᠶᠠᠪᠣᠳᠠᠯ ᠲᠤᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ | ᠰᠢᠢᠳᠪᠤᠷᠢᠯᠡᠭᠦ ᠳᠤ ᠬᠠᠤᠯᠢ ᠶᠢ ᠬᠡᠷᠡᠭᠯᠡᠬᠦ᠂ ᠵᠦᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠭᠦ ᠬᠠᠤᠯᠢᠵᠢᠯ ᠤᠨ | ᠤᠷᠴᠢᠨ ᠲᠤᠭᠤᠷᠢᠨ ᠢ ᠲᠦᠷᠦᠭᠦᠯᠡᠨ ᠪᠤᠢ ᠪᠤᠯᠭᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠡᠭᠦᠷᠭᠡ ᠴᠢᠳᠠᠪᠭᠢ ᠶᠢᠨ ᠦᠢᠯᠡᠳᠤᠯ ᠢ ᠭᠦᠢᠴᠡᠳ ᠪᠠᠳᠠᠷᠠᠭᠤᠯᠵᠦ᠂ ᠴᠢᠬᠤᠯᠠ ᠵᠦᠢᠯᠡᠰ ᠢ ᠶᠠᠷᠢᠯᠴᠠᠨ ᠲᠤᠬᠳᠠᠭᠠᠬᠤ | ᠡᠷᠭᠡ ᠪᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠡᠷᠭᠡ ᠪᠠᠨ | ᠬᠠᠤᠯᠢ ᠶᠤᠰᠤᠭᠠᠷ ᠬᠡᠷᠡᠭᠵᠢᠭᠦᠯᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠬᠰᠠᠨ ᠬᠠᠤᠯᠢ ᠳᠣᠭᠳᠠᠭᠠᠯ᠂ ᠬᠢᠨᠠᠨ ᠵᠦᠪᠯᠡᠭᠰᠡᠨ | ᠠᠵᠢᠯ᠂ ᠭᠠᠷᠭᠠᠬᠰᠠᠨ ᠳᠣᠭᠳᠠᠭᠠᠯ ᠤᠨ ᠬᠠᠤᠯᠢ ᠶᠤᠰᠤᠴᠢ | ᠴᠢᠨᠠᠷ᠂ ᠵᠦᠢ ᠵᠣᠬᠢᠰᠳᠠᠢ ᠴᠢᠨᠠᠷ ᠪᠠ ᠡᠷᠭᠡ ᠰᠦᠷᠳᠤ ᠴᠢᠨᠠᠷ ᠢ ᠲᠦᠷᠢᠮ ᠤᠨ ᠲᠠᠯ᠎ᠠ ᠠᠴᠠ ᠬᠦᠴᠦᠯᠡᠨ ᠪᠠᠳᠤᠯᠠᠨ᠎ᠠ᠃ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠳᠣᠰ ᠪᠡᠶ᠎ᠠ ᠶᠢᠨ | ᠪᠠᠶᠢᠭᠤᠯᠤᠯᠲᠠ ᠪᠠᠨ ᠴᠢᠩᠭᠠᠳᠬᠠᠬᠤ ᠶᠢ ᠢᠮᠠᠬᠳᠠ ᠪᠠᠷᠢᠮᠳᠠᠯᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠵᠢᠯ ᠤᠨ | ᠲᠦᠷᠢᠮᠵᠢᠬᠦ᠂ ᠵᠢᠷᠤᠮᠵᠢᠬᠤ᠂ ᠰᠢᠨᠵᠢᠯᠡᠭᠦ ᠤᠬᠠᠭᠠᠨᠴᠢᠯᠠᠬᠤ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠠ | ᠬᠡᠪᠡ᠃ | ᠯᠢ ᠵᠢᠢ ᠾᠸᠡᠭ ᠴᠢᠬᠤᠯᠠᠴᠢᠯᠠᠬᠰᠠᠨ ᠨᠢ᠂ 2017 ᠤᠨ ᠳᠤ᠂ ᠪᠢᠳᠡ ᠲᠤᠮᠳᠠᠳᠤ ᠤᠯᠤᠰ ᠤᠨ ᠡᠪ ᠬᠠᠮᠳᠤ | ᠨᠠᠮ ᠤᠨ ᠠᠷᠪᠠ ᠶᠢᠰᠦᠳᠦᠬᠡᠷ ᠤᠳᠠᠭ᠎ᠠ ᠶᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠪᠠ | ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠᠨ ᠤᠬᠳᠤᠨ ᠠᠪᠴᠢᠷᠠᠬᠤ ᠪᠤᠯᠤᠨ᠎ᠠ᠃ | 2017 ᠤᠨ ᠪᠤᠯ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ᠂ | ︽13·5︾ ᠶᠢᠨ ᠲᠦᠯᠦᠪᠵᠢᠬᠦᠯᠬᠡ ᠶᠢ ᠬᠡᠷᠡᠭᠵᠢᠭᠦᠯᠬᠦ ᠴᠢᠬᠤᠯᠠ ᠨᠢᠬᠡ ᠵᠢᠯ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ ᠶᠢ ᠠᠬᠢᠭᠤᠯᠬᠤ ᠵᠢᠯ ᠪᠣᠯᠣᠨ᠎ᠠ᠂ ᠡᠯ᠎ᠡ ᠵᠦᠢ᠊ ᠤᠨ | ᠠᠵᠢᠯ ᠢᠶᠠᠨ ᠰᠠᠶᠢᠲᠤᠷ ᠬᠢᠬᠦ ᠶᠢᠨ ᠠᠴᠢ ᠬᠤᠯᠪᠣᠭᠳᠠᠯ ᠬᠦᠨᠳᠤ ᠴᠢᠬᠤᠯᠠ᠃ ᠤᠳᠤᠬᠠᠨ ᠳᠤ᠂ ᠦᠪᠦᠷ ᠮᠤᠩᠭᠤᠯ ᠤᠨ | ᠬᠦᠭᠵᠢᠯᠳᠡ ᠶᠢᠨ ᠠᠤᠭ᠎ᠠ ᠲᠦᠰᠦᠪ ᠨᠢᠬᠡᠨᠳᠡ ᠵᠢᠷᠤᠬᠯᠠᠬᠳᠠᠵᠦ᠂ ᠵᠠᠩᠬᠢᠯᠠᠭ᠎ᠠ ᠨᠢ ᠪᠤᠳᠠᠳᠠᠢ ᠠᠵᠢᠯᠯᠠᠵᠤ᠂ ᠪᠣᠳᠠᠳᠠᠢ | ᠠᠵᠢᠯᠯᠠᠵᠣ᠂ ᠳᠠᠬᠢᠨ ᠪᠤᠳᠠᠳᠠᠢ ᠠᠵᠢᠯᠯᠠᠵᠦ᠂ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠵᠤ᠂ ᠲᠠᠬᠢᠨ ᠲᠠᠪᠳᠠᠨ | ᠨᠠᠶᠢᠳᠠᠪᠤᠷᠢᠵᠢᠭᠤᠯᠬᠤ ᠳᠤ ᠪᠣᠢ᠂ ᠴᠠᠬ ᠮᠦᠴᠡ ᠲᠠᠢ ᠤᠷᠤᠯᠳᠤᠬᠤ᠂ ᠦᠷᠯᠦᠬᠡ ᠦᠳᠡᠰᠢ ᠶᠢ ᠲᠡᠮᠡᠴᠡᠬᠦ ᠪᠠᠴᠢᠮ | ᠲᠤᠯᠭᠠᠮ᠎ᠠ ᠰᠡᠳᠬᠢᠯᠬᠡ ᠪᠠᠷ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ ᠶᠢ ᠦᠨᠳᠦᠰᠦ ᠬᠠᠳᠬᠤᠭᠤᠯᠣᠨ ᠦᠷ᠎ᠡ | ᠵᠢᠮᠢᠰ ᠰᠠᠭᠤᠯᠭᠠᠬᠤ ᠶᠢ ᠠᠬᠢᠭᠤᠯᠬᠤ ᠬᠡᠷᠡᠭᠳᠡᠢ᠃ ᠨᠠᠶᠢᠳᠠᠪᠤᠷᠢᠵᠢᠭᠤᠯᠬᠤ ᠶᠢ ᠠᠳᠬᠤᠬᠤ ᠳᠤ ᠦᠵᠡᠯ ᠰᠠᠨᠠᠭ᠎ᠠ ᠪᠠᠨ | ᠨᠢᠭᠡᠳᠭᠡᠭᠦ ᠲᠤᠮᠳᠠ ᠬᠠᠨᠴᠤᠢ ᠰᠢᠮᠠᠯᠠᠨ ᠠᠵᠢᠯᠯᠠᠬᠤ ᠬᠡᠷᠡᠭᠳᠡᠢ᠂ ᠪᠦᠭᠦ ᠤᠷᠤᠨ ᠳᠠᠶᠠᠭᠠᠷ ᠢᠶᠠᠨ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠬ ᠤᠨ ᠤᠷᠳᠤᠨ ᠤ ᠬᠦᠭᠵᠢᠯᠳᠠ ᠶᠢᠨ ᠪᠠᠶᠢᠳᠠᠯ ᠤᠨ ᠲᠤᠬᠠᠢ ᠰᠢᠨᠵᠢᠯᠡᠭᠦ ᠤᠬᠠᠭᠠᠨᠴᠢ ᠮᠠᠭᠠᠳᠯᠠᠯᠳᠠ ᠲᠡᠭᠡᠷ᠎ᠡ | ᠨᠢᠭᠡᠳᠭᠡᠵᠦ᠂ ᠡᠯ᠎ᠠ ᠵᠦᠢᠯ ᠤᠨ ᠠᠵᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠲᠡᠭᠡᠷ᠎ᠠ ᠨᠢᠭᠡᠳᠭᠡᠵᠦ᠂ | ᠡᠯ᠎ᠠ ᠵᠦᠢᠯ ᠤᠨ ᠠᠵᠢᠯ ᠢᠶᠠᠨ ᠨᠡᠩ ᠰᠡᠷᠭᠡᠭ ᠢᠶᠠᠷ᠂ ᠨᠡᠩ ᠪᠣᠳᠠᠳᠠᠢ ᠶᠢ ᠡᠷᠬᠢᠮᠯᠡᠨ᠂ ᠨᠡᠩ ᠡᠷᠴᠢᠮ ᠲᠠᠢ ᠠᠬᠢᠭᠤᠯᠬᠤ | ᠬᠡᠷᠡᠭᠳᠡᠢ᠃ ᠨᠠᠶᠢᠳᠠᠪᠤᠷᠢᠵᠢᠭᠤᠯᠬᠤ ᠶᠢ ᠠᠳᠬᠤᠬᠤ ᠳᠤ ᠬᠦᠭᠵᠢᠯᠳᠠ ᠳᠤ ᠠᠩᠬᠠᠷᠣᠯ ᠢᠶᠠᠨ ᠲᠦᠪᠯᠡᠷᠡᠭᠦᠯᠬᠦ ᠳᠣᠮᠳᠠ | ᠰᠡᠳᠭᠢᠯ ᠳᠠᠯᠪᠢᠨ ᠬᠦᠴᠦ ᠣᠷᠣᠭᠤᠯᠣᠨ ᠠᠵᠢᠯᠯᠠᠬᠤ ᠬᠡᠷᠡᠭᠳᠡᠢ᠂ ᠪᠣᠢ ᠪᠦᠬᠦᠢ ᠣᠶᠣᠨ ᠣᠬᠠᠭᠠᠨ ᠪᠠ ᠬᠦᠴᠦᠨ | ᠴᠢᠳᠠᠯ ᠢᠶᠠᠨ ᠬᠦᠭᠵᠢᠯᠳᠡ ᠶᠢ ᠠᠬᠢᠭᠤᠯᠬᠤ ᠳᠡᠬᠡᠷ᠎ᠡ ᠲᠦᠪᠯᠡᠷᠡᠬᠦᠯᠵᠦ᠂ ᠠᠵᠤ ᠠᠬᠤᠢ ᠶᠢᠨ ᠪᠦᠳᠦᠬᠡᠨ | ᠪᠠᠶᠢᠭᠤᠯᠤᠯᠲᠠ ᠶᠢᠨ ᠡᠨᠡᠬᠦ ᠭᠤᠤᠯ ᠠᠵᠢᠯ ᠢ ᠭᠤᠶᠢᠪᠢᠰᠢ ᠦᠬᠡᠢ ᠢᠮᠠᠭᠳᠠ ᠠᠳᠬᠤᠵᠤ᠂ ᠡᠳᠦᠷ ᠪᠤᠯᠭᠠᠨ᠂ ᠰᠠᠷ᠎ᠠ | ᠪᠦᠷᠢ᠂ ᠵᠢᠯ ᠲᠤᠳᠤᠮ ᠰᠡᠳᠭᠢᠯ ᠳᠠᠯᠪᠢᠨ ᠬᠠᠶᠢᠷ᠎ᠠ ᠪᠠᠨ ᠶᠡᠭᠦᠯᠡᠵᠦ ᠬᠦᠴᠦ ᠪᠠᠨ ᠭᠠᠷᠭᠠᠨ ᠰᠠᠶᠢᠲᠤᠷ ᠠᠵᠢᠯᠯᠠᠵᠦ᠂ | ᠦᠪᠤᠷ ᠮᠤᠩᠭᠤᠯ ᠤᠨ ᠦᠭᠡᠷᠡᠴᠢᠯᠠᠯᠳᠠ ᠨᠡᠭᠡᠭᠡᠯᠳᠡ ᠪᠠ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ | ᠲᠠᠰᠤᠷᠠᠯᠳᠠ ᠦᠭᠡᠢ ᠲᠦᠯᠬᠢᠨ ᠣᠷᠣᠭᠰᠢᠯᠠᠭᠤᠯᠬᠤ ᠬᠡᠷᠡᠭᠳᠡᠢ᠃ ᠨᠠᠶᠢᠳᠠᠪᠤᠷᠢᠵᠢᠭᠤᠯᠬᠤ ᠶᠢ ᠠᠳᠬᠤᠬᠤ ᠳᠤ | ᠤᠳᠤᠷᠢᠳᠤᠯᠭ᠎ᠠ ᠶᠢᠨ ᠲᠠᠭᠠᠭᠤᠯᠭ᠎ᠠ ᠲᠤᠤᠷ᠎ᠠ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠳᠣᠳᠬᠠᠨ ᠠᠵᠢᠯᠯᠠᠬᠤ | ᠬᠡᠷᠡᠭᠳᠡᠢ᠂ ᠡᠯ᠎ᠠ ᠱᠠᠳᠤᠨ ᠤ ᠤᠳᠤᠷᠢᠳᠬᠤ ᠺᠠᠳ᠋ᠷ ᠤᠨᠴᠠᠭᠠᠶᠢᠯᠠᠨ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ | ᠤᠷᠳᠤᠨ ᠤ ᠭᠤᠤᠯ ᠬᠠᠷᠢᠭᠤᠴᠠᠯᠭᠠᠳᠠᠨ ᠨᠦᠭᠦᠳ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠵᠦ᠂ | ᠴᠢᠷᠮᠠᠶᠢᠨ ᠠᠵᠢᠯᠯᠠᠵᠣ᠂ ᠦᠨᠡᠨᠭᠦ ᠠᠳᠬᠤᠨ ᠪᠤᠳᠠᠳᠠᠢ ᠠᠵᠢᠯᠯᠠᠬᠤ ᠣᠶᠣᠨ ᠰᠠᠨᠠᠭᠠᠨ ᠤ ᠳᠦᠷᠰᠦ ᠪᠠᠶᠢᠳᠠᠯ ᠪᠠ | ᠠᠵᠢᠯ ᠤᠨ ᠰᠤᠷᠳᠠᠯ ᠢᠶᠠᠨ ᠵᠠᠪᠠᠯ ᠪᠠᠳᠤᠯᠠᠵᠦ᠂ ︽ᠶᠤᠸᠠᠨᠱᠤᠸᠠᠢ︾ ᠪᠤᠯᠬᠤ ᠶᠢᠨ ᠲᠠᠭᠠᠤ ︽ᠳᠠᠶᠢᠨ ᠳᠤ ᠮᠤᠷᠳᠠᠵᠦ︾ | ᠂ ᠵᠢᠱᠢᠶ᠎ᠡ ᠦᠵᠡᠭᠦᠯᠦᠨ ᠲᠠᠭᠠᠭᠤᠯᠬᠤ ᠦᠢᠯᠡᠳᠤᠯ ᠢᠶᠠᠨ ᠭᠦᠢᠴᠡᠳ ᠪᠠᠳᠠᠷᠠᠭᠤᠯᠬᠤ ᠬᠡᠷᠡᠭᠳᠡᠢ︔ ᠡᠯ᠎ᠠ ᠤᠳᠤᠷᠢᠳᠬᠤ | ᠪᠠᠬ ᠨᠢᠭᠡ ᠯᠡ ᠵᠦᠢᠯ ᠢ ᠪᠤᠳᠤᠵᠦ᠂ ᠨᠢᠭᠡ ᠯᠡ ᠴᠢᠭᠯᠡᠯ ᠢᠶᠠᠷ ᠬᠦᠴᠦᠯᠡᠵᠦ᠂ ᠰᠡᠳᠬᠢᠯ ᠢᠶᠠᠨ ᠨᠢᠭᠡᠳᠭᠡᠨ | ᠬᠦᠴᠦᠨ ᠢᠶᠠᠨ ᠬᠠᠮᠳᠣᠳᠬᠠᠵᠣ ᠡᠯ᠎ᠠ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ︔ ᠡᠯ᠎ᠠ | ᠰᠠᠯᠠᠭ᠎ᠠ ᠮᠦᠴᠢᠷ ᠦᠨᠡᠨ ᠪᠣᠳᠠᠳᠠᠢ ᠠᠷᠭ᠎ᠠ ᠭᠠᠷᠭᠠᠵᠦ᠂ ᠪᠤᠳᠠᠳᠤ ᠤᠴᠢᠷ ᠰᠢᠢᠳᠪᠤᠷᠢᠯᠡᠵᠦ᠂ ᠪᠤᠳᠠᠳᠤ ᠦᠷ᠎ᠠ | ᠠᠰᠢᠭ ᠢ ᠡᠷᠬᠢᠮᠯᠡᠵᠦ᠂ ᠪᠦᠭᠦ ᠤᠷᠤᠨ ᠤ ᠶᠡᠭᠡ ᠲᠠᠯ᠎ᠠ ᠳᠤ ᠵᠣᠭᠰᠣᠨ᠂ ᠪᠤᠳᠠᠳᠠᠢ ᠵᠦᠷᠢᠴᠡᠯ ᠳᠤ ᠰᠢᠭᠤᠳ ᠬᠠᠨᠳᠣᠵᠣ | ᠂ ᠪᠤᠳᠠᠳᠠᠢ ᠠᠰᠠᠭᠤᠳᠠᠯ ᠢ ᠰᠢᠢᠳᠪᠤᠷᠢᠯᠡᠵᠦ᠂ ᠪᠦᠭᠦ ᠬᠦᠴᠦᠨ ᠢᠶᠠᠷ ᠢᠶᠠᠨ ᠬᠦᠭᠵᠢᠯᠳᠠ ᠶᠢ ᠲᠦᠯᠦᠪᠵᠢᠭᠦᠯᠦᠨ | ᠠᠬᠢᠭᠤᠯᠬᠤ ᠬᠡᠷᠡᠭᠳᠡᠢ︔ ᠠᠷᠠᠳ ᠤᠨ ᠲᠦᠯᠦᠭᠡᠯᠡᠭᠴᠢᠳ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠬ ᠤᠨ ᠤᠷᠳᠤᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠪᠠ ᠡᠨᠡ ᠤᠳᠠᠭ᠎ᠠ ᠶᠢᠨ ︽ᠬᠤᠶᠠᠷ ᠬᠤᠷᠠᠯ︾ | ᠤᠨ ᠵᠤᠷᠢᠭ ᠰᠠᠨᠠᠭ᠎ᠠ ᠶᠢ ᠲᠦᠷᠦᠭᠦᠯᠡᠨ ᠤᠬᠠᠭᠤᠯᠤᠨ ᠲᠤᠤᠱᠯᠠᠭᠤᠯᠣᠨ ᠨᠠᠶᠢᠳᠠᠪᠤᠷᠢᠵᠢᠭᠤᠯᠵᠤ᠂ ᠬᠦᠭᠵᠢᠯᠳᠠ ᠶᠢᠨ | ᠢᠳᠡᠭᠡᠯ ᠢ ᠨᠡᠶᠢᠭᠡᠮ ᠤᠨ ᠡᠯ᠎ᠠ ᠲᠠᠯ᠎ᠠ ᠳᠤ ᠳᠠᠮᠵᠢᠭᠤᠯᠵᠣ᠂ ᠬᠤᠷᠠᠯ ᠤᠨ ᠵᠤᠷᠢᠭ ᠰᠠᠨᠠᠭ᠎ᠠ ᠶᠢ ᠪᠦᠭᠦ ᠤᠷᠤᠨ ᠤ ᠡᠯ᠎ᠠ | ᠠᠵᠢᠯ ᠲᠦᠷᠦᠯ ᠳᠤ ᠣᠯᠠᠮᠵᠢᠯᠠᠵᠣ᠂ ᠲᠠᠷᠤᠢ ᠲᠦᠷᠭᠡᠨ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ | ᠲᠦᠮᠡᠨ ᠤ ᠬᠠᠮᠳᠤ ᠶᠢᠨ ᠠᠵᠢᠯᠯᠠᠭ᠎ᠠ ᠪᠤᠯᠭᠠᠨ ᠬᠤᠪᠢᠷᠠᠭᠤᠯᠬᠤ ᠬᠡᠷᠡᠭᠳᠡᠢ︔ ᠡᠯ᠎ᠠ ᠦᠨᠳᠦᠰᠦᠳᠡᠨ ᠡᠯ᠎ᠠ | ᠡᠳᠡᠭᠡᠳ ᠤᠨ ᠬᠢᠨ ᠪᠦᠯᠭᠦᠮᠳᠠᠨ ᠨᠢᠭᠡᠳᠴᠤ ᠬᠦᠭᠵᠢᠯᠳᠠ ᠶᠢ ᠰᠦᠪᠡᠭᠴᠢᠯᠡᠨ᠂ ᠰᠢᠨ᠎ᠠ ᠦᠢᠯᠡᠰ ᠪᠣᠰᠬᠠᠵᠣ᠂ ᠬᠡᠷᠡᠯ | ᠰᠠᠴᠣᠷᠠᠩᠭᠤᠢ ᠶᠢ ᠱᠣᠭᠤᠵᠣ᠂ ᠦᠪᠤᠷ ᠮᠤᠩᠭᠤᠯ ᠤᠨ ᠠᠵᠢᠯ ᠢ ᠬᠠᠮᠳᠤᠪᠠᠷ ᠰᠠᠶᠢᠲᠤᠷ ᠬᠢᠬᠦ ᠬᠡᠷᠡᠭᠳᠡᠢ᠃ ᠪᠦᠭᠦ | ᠤᠷᠤᠨ ᠳᠠᠶᠠᠭᠠᠷ ᠢᠶᠠᠨ ᠨᠠᠶᠢᠳᠠᠪᠤᠷᠢᠵᠢᠭᠤᠯᠬᠤ ᠶᠢ ᠠᠳᠬᠤᠬᠤ ᠰᠠᠶᠢᠨ ᠰᠠᠶᠢᠬᠠᠨ ᠤᠷᠴᠢᠨ ᠲᠤᠭᠤᠷᠢᠨ ᠪᠠ | ᠪᠠᠶᠢᠭᠤᠯᠤᠮᠵᠢ ᠲᠤᠬᠳᠠᠴᠠ ᠶᠢ ᠦᠨᠡᠨᠬᠦ ᠪᠣᠢ ᠪᠣᠯᠭᠠᠵᠣ᠂ ᠲᠤᠭ ᠲᠡᠮᠳᠡᠭ ᠲᠤᠳᠤᠷᠬᠠᠢ ᠪᠠᠷ ᠪᠤᠳᠠᠳᠠᠢ ᠠᠵᠢᠯᠯᠠᠬᠤ ᠶᠢ | ᠳᠡᠭᠡᠳᠦᠯᠡᠬᠦ ᠬᠦᠮᠦᠨ ᠬᠡᠷᠡᠭᠯᠡᠭᠦ ᠤᠳᠤᠷᠢᠳᠤᠮᠵᠢ ᠶᠢ ᠪᠤᠢ ᠪᠤᠯᠭᠠᠵᠦ᠂ ᠦᠨᠡᠨᠭᠦ ᠠᠳᠬᠤᠨ ᠪᠤᠳᠠᠳᠠᠢ ᠠᠵᠢᠯᠯᠠᠬᠤ ᠵᠤᠷᠢᠭ | ᠰᠠᠨᠠᠭ᠎ᠠ ᠪᠠᠷ ᠡᠯ᠎ᠠ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠶᠢᠨ ᠪᠦᠭᠦ ᠲᠠᠯ᠎ᠠ ᠪᠠᠷ ᠪᠦᠲᠦᠮᠵᠢᠳᠠᠢ | ᠲᠤᠤᠱᠯᠠᠭᠤᠯᠤᠬᠳᠠᠨ ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠳᠡᠢ ᠬᠡᠪᠡ᠃ | ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠬᠰᠠᠨ ᠦᠪᠡᠷᠳᠡᠭᠡᠨ ᠵᠠᠰᠠᠬᠤ ᠣᠷᠣᠨ ᠤ ᠨᠠᠮ ᠵᠠᠰᠠᠬ ᠴᠡᠷᠢᠭ ᠤᠨ | ᠤᠳᠤᠷᠢᠳᠤᠯᠭ᠎ᠠ ᠳᠤ ᠪᠠᠰᠠ᠂ ᠸᠠᠩ ᠯᠢ ᠰᠢᠶᠠ᠂ ᠯᠢᠤ ᠴᠢ ᠹᠠᠨ᠂ ᠵᠠᠩ ᠶᠤᠸᠠᠨ ᠵᠦᠡᠭ᠂ ᠶᠦᠨ ᠭᠤᠸᠠᠩ ᠵᠦᠡᠭ᠂ | ᠰᠦᠡᠭ ᠯᠢᠶᠠᠩ᠂ ᠪᠠᠢ ᠢᠤᠢ ᠭᠠᠨᠭ᠌᠂ ᠯᠦᠸᠧ ᠶᠦᠡᠭ ᠭᠠᠨᠭ᠌᠂ ᠯᠢᠤ ᠰᠢᠨ ᠯᠧ᠂ ᠸᠠᠩ ᠪᠦᠸᠧ᠂ ᠪᠠᠢ ᠰᠢᠶᠠᠩ | ᠴᠢᠶᠦ᠋ᠨ᠂ ᠴᠠᠩ ᠵᠢᠶᠦ᠋ᠨ ᠵᠸᠡᠭ᠂ ᠴᠧᠨ ᠢᠤᠢ᠂ ᠹᠦ᠋ ᠲᠠᠢ ᠽᠸᠡᠭ᠂ ᠸᠠᠩ ᠵᠦᠡᠭ ᠾᠧ᠂ ᠳ᠋ᠦᠡᠭ ᠾᠸᠡᠭ ᠢᠤᠢ᠂ | ᠵᠸᠡᠭ ᠹᠦ᠋ ᠲᠢᠶᠠᠨ᠂ ᠨᠢᠤ ᠭᠤᠸᠠᠩ ᠮᠢᠩ᠂ ᠴᠠᠩ ᠬᠠᠢ᠂ ᠯᠢᠶᠠᠩ ᠲᠢᠶᠧ ᠴᠸᠡᠭ᠂ ᠸᠠᠩ ᠬᠤᠸᠠᠨ ᠴᠸᠡᠭ᠂ | ᠯᠦᠸᠧ ᡁᠢ ᠬᠤ᠋᠂ ᠵᠠᠩ ᠰᠢᠤ᠂ ᠬᠤ᠋ ᠢ ᠹᠸᠡᠭ᠂ ᠮᠠ ᠶᠦᠡᠭ ᠱᠸᠡᠭ᠂ ᠮᠠ ᠵᠢᠶᠠᠨ ᠬᠠᠢ᠂ ᠰᠢᠶᠤᠤ ᠹᠠᠨᠭ᠌ ᠵᠢᠤᠢ | ᠨᠠᠷ ᠪᠤᠢ᠃ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠬᠠᠤᠯᠢ ᠳᠤ ᠲᠤᠬᠳᠠᠭᠠᠬᠰᠠᠨ ᠰᠤᠯᠠ ᠤᠷᠤᠯᠴᠠᠬᠰᠠᠳ ᠪᠣᠯᠣᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠭᠤᠴᠢᠳᠤᠭᠠᠷ ᠬᠤᠷᠠᠯ ᠠᠴᠠ ᠪᠠᠳᠤᠯᠠᠬᠰᠠᠨ ᠰᠤᠯᠠ ᠤᠷᠤᠯᠴᠠᠬᠰᠠᠳ ᠡᠨᠡ ᠣᠳᠠᠭ᠎ᠠ ᠶᠢᠨ ᠪᠦᠭᠦᠳᠡ | ᠬᠤᠷᠠᠯ ᠳᠤ ᠰᠤᠯᠠ ᠤᠷᠤᠯᠴᠠᠵᠠᠢ᠃ | ᠰᠦᠷ ᠵᠢᠪᠬᠤᠯᠠᠩᠳᠤ ᠤᠯᠤᠰ ᠤᠨ ᠰᠦᠯᠳᠠ ᠲᠠᠭᠤᠤ ᠶᠢᠨ ᠠᠶᠠᠰ ᠲᠤᠮᠳᠠ ᠶᠡᠭᠡ ᠬᠤᠷᠠᠯ ᠢᠯᠠᠯᠳᠠ ᠲᠠᠢ | ᠲᠡᠭᠦᠰᠪᠡ᠃ |