ᠹᠦ᠋ ᠲᠠᠢ ᠽᠧᠩ᠂ ᠸᠠᠩ ᠵᠦᠩ ᠡᠾᠧ ᠨᠥᠬᠦᠷ ᠢ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠳᠤ ᠲᠣᠮᠢᠯᠠᠵᠤ  ᠶᠠᠩ ᠴᠧᠩ ᠸᠠᠩ ᠨᠥᠬᠦᠷ ᠢ ᠳᠡᠳ᠋ ᠲᠡᠷᠢᠭᠦᠯᠡᠭᠴᠢ ᠶᠢᠨ ᠲᠤᠰᠢᠶᠠᠯ ᠠᠴᠠ ᠪᠠᠭᠤᠯᠭᠠᠪᠠ
ᠨᠡᠶᠢᠲᠡᠯᠡᠭᠰᠡᠨ ᠴᠠᠭ᠄
2017/1/19
     1 ᠳ᠋ᠦ᠋ᠭᠡᠷ ᠰᠠᠷ᠎ᠠ ᠶᠢᠨ 17᠎ ᠤ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠪᠡ᠃ ᠬᠤᠷᠠᠯ ᠠᠴᠠ ᠶᠠᠩ ᠴᠧᠩ ᠸᠠᠩ ᠨᠦᠬᠦᠷ ᠤᠨ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠬᠦᠯᠡᠭᠴᠢ᠂ ᠭᠡᠰᠢᠬᠦᠨ ᠤ ᠲᠤᠰᠢᠶᠠᠯ ᠠᠴᠠ ᠪᠠᠨ ᠪᠠᠭᠤᠬᠤ ᠶᠢ ᠵᠦᠪᠰᠢᠶᠡᠷᠡᠬᠦ ᠲᠤᠬᠠᠢ ᠲᠤᠬᠲᠠᠭᠠᠯ᠂ ᠢᠥᠢ ᠸᠧᠨ ᠵᠢᠶᠠᠨ ᠵᠡᠷᠭᠡ ᠨᠦᠬᠦᠷ ᠤᠨ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠬᠦᠨ ᠤ ᠲᠤᠰᠢᠶᠠᠯ ᠠᠴᠠ ᠪᠠᠨ ᠪᠠᠭᠤᠬᠤ ᠶᠢ ᠵᠦᠪᠰᠢᠶᠡᠷᠡᠬᠦ ᠲᠤᠬᠠᠢ ᠲᠤᠬᠲᠠᠭᠠᠯ ᠢ ᠬᠢᠨᠠᠨ ᠵᠦᠪᠯᠡᠨ ᠪᠠᠲᠤᠯᠠᠵᠠᠢ᠃ ᠨᠡᠷ᠎ᠡ ᠲᠡᠮᠳᠡᠭᠯᠡᠬᠦ ᠦᠬᠡᠢ ᠪᠠᠷ ᠪᠢᠯᠧᠲ ᠦᠭᠬᠦ ᠠᠷᠭ᠎ᠠ ᠪᠠᠷ᠂ ᠹᠦ᠋ ᠲᠠᠢ ᠽᠧᠩ᠂ ᠸᠠᠩ ᠵᠦᠩ ᠡᠾᠧ ᠨᠦᠬᠦᠷ ᠢ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠬᠦᠯᠡᠭᠴᠢ ᠪᠠᠷ ᠰᠤᠩᠭᠤᠵᠦ᠂ ᠸᠠᠩ ᠶᠦᠩ ᠡᠾᠧ᠂ ᠹᠧᠩ ᠶᠢᠥ ᠡᠸ᠋ᠨ᠂ ᠯᠠᠨ ᠡᠸ᠋ᠨ ᠬᠤᠸᠠ᠂ ᠡᠥ ᠵᠢᠶᠠᠨ ᠭᠠᠩ᠂ ᠯᠢ ᠶᠠ᠂ ᠵᠠᠩ ᠱᠸᠥ ᠰᠢᠶᠤᠤ᠂ ᠵᠠᠩ ᠵᠢᠶᠠᠨ ᠬᠤᠸᠠ᠂ ᠵᠸᠤ ᠯᠢ ᠮᠢᠩ᠂ ᠭᠤᠮᠪᠤᠵᠠᠪ᠂ ᠬᠠᠨ ᠱᠢ ᠬᠤᠸᠠ᠂ ᠰᠢᠶᠧ ᠰᠢᠶᠠᠨ ᠲᠤᠸᠠᠨ ᠨᠦᠬᠦᠷ ᠢ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠬᠦᠨ ᠢᠶᠠᠷ ᠰᠤᠩᠭᠤᠪᠠ᠃      ᠹᠦ᠋ ᠲᠠᠢ ᠽᠧᠩ ᠨᠥᠬᠦᠷ ᠤᠨ ᠲᠣᠪᠴᠢ ᠨᠠᠮᠲᠠᠷ᠄      ᠹᠦ᠋ ᠲᠠᠢ ᠽᠧᠩ᠂ ᠡᠷᠡᠭᠳᠠᠢ᠂ ᠬᠢᠳᠠᠳ ᠦᠨᠳᠦᠰᠦᠳᠡᠨ᠂ 1956 ᠤᠨ ᠤ 9 ᠰᠠᠷ᠎ᠠ ᠳᠤ ᠲᠦᠷᠦᠪᠡ᠂ ᠯᠢᠶᠤᠤᠨᠢᠩ ᠮᠤᠵᠢ ᠶᠢᠨ ᠾᠧᠶᠢᠱᠠᠨ ᠤ ᠬᠦᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠠᠵᠤ ᠠᠬᠤᠢ ᠶᠢᠨ ᠤᠬᠠᠭᠠᠨ ᠤ ᠳ᠋ᠤᠺᠲ᠋ᠤᠷ᠂ 1985 ᠤᠨ ᠤ 12 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠤ᠂ 1976 ᠤᠨ ᠤ 7 ᠳ᠋ᠤᠭᠠᠷ ᠰᠠᠷ᠎ᠠ ᠳᠤ ᠠᠵᠢᠯ ᠳᠤ ᠤᠷᠤᠯᠴᠠᠪᠠ᠃      ᠤᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠳᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠢᠨ ᠳᠤᠰᠢᠶᠠᠯ ᠢ ᠬᠠᠷᠢᠭᠤᠴᠠᠵᠤ ᠪᠤᠢ᠃     1976.07 — 1978.10 ᠯᠢᠶᠤᠤᠨᠢᠩ ᠮᠤᠵᠢ ᠶᠢᠨ ᠹᠦᠰᠢᠨ ᠤ ᠮᠤᠩᠭᠤᠯ ᠦᠨᠳᠦᠰᠦᠳᠡᠨ ᠤ ᠦᠪᠡᠷᠳᠡᠭᠡᠨ ᠵᠠᠰᠠᠬᠤ ᠰᠢᠶᠠᠨ ᠤ ᠯᠤᠤ ᠱᠠ ᠲᠦ᠋ ᠨᠢᠭᠡᠳᠦᠯ ᠳᠤ ᠰᠠᠭᠡᠭᠡᠳᠡᠨ ᠢᠶᠠᠷ ᠪᠠᠭᠤᠨ ᠠᠵᠢᠯᠯᠠᠪᠠ      1978.10 — 1982.08 ᠯᠢᠶᠤᠤᠨᠢᠩ ᠮᠤᠵᠢ ᠶᠢᠨ ᠡᠳ᠋ ᠤᠨ ᠵᠠᠰᠠᠭ ᠠᠵᠤ ᠠᠬᠤᠢ ᠶᠢᠨ ᠳᠡᠭᠡᠳᠤ ᠰᠤᠷᠭᠠᠭᠤᠯᠢ ᠶᠢᠨ ᠡᠳ᠋ ᠤᠨ ᠵᠠᠰᠠᠭ ᠮᠦᠩᠭᠦᠨ ᠬᠦᠢᠯᠭᠡᠭᠡᠨ ᠤ ᠰᠠᠯᠪᠤᠷᠢ ᠳᠤ ᠡᠳ᠋ ᠤᠨ ᠵᠠᠰᠠᠭ ᠤᠨ ᠳᠤᠰᠬᠠᠢ ᠮᠡᠷᠭᠡᠵᠢᠯ ᠢᠶᠠᠷ ᠰᠤᠷᠤᠯᠴᠠᠪᠠ      1982.08 — 1984.08 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠳᠢᠩᠬᠢᠮ ᠤᠨ ᠡᠳ᠋ ᠤᠨ ᠵᠠᠰᠠᠭ ᠤᠨ ᠰᠢᠨᠵᠢᠯᠠᠭᠦ ᠤᠬᠠᠭᠠᠨ ᠤ ᠰᠤᠳᠤᠯᠭᠠᠨ ᠤ ᠭᠠᠵᠠᠷ ᠤᠨ ᠺᠠᠳ᠋ᠷ ᠢᠶᠠᠷ ᠠᠵᠢᠯᠯᠠᠪᠠ      1984.08 — 1989.03 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠡᠳ᠋ ᠤᠨ ᠵᠠᠰᠠᠭ ᠤᠨ ᠳᠢᠩᠬᠢᠮ ᠤᠨ ᠲᠦᠰᠦᠪ ᠤᠨ ᠭᠠᠵᠠᠷ ᠤᠨ ᠺᠠᠳ᠋ᠷ᠂ ᠡᠷᠬᠢᠯᠡᠭᠴᠢ ᠬᠡᠰᠢᠬᠦᠴᠢ ᠪᠠᠶᠢᠪᠠ      1989.03 — 1989.11 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠡᠳ᠋ ᠤᠨ ᠵᠠᠰᠠᠭ ᠤᠨ ᠳᠢᠩᠬᠢᠮ ᠤᠨ ᠳᠠᠷᠢᠶᠠᠯᠠᠩ ᠮᠠᠯ ᠠᠵᠤ ᠠᠬᠤᠢ ᠶᠢᠨ ᠭᠠᠶᠢᠯᠢ ᠳᠠᠳᠠᠪᠤᠷᠢ ᠶᠢᠨ ᠬᠠᠮᠢᠶᠠᠷᠤᠯᠳᠠ ᠶᠢᠨ ᠭᠠᠵᠠᠷ ᠤᠨ ᠳᠡᠳ᠋ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ      1989.11 — 1991.07 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠡᠳ᠋ ᠤᠨ ᠵᠠᠰᠠᠭ ᠤᠨ ᠳᠢᠩᠬᠢᠮ ᠤᠨ ᠲᠦᠰᠦᠪ ᠤᠨ ᠭᠠᠵᠠᠷ ᠤᠨ ᠳᠡᠳ᠋ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ      1991.07 — 1994.01 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠡᠳ᠋ ᠤᠨ ᠵᠠᠰᠠᠭ ᠤᠨ ᠳᠢᠩᠬᠢᠮ ᠤᠨ ᠲᠦᠰᠦᠪ ᠤᠨ ᠭᠠᠵᠠᠷ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ      1994.01 — 1996.06 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠡᠳ᠋ ᠤᠨ ᠵᠠᠰᠠᠭ ᠤᠨ ᠳᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠦᠰᠦᠪ ᠤᠨ ᠭᠠᠵᠠᠷ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ      1996.06 — 2001.09 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠡᠳ᠋ ᠤᠨ ᠵᠠᠰᠠᠭ ᠤᠨ ᠳᠢᠩᠬᠢᠮ ᠤᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ︵ᠡᠨᠡ ᠬᠤᠭᠤᠴᠠᠭᠠᠨ ᠳᠤ᠄ 1997.09 — 1998.01 ᠲᠦᠪ ᠤᠨ ᠨᠠᠮ ᠤᠨ ᠰᠤᠷᠭᠠᠭᠤᠯᠢ ᠶᠢᠨ ᠳᠠᠪᠳᠠᠨ ᠪᠤᠯᠪᠠᠰᠤᠷᠠᠬᠤ ᠬᠡᠯᠳᠡᠰ ᠤᠨ ᠳᠠᠪᠳᠠᠨ ᠪᠤᠯᠪᠠᠰᠤᠷᠠᠬᠤ ᠬᠤᠶᠠᠳᠤᠭᠠᠷ ᠠᠩᠬᠢ ᠳᠤ ᠰᠤᠷᠤᠯᠴᠠᠪᠠ︔ 1995.11 — 1997.11 ᠡᠳ᠋ ᠤᠨ ᠵᠠᠰᠠᠬ ᠤᠨ ᠶᠠᠮᠤᠨ ᠤ ᠡᠳ᠋ ᠤᠨ ᠵᠠᠰᠠᠬ ᠤᠨ ᠰᠢᠨᠵᠢᠯᠡᠭᠦ ᠤᠬᠠᠭᠠᠨ ᠤ ᠰᠤᠳᠤᠯᠭᠠᠨ ᠤ ᠭᠠᠵᠠᠷ ᠤᠨ ᠠᠰᠫᠢᠷᠠᠨᠲ ᠤᠨ ᠬᠡᠯᠳᠡᠰ ᠲᠤ ᠡᠳ᠋ ᠤᠨ ᠵᠠᠰᠠᠭ ᠤᠨ ᠳᠤᠰᠬᠠᠢ ᠮᠡᠷᠭᠡᠵᠢᠯ ᠤᠨ ᠠᠰᠫᠢᠷᠠᠨᠲ ᠤᠨ ᠳᠠᠪᠳᠠᠨ ᠪᠤᠯᠪᠠᠰᠤᠷᠠᠬᠤ ᠠᠩᠬᠢ ᠳᠤ ᠰᠤᠷᠤᠯᠴᠠᠪᠠ︶      2001.09 — 2005.01 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠡᠳ᠋ ᠤᠨ ᠵᠠᠰᠠᠭ ᠤᠨ ᠳᠢᠩᠬᠢᠮ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠳᠤᠰᠢᠶᠠᠯ ᠢ ᠬᠠᠷᠢᠭᠤᠴᠠᠵᠤ ᠪᠠᠶᠢᠪᠠ      2005.01 — 2006.09 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠳᠤᠰᠢᠶᠠᠯ ᠢ ᠬᠠᠷᠢᠭᠤᠴᠠᠵᠤ ᠪᠠᠶᠢᠵᠠᠢ ︵2003.09 — 2006.07 ᠵᠡᠭᠦᠨ ᠬᠤᠶᠢᠳᠤ ᠶᠢᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠳᠤ ᠡᠳ᠋ ᠤᠨ ᠵᠠᠰᠠᠭ ᠤᠨ ᠳᠤᠰᠬᠠᠢ ᠮᠡᠷᠭᠡᠵᠢᠯ ᠢᠶᠠᠷ ᠰᠤᠷᠤᠯᠴᠠᠵᠤ᠂ ᠠᠵᠤ ᠠᠬᠤᠢ ᠶᠢᠨ ᠳ᠋ᠤᠺᠲ᠋ᠤᠷᠠᠨᠲ ᠤᠨ ᠡᠷᠳᠡᠮ ᠤᠨ ᠴᠤᠯᠠ ᠬᠠᠮᠠᠭᠠᠯᠠᠪᠠ︶      2006.09 — 2006.11 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ︵ᠵᠢᠩᠬᠢᠨᠢ ᠳᠢᠩᠬᠢᠮ ᠤᠨ ᠳᠡᠰ︶᠎ ᠶᠢᠨ ᠳᠤᠰᠢᠶᠠᠯ ᠢ ᠬᠠᠷᠢᠭᠤᠴᠠᠵᠤ ᠪᠠᠶᠢᠪᠠ      2006.11 — 2012.02 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠠᠯᠪᠠᠨ ᠳᠢᠩᠬᠢᠮ ᠤᠨ ᠡᠷᠬᠢᠯᠡᠭᠴᠢ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠱᠦᠵᠢ ︵ᠬᠠᠪᠰᠤᠷᠭᠠᠭᠰᠠᠨ︶᠎ ᠶᠢᠨ ᠳᠤᠰᠢᠶᠠᠯ ᠢ ᠬᠠᠷᠢᠭᠤᠴᠠᠵᠤ ᠪᠠᠶᠢᠪᠠ      2012.02 — 2015.01 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠱᠦᠵᠢ ︵ᠬᠠᠪᠰᠤᠷᠭᠠᠭᠰᠠᠨ︶᠎ ᠶᠢᠨ ᠳᠤᠰᠢᠶᠠᠯ ᠢ ᠬᠠᠷᠢᠭᠤᠴᠠᠵᠤ ᠪᠠᠶᠢᠪᠠ      2015.01 — 2016.10 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠦᠪᠦᠷ ᠮᠤᠩᠭᠤᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠵᠠᠬᠢᠷᠣᠯ ᠤᠨ ᠳᠤᠰᠢᠶᠠᠯ ᠢ ᠬᠠᠷᠢᠭᠤᠴᠠᠵᠤ ᠪᠠᠶᠢᠪᠠ      2016.10 — 2016.11 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠦᠪᠦᠷ ᠮᠤᠩᠭᠤᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠵᠠᠬᠢᠷᠣᠯ ᠤᠨ ᠲᠣᠰᠢᠶᠠᠯ ᠢ ᠬᠠᠷᠢᠭᠤᠴᠠᠵᠤ ᠪᠠᠶᠢᠪᠠ      2016.11 — 2016.12 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ      2016.12 — 2017.01 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠢᠨ ᠳᠤᠰᠢᠶᠠᠯ ᠢ ᠬᠠᠷᠢᠭᠤᠴᠠᠵᠤ ᠪᠠᠶᠢᠪᠠ      2017.01 — ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠳᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ     ᠸᠠᠩ ᠵᠦᠩ ᠾᠧ ᠨᠥᠬᠦᠷ ᠤᠨ ᠲᠣᠪᠴᠢ ᠨᠠᠮᠲᠠᠷ      ᠸᠠᠩ ᠵᠦᠩ ᠾᠧ᠂ ᠡᠷᠡᠭᠳᠠᠢ᠂ ᠬᠢᠳᠠᠳ ᠦᠨᠳᠦᠰᠦᠳᠡᠨ᠂ 1957 ᠤᠨ ᠤ 9 ᠰᠠᠷ᠎ᠠ ᠳᠤ ᠲᠦᠷᠦᠪᠡ᠂ ᠦᠪᠦᠷ ᠮᠤᠩᠭᠤᠯ ᠤᠨ ᠯᠢᠨᠰᠢ ᠰᠢᠶᠠᠨ ᠤ ᠬᠦᠮᠦᠨ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ 1981 ᠤᠨ ᠤ 10 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠤ᠂ 1975 ᠤᠨ ᠤ 9 ᠳ᠋ᠦ᠋ᠭᠡᠷ ᠰᠠᠷ᠎ᠠ ᠳᠤ ᠠᠵᠢᠯ ᠳᠤ ᠤᠷᠤᠯᠴᠠᠪᠠ᠃      ᠤᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠳᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠃      1975.09 — 1978.03 ᠯᠢᠶᠤᠤᠨᠢᠩ ᠮᠤᠵᠢ ᠶᠢᠨ ᠯᠢᠨᠰᠢ ᠰᠢᠶᠠᠨ ᠤ ᠳᠠᠪᠢᠨ ᠭᠡᠷ ᠨᠢᠭᠡᠳᠦᠯ ᠤᠨ ᠬᠦ᠋ ᠢᠤᠢ ᠱᠦ ᠰᠤᠷᠭᠠᠭᠤᠯᠢ ᠶᠢᠨ ᠤᠷᠤᠯᠠᠭᠴᠢ ᠪᠠᠭᠰᠢ ᠢᠶᠠᠷ ᠠᠵᠢᠯᠯᠠᠪᠠ      1978.03 — 1979.07 ᠤᠯᠠᠭᠠᠨᠬᠠᠳᠠ ᠬᠤᠳᠠ ᠶᠢᠨ ᠪᠠᠭᠰᠢ ᠶᠢᠨ ᠰᠤᠷᠭᠠᠭᠤᠯᠢ ᠳᠤ ᠬᠢᠳᠠᠳ ᠬᠡᠯᠡᠨ ᠤ ᠳᠤᠰᠬᠠᠢ ᠮᠡᠷᠭᠡᠵᠢᠯ ᠢᠶᠠᠷ ᠰᠤᠷᠤᠯᠴᠠᠪᠠ      1979.07 — 1980.08 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠯᠢᠨᠰᠢ ᠰᠢᠶᠠᠨ ᠤ ᠳᠠᠪᠢᠨ ᠬᠡᠷ ᠳᠤᠮᠳᠠᠳᠤ ᠰᠤᠷᠭᠠᠭᠤᠯᠢ ᠳᠤ ᠪᠠᠭᠰᠢᠯᠠᠪᠠ      1980.08 — 1981.09 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠯᠢᠨᠰᠢ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠪᠠᠭᠰᠢᠯᠠᠪᠠ      1981.09 — 1984.02 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠯᠢᠨᠰᠢ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠠᠵᠢᠯᠯᠠᠬᠴᠢ ᠪᠠᠷ ᠠᠵᠢᠯᠯᠠᠪᠠ      1984.02 — 1986.05 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠯᠢᠨᠰᠢ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠵᠤ ᠪᠠᠶᠢᠪᠠ ︵1982.09 — 1985.07 ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠵᠠᠬᠢᠳᠠᠯ ᠢᠶᠠᠷ ᠰᠤᠷᠬᠤ ᠬᠢᠳᠠᠳ ᠬᠡᠯᠡᠨ ᠤ ᠳᠤᠰᠬᠠᠢ ᠮᠡᠷᠭᠡᠵᠢᠯ ᠢᠶᠠᠷ ᠰᠤᠷᠤᠯᠴᠠᠪᠠ︶      1986.05 — 1987.08 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠳᠤᠮᠳᠠ ᠵᠡᠷᠭᠡ ᠶᠢᠨ ᠳᠤᠰᠬᠠᠢ ᠮᠡᠷᠭᠡᠵᠢᠯ ᠤᠨ ᠬᠡᠯᠳᠡᠰ ᠤᠨ ᠳᠡᠳ᠋ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠵᠤ ᠪᠠᠶᠢᠪᠠ        1987.08 — 1987.09 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠯᠢᠨᠰᠢ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠳᠡᠳ᠋ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ      1987.09 — 1992.06 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠯᠢᠨᠰᠢ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ      1992.06 — 1996.05 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠯᠢᠨᠰᠢ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠳᠤᠰᠢᠶᠠᠯ ᠢ ᠬᠠᠷᠢᠭᠤᠴᠠᠵᠤ ᠪᠠᠶᠢᠪᠠ ︵ᠡᠨᠡ ᠬᠤᠭᠤᠴᠠᠭᠠᠨ ᠳᠤ᠄ 1995.04 — 1995. 06 ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷ ᠤᠨ ᠪᠤᠯᠪᠠᠰᠤᠷᠠᠯ ᠤᠨ ᠠᠩᠬᠢ ᠳᠤ ᠰᠤᠷᠤᠯᠴᠠᠪᠠ︶      1996.05 — 1998.03 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠯᠢᠨᠰᠢ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠳᠤᠰᠢᠶᠠᠯ ᠢ ᠬᠠᠷᠢᠭᠤᠴᠠᠵᠤ ᠪᠠᠶᠢᠪᠠ      1998.03 — 1998.10 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠬᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ      1998.10 — 2001.12 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ      2001.12 — 2005.11 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠨᠡᠮ ᠤᠨ ᠬᠤᠷᠢᠶ᠎ᠠ ᠶᠢᠨ ᠳᠡᠳ᠋ ᠱᠦᠵᠢ ᠶᠢᠨ ᠳᠤᠰᠢᠶᠠᠯ ᠢ ᠬᠠᠷᠢᠭᠤᠴᠠᠵᠤ ᠪᠠᠶᠢᠪᠠ ︵2000.08 — 2002.12 ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠠᠩᠬᠢ ᠳᠤ ᠠᠵᠤ ᠠᠬᠤᠢ ᠶᠢᠨ ᠬᠠᠮᠢᠶᠠᠷᠤᠯᠳᠠ ᠶᠢᠨ ᠳᠤᠰᠬᠠᠢ ᠮᠡᠷᠭᠡᠵᠢᠯ ᠢᠶᠠᠷ ᠰᠤᠷᠤᠯᠴᠠᠪᠠ︔ 2001.05 — 2001.11 ᠨᠠᠮ ᠤᠨ ᠲᠦᠪ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠵᠤᠬᠢᠶᠠᠨ ᠪᠠᠶᠢᠭᠤᠯᠬᠤ ᠳᠤᠪᠴᠢᠶ᠎ᠠ ᠶᠢᠨ ᠳᠡᠳ᠋ ᠳᠠᠷᠤᠭ᠎ᠠ ᠶᠢᠨ ᠳᠤᠰᠢᠶᠠᠯ ᠢ ᠡᠭᠦᠷᠭᠡᠯᠡᠪᠡ︶      2005.11 — 2007.03 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ        2007.03 — 2008.01 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠨᠠᠷᠢᠨ ᠪᠢᠴᠢᠭ ᠤᠨ ᠲᠠᠷᠤᠭ᠎ᠠ ︵ᠵᠢᠩᠬᠢᠨᠢ ᠲᠢᠩᠬᠢᠮ ᠤᠨ ᠲᠡᠰ︶᠎ ᠶᠢᠨ ᠲᠣᠰᠢᠶᠠᠯ ᠢ ᠬᠠᠷᠢᠭᠤᠴᠠᠵᠦ ᠪᠠᠶᠢᠪᠠ      2008.01 — 2008.02 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠲᠡᠳ᠋ ᠲᠠᠷᠤᠭ᠎ᠠ ︵ᠵᠢᠩᠬᠢᠨᠢ ᠲᠢᠩᠬᠢᠮ ᠤᠨ ᠲᠡᠰ︶᠎ ᠶᠢᠨ ᠲᠣᠰᠢᠶᠠᠯ ᠢ ᠬᠠᠷᠢᠭᠤᠴᠠᠵᠦ ᠪᠠᠶᠢᠪᠠ      2008.02 — 2011.01 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ ︵ᠡᠨᠡ ᠬᠤᠭᠤᠴᠠᠭᠠᠨ ᠳᠤ᠄ 2010 .09 — 2011.01 ᠲᠦᠪ ᠤᠨ ᠨᠠᠮ ᠤᠨ ᠰᠤᠷᠭᠠᠭᠤᠯᠢ ᠶᠢᠨ ᠳᠠᠪᠳᠠᠨ ᠪᠤᠯᠪᠠᠰᠤᠷᠠᠬᠤ ᠬᠡᠯᠳᠡᠰ ᠤᠨ ᠳᠠᠪᠳᠠᠨ ᠪᠤᠯᠪᠠᠰᠤᠷᠠᠬᠤ ᠨᠢᠭᠡᠳᠦᠭᠡᠷ ᠠᠩᠬᠢ — ᠬᠤᠷᠢ ᠶᠢᠰᠦᠳᠦᠭᠡᠷ ᠬᠤᠭᠤᠴᠠᠭᠠᠨ ᠤ ᠢᠳᠡᠷ ᠵᠠᠯᠠᠭᠤ ᠺᠠᠳ᠋ᠷ ᠤᠨ ᠪᠤᠯᠪᠠᠰᠤᠷᠠᠯ ᠤᠨ ᠠᠩᠬᠢ ᠳᠤ ᠰᠤᠷᠤᠯᠴᠠᠪᠠ︶      2011.01 — 2013.01 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠳᠤᠰᠢᠶᠠᠯ ᠢ ᠬᠠᠷᠢᠭᠤᠴᠠᠵᠤ ᠪᠠᠶᠢᠪᠠ      2013.01 — 2013.08 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠳᠤᠰᠢᠶᠠᠯ ᠢ ᠬᠠᠷᠢᠭᠤᠴᠠᠵᠤ ᠪᠠᠶᠢᠪᠠ      2013.08 — 2016.11 ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠪᠤᠭᠤᠳᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠳᠤᠰᠢᠶᠠᠯ ᠢ ᠬᠠᠷᠢᠭᠤᠴᠠᠵᠤ ᠪᠠᠶᠢᠪᠠ      2016.11 — 2017.01 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ      2017.01 — ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠳᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠬᠡᠰᠢᠭᠦᠨ  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号